ᠲᠥᠪ ᠬᠤᠲᠠ ᠬᠥᠳᠡᠭᠡ ᠲᠣᠰᠬᠤᠨ ᠤ ᠢᠳᠡᠭᠡᠨ ᠤ ᠠᠮᠤᠷ ᠲᠦᠪᠰᠢᠨ ᠳᠤ ᠲᠤᠰᠬᠠᠢ ᠴᠡᠭᠴᠡᠯᠡᠨ ᠵᠠᠰᠠᠯᠲᠠ ᠬᠢᠪᠡ
ᠨᠡᠶᠢᠲᠡᠯᠡᠭᠰᠡᠨ ᠴᠠᠭ᠄
2020/9/28
        ︵ᠰᠤᠷᠪᠤᠯᠵᠢᠯᠠᠭᠴᠢ ᠯᠢᠦ ᠹᠠᠩ︶ 9 ᠳ᠋ᠦ᠋ᠭᠡᠷ ᠰᠠᠷ᠎ᠠ ᠶᠢᠨ 27 ᠤ ᠡᠳᠦᠷ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠣᠳᠣ ᠠᠴᠠ ᠡᠬᠢᠯᠡᠵᠦ ᠭᠤᠷᠪᠠ ᠰᠠᠷ᠎ᠠ ᠶᠢᠨ ᠬᠤᠭᠤᠴᠠᠭ᠎ᠠ ᠲᠠᠢ ᠬᠥᠳᠡᠭᠡ ᠲᠣᠰᠬᠤᠨ ᠤ ᠢᠳᠡᠭᠡᠨ ᠤ ᠠᠮᠤᠷ ᠲᠦᠪᠰᠢᠨ ᠤ ᠲᠤᠰᠬᠠᠢ ᠲᠥᠷᠥᠯ ᠤᠨ ᠴᠡᠭᠴᠡᠯᠡᠨ ᠵᠠᠰᠠᠯᠲᠠ ᠶᠢᠨ ᠠᠵᠢᠯᠯᠠᠭ᠎ᠠ ᠥᠷᠨᠢᠭᠦᠯᠵᠦ᠂ ᠬᠥᠳᠡᠭᠡ ᠲᠣᠰᠬᠤᠨ ᠤ ᠢᠳᠡᠭᠡᠨ ᠤ ᠠᠮᠤᠷ ᠲᠦᠪᠰᠢᠨ ᠳᠤ ᠪᠦᠬᠦ ᠶᠠᠪᠤᠴᠠ᠂ ᠪᠦᠬᠦ ᠬᠡᠯᠬᠢᠶᠡᠨ ᠤ ᠬᠢᠨᠠᠯᠲᠠ ᠬᠠᠮᠢᠶᠠᠷᠤᠯᠲᠠ ᠶᠠᠪᠤᠭᠤᠯᠬᠤ ᠪᠣᠯᠣᠨ᠎ᠠ᠃       ᠣᠶᠢᠯᠠᠭᠠᠭᠰᠠᠨ ᠢᠶᠠᠷ᠂ ᠲᠤᠰᠬᠠᠢ ᠲᠥᠷᠥᠯ ᠤᠨ ᠴᠡᠭᠴᠡᠯᠡᠨ ᠵᠠᠰᠠᠬᠤ ᠠᠵᠢᠯᠯᠠᠭᠠᠨ ᠤ ᠬᠤᠭᠤᠴᠠᠭᠠᠨ ᠳᠤ᠂ ᠦᠨᠡᠮᠯᠡᠯ ᠦᠭᠡᠢ ᠪᠠᠷ ᠢᠳᠡᠭᠡᠨ ᠦᠢᠯᠡᠳᠪᠦᠷᠢᠯᠡᠬᠦ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠬᠡᠵᠦ᠂ ᠠᠬᠤᠢ ᠲᠠᠯᠠᠪᠠᠢ ᠳᠤ ᠪᠠᠶᠢᠴᠠᠭᠠᠯᠲᠠ ᠬᠢᠬᠦ ᠪᠠ ᠶᠠᠰᠤ ᠴᠢᠨᠠᠷ ᠢ ᠰᠤᠭᠤᠴᠢᠨ ᠪᠠᠶᠢᠴᠠᠭᠠᠬᠤ ᠬᠦᠴᠦᠯᠡᠴᠡ ᠪᠠᠨ ᠴᠢᠩᠭᠠᠳᠬᠠᠨ᠂ ᠬᠤᠯᠢᠰᠢ ᠬᠤᠯᠢᠵᠤ ᠬᠠᠭᠤᠷᠮᠠᠭ ᠵᠣᠬᠢᠶᠠᠭᠰᠠᠨ᠂ ︽ᠬᠤᠶᠠᠷ ᠬᠡᠲᠦᠷᠡᠵᠦ ᠨᠢᠭᠡ ᠬᠠᠤᠯᠢ ᠪᠤᠰᠤ︾᠂ ᠳᠠᠬᠢᠵᠤ ᠬᠤᠷᠢᠶᠠᠭᠰᠠᠨ ᠢᠳᠡᠭᠡᠨ ᠪᠤᠶᠤ ᠬᠤᠭᠤᠴᠠᠭ᠎ᠠ ᠨᠢ ᠥᠩᠭᠡᠷᠡᠭᠰᠡᠨ ᠲᠦᠭᠦᠬᠡᠢ ᠮᠠᠲ᠋ᠧᠷᠢᠶᠠᠯ ᠵᠢᠴᠢ ᠮᠢᠺᠷᠣᠪ ᠲᠤ ᠪᠣᠬᠢᠷᠲᠤᠭᠰᠠᠨ ᠮᠠᠲ᠋ᠧᠷᠢᠶᠠᠯ ᠢᠶᠠᠷ ᠢᠳᠡᠭᠡᠨ ᠤ ᠲᠦᠭᠦᠬᠡᠢ ᠡᠳ᠋ ᠪᠠ ᠲᠤᠰᠠᠯᠠᠬᠤ ᠮᠠᠲ᠋ᠧᠷᠢᠶᠠᠯ ᠪᠣᠯᠭᠠᠭᠰᠠᠨ᠂ ᠬᠤᠳᠠᠯ ᠲᠡᠮᠳᠡᠭ ᠲᠠᠯᠪᠢᠭᠰᠠᠨ ᠵᠡᠷᠭᠡ ᠬᠠᠤᠯᠢ ᠪᠤᠰᠤ ᠠᠵᠢᠯᠯᠠᠭ᠎ᠠ ᠳᠤ ᠬᠦᠨᠳᠦ ᠴᠣᠬᠢᠯᠲᠠ ᠥᠭᠭᠦᠨ᠎ᠡ︔ᠢᠳᠡᠭᠡᠨ ᠤ ᠭᠦᠢᠯᠭᠡᠭᠡᠨ ᠤ ᠭᠤᠭᠴᠣᠭᠠᠨ ᠳᠤ᠂ ᠬᠥᠳᠡᠭᠡ ᠲᠣᠰᠬᠤᠨ ᠳᠤ ᠬᠠᠨᠳᠤᠭᠤᠯᠤᠭᠰᠠᠨ ᠪᠥᠭᠡᠮ ᠢᠶᠠᠷ ᠪᠣᠷᠣᠯᠠᠭᠤᠯᠬᠤ ᠵᠠᠬ᠎ᠠ ᠳᠡᠯᠭᠡᠭᠦᠷ᠂ ᠡᠵᠡᠩᠨᠡᠭᠴᠢ ᠪᠠᠷ ᠭᠤᠣᠯ ᠡᠵᠡᠩᠨᠡᠯᠲᠡ ᠶᠢᠨ ᠪᠠᠶᠢᠳᠠᠯ ᠪᠣᠯᠭᠠᠨ ᠴᠡᠪᠡᠷᠯᠡᠨ ᠪᠠᠶᠢᠴᠠᠭᠠᠵᠤ᠂ ᠡᠷᠦᠬᠡ ᠳᠠᠷᠠᠭᠠᠯᠠᠨ ︽ᠢᠳᠡᠭᠡᠨ ᠢ ᠪᠣᠷᠣᠯᠠᠭᠤᠯᠬᠤ ᠬᠢᠨᠠᠯᠲᠠ ᠬᠠᠮᠢᠶᠠᠷᠤᠯᠲᠠ ᠶᠢᠨ ᠳᠠᠩᠰᠠ ᠡᠪᠬᠡᠮᠡᠯ︾ ᠪᠠᠶᠢᠭᠤᠯᠵᠤ᠂ ᠰᠠᠭᠤᠷᠢ ᠲᠤᠭ᠎ᠠ ᠶᠢ ᠡᠵᠡᠮᠰᠢᠨ᠂ ᠭᠤᠣᠯᠳᠠᠯᠭ᠎ᠠ ᠲᠠᠢ ᠡᠵᠡᠩᠨᠡᠯᠲᠡ ᠶᠢᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠬᠤ ᠪᠠ ᠰᠤᠭᠤᠴᠢᠨ ᠪᠠᠶᠢᠴᠠᠭᠠᠬᠤ ᠪᠠᠨ ᠴᠢᠩᠭᠠᠳᠬᠠᠨ᠎ᠠ︔  ᠠᠵᠢᠯᠲᠠᠨ ᠡᠷᠡᠭᠦᠯ ᠮᠡᠨᠳᠦ ᠶᠢᠨ ᠭᠡᠷᠡᠴᠢ ᠪᠠᠨ  ᠪᠠᠷᠢᠵᠤ ᠠᠵᠢᠯᠯᠠᠵᠤ ᠪᠠᠶᠢᠭ᠎ᠠ ᠪᠠ ᠡᠳᠦᠷ ᠪᠦᠷᠢ ᠶᠢᠨ ᠥᠷᠯᠥᠭᠡ ᠶᠢᠨ ᠪᠠᠶᠢᠴᠠᠭᠠᠯᠲᠠ ᠶᠢᠨ ᠳᠦᠷᠢᠮ ᠢ ᠬᠡᠷᠡᠭᠵᠢᠬᠦᠯᠵᠦ ᠪᠠᠶᠢᠭ᠎ᠠ ᠪᠠᠶᠢᠳᠠᠯ ᠢ ᠪᠠᠶᠢᠴᠠᠭᠠᠵᠤ᠂ ᠢᠳᠡᠭᠡᠨ ᠤ ᠲᠦᠭᠦᠬᠡᠢ ᠮᠠᠲ᠋ᠧᠷᠢᠶᠠᠯ ᠤᠨ ᠭᠡᠷᠡᠴᠢ ᠪᠠᠷᠢᠮᠲᠠ  ᠦᠯᠡᠳᠡᠭᠡᠵᠦ ᠠᠪᠬᠤ᠂ ᠬᠠᠳᠠᠭᠠᠯᠠᠬᠤ᠂ ᠡᠳ᠋ᠰᠢᠭᠦᠯᠬᠦ᠂ ᠬᠤᠭᠤᠯᠠᠨ ᠤ ᠪᠠᠭᠠᠵᠢ ᠬᠡᠷᠡᠭᠰᠡᠯ ᠢ ᠤᠬᠢᠶᠠᠵᠤ ᠠᠷᠢᠭᠤᠳᠬᠠᠬᠤ᠂ ᠠᠵᠢᠯ ᠤᠨ ᠬᠥᠮᠥᠰ ᠤᠨ ᠡᠷᠡᠭᠦᠯ ᠮᠡᠨᠳᠦ ᠶᠢᠨ ᠪᠠᠶᠢᠴᠠᠭᠠᠯᠲᠠ ᠵᠢᠴᠢ ᠬᠦᠢᠲᠡᠨ ᠢᠳᠡᠭᠡᠨ᠂ ᠲᠦᠭᠦᠬᠡᠢ ᠢᠳᠡᠭᠡᠨ ᠢ ᠡᠳ᠋ᠰᠢᠭᠦᠯᠵᠦ ᠪᠣᠯᠪᠠᠰᠤᠷᠠᠭᠤᠯᠬᠤ ᠵᠡᠷᠭᠡ ᠭᠤᠣᠯᠳᠠᠯᠭ᠎ᠠ ᠲᠠᠢ ᠭᠤᠭᠴᠣᠭᠠᠨ ᠳᠠᠬᠢ ᠬᠠᠤᠯᠢ ᠪᠤᠰᠤ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠬᠡᠵᠦ᠂ ᠬᠢᠨᠠᠯᠲᠠ ᠬᠠᠮᠢᠶᠠᠷᠤᠯᠲᠠ ᠶᠢ  ᠦᠨᠴᠦᠭ ᠪᠣᠯᠤᠩ ᠦᠯᠡᠳᠡᠭᠡᠬᠦ ᠦᠭᠡᠢ ᠪᠦᠬᠦᠨ ᠢ ᠪᠦᠷᠬᠦᠭᠦᠯᠦᠨ᠎ᠡ᠃       ᠣᠶᠢᠯᠠᠭᠠᠭᠰᠠᠨ ᠢᠶᠠᠷ᠂ ᠲᠤᠰ ᠤᠳᠠᠭᠠᠨ ᠤ ᠲᠤᠰᠬᠠᠢ ᠴᠡᠭᠴᠡᠯᠡᠨ ᠵᠠᠰᠠᠯᠲᠠ ᠨᠢ ᠵᠢᠵᠢᠭ ᠦᠢᠯᠡᠳᠬᠡᠯ᠂ ᠵᠢᠵᠢᠭ ᠳᠡᠯᠭᠡᠭᠦᠷ᠂ ᠵᠢᠵᠢᠭ ᠮᠠᠶᠢᠮᠠᠢ᠂ ᠪᠠᠭ᠎ᠠ ᠬᠤᠭᠤᠯᠠᠨ ᠭᠡᠷ᠂ ᠪᠠᠭ᠎ᠠ ᠮᠠᠶᠢᠮᠠᠶᠢᠴᠢᠨ ᠵᠡᠷᠭᠡ ᠢᠳᠡᠭᠡᠨ ᠦᠢᠯᠡᠳᠪᠦᠷᠢᠯᠡᠵᠦ ᠡᠵᠡᠩᠨᠡᠬᠦ ᠭᠤᠣᠯ ᠴᠣᠭᠴᠠ ᠪᠠ ᠬᠥᠳᠡᠭᠡ ᠲᠣᠰᠬᠤᠨ ᠳᠤ ᠬᠠᠨᠳᠤᠭᠤᠯᠤᠭᠰᠠᠨ ᠢᠳᠡᠭᠡᠨ ᠢ ᠪᠥᠭᠡᠮ ᠢᠶᠠᠷ ᠪᠣᠷᠣᠯᠠᠭᠤᠯᠬᠤ ᠡᠵᠡᠩᠨᠡᠯᠲᠡ ᠶᠢᠨ ᠭᠤᠣᠯ ᠴᠣᠭᠴᠠ᠂ ᠬᠥᠳᠡᠭᠡ ᠲᠣᠰᠬᠤᠨ ᠤ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠢᠶᠠᠷ ᠭᠤᠣᠯᠳᠠᠯᠭ᠎ᠠ ᠪᠣᠯᠭᠠᠵᠤ᠂ ᠬᠥᠳᠡᠭᠡ ᠲᠣᠰᠬᠤᠨ ᠤ ᠢᠳᠡᠭᠡᠨ ᠤ ᠠᠮᠤᠷ ᠲᠦᠪᠰᠢᠨ ᠤ ᠳᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠴᠢᠷᠮᠠᠶᠢᠨ᠎ᠠ᠃
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ