ᠰᠢᠨ᠎ᠡ ᠬᠤᠲᠠ ᠲᠣᠭᠤᠷᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠬᠢᠵᠢᠭᠦᠯᠬᠦ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠡᠷᠭᠢᠯᠡᠪᠡ
ᠨᠡᠶᠢᠲᠡᠯᠡᠭᠰᠡᠨ ᠴᠠᠭ᠄
2020/9/29
      9 ᠳ᠋ᠦ᠋ᠭᠡᠷ ᠰᠠᠷ᠎ᠠ ᠶᠢᠨ 25 ᠤ ᠡᠳᠦᠷ᠂ ᠰᠢᠨ᠎ᠡ ᠬᠤᠲᠠ ᠲᠣᠭᠤᠷᠢᠭ ᠲᠤᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ︵ᠦᠷᠭᠡᠳᠭᠡᠭᠰᠡᠨ︶ ᠤᠨ 14 ᠳ᠋ᠦ᠋ᠭᠡᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠡᠷᠬᠢᠯᠡᠵᠦ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠫᠷᠤᠹᠤᠰᠰᠤᠷ ᠸᠠᠩ ᠶᠢᠦ ᠰᠢᠩ ᠢ ᠤᠷᠢᠵᠤ ︽ᠦᠨᠳᠦᠰᠦᠲᠡᠨ ᠤ ᠪᠦᠯᠬᠦᠮᠳᠡᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ︾ ᠭᠤᠤᠯ ᠰᠡᠳᠦᠪ ᠤᠨ ᠲᠣᠭᠤᠷᠢᠨ ᠳᠤ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠬᠢᠯᠭᠡᠪᠡ᠃
     ᠸᠠᠩ ᠶᠢᠦ ᠰᠢᠩ ᠫᠷᠣᠫᠧᠰᠰᠤᠷ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠲᠠᠬᠢ ᠳᠤᠲᠤᠨᠤ ᠬᠠᠯᠠᠮᠵᠢᠯᠠᠯ ᠪᠠ ᠴᠢᠩ ᠰᠡᠳᠬᠢᠯ ᠤᠨ ᠨᠠᠶᠢᠳᠠᠯᠭ᠎ᠠ᠂ ᠥᠪᠥᠷ ᠮᠣᠩᠭᠤᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠦᠨᠳᠦᠰᠦᠨ ᠲᠤᠷᠰᠢᠯᠭ᠎ᠠ ᠶᠢ ᠦᠢᠯᠡᠳᠦᠯᠭᠡᠵᠢᠬᠦᠯᠬᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠯ ᠤᠨ ᠠᠮᠢ ᠨᠠᠰᠤᠨ ᠤ ᠱᠤᠭᠤᠮ ᠶᠢ ᠪᠠᠬᠢᠵᠢᠭᠦᠯᠬᠦ ᠵᠡᠷᠭᠡ ᠭᠤᠷᠪᠠᠨ ᠲᠠᠯ᠎ᠠ ᠶᠢᠨ ᠠᠭᠤᠯᠭ᠎ᠠ ᠶᠢᠨ ᠲᠤᠭᠤᠷᠢᠨ ᠳᠤ᠂ ᠮᠠᠨ ᠤ ᠤᠯᠤᠰ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠪᠠ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠨᠵᠡᠭᠡᠶ ᠲᠠᠶᠢᠯᠪᠤᠷᠢᠯᠠᠪᠠ᠃ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠠᠶᠢᠯᠪᠤᠷᠢᠯᠠᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶ᠎ᠠ ᠠᠴᠠ ᠦᠨᠳᠦᠰᠦᠲᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠨᠵᠡᠭᠡᠢ ᠲᠣᠳᠣᠷᠬᠠᠶᠢᠯᠠᠨ ᠥᠭᠦᠯᠡᠪᠡ᠃ ᠬᠥᠭᠵᠢᠯᠲᠡ ᠶᠢᠨ ᠡᠭᠦᠷᠭᠡ᠂ ᠤᠶᠤᠨ ᠰᠠᠨᠠᠭᠠᠨ ᠤ ᠬᠥᠳᠡᠯᠭᠡᠬᠦ ᠬᠦᠴᠦᠨ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠵᠡᠷᠭᠡ ᠤᠯᠠᠨ ᠲᠠᠯ᠎ᠠ ᠠᠴᠠ ᠦᠨᠳᠦᠰᠦᠲᠡᠨ ᠤ ᠠᠵᠢᠯ ᠤᠨ ᠰᠢᠨ᠎ᠡ ᠣᠨᠴᠠᠯᠢᠭ ᠪᠠ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠢ ᠵᠠᠳᠠᠯᠪᠠ᠃
     ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ᠺᠠᠳ᠋ᠷᠴᠤᠳ ᠢ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠴᠤ ᠦᠨᠳᠦᠰᠦᠲᠡᠨ ᠤ ᠪᠦᠯᠬᠦᠮᠳᠡᠯ ᠢ ᠡᠷᠡᠰ ᠭᠤᠶᠢᠪᠢᠰᠢ ᠦᠭᠡᠢ ᠴᠢᠩᠭᠠᠳᠬᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠪᠡ᠃
     ᠲᠥᠪᠯᠡᠷᠡᠭᠦᠯᠦᠨ ᠬᠠᠪᠰᠤᠷᠤᠨ ᠵᠢᠯᠣᠭᠤᠳᠬᠤ ᠲᠠᠶᠢᠯᠤᠮᠵᠢ ᠪᠠᠷ ᠳᠠᠮᠵᠢᠭᠤᠯᠤᠨ᠂ ᠪᠦᠬᠦ ᠣᠷᠣᠨ ᠤ ᠺᠠᠲᠠᠷᠴᠤᠳ ᠤᠨ ︽ᠳᠥᠷᠪᠡᠨ ᠤᠬᠠᠮᠰᠠᠷ︾ ᠢ ᠤᠯᠠᠮ ᠨᠢᠭᠡ ᠠᠯᠬᠤᠮ ᠴᠢᠩᠭᠠᠳᠬᠠᠵᠤ᠂ ︽ᠳᠥᠷᠪᠡᠨ ᠢᠲᠡᠭᠡᠯ︾ ᠢ ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠵᠦ᠂ ᠵᠥᠪ ᠣᠨᠣᠪᠴᠢᠲᠠᠶ ᠤᠯᠤᠰ ᠣᠷᠣᠨ ᠤ ᠦᠵᠡᠯᠲᠡ᠂ ᠦᠨᠳᠦᠰᠦᠲᠡᠨ ᠤ ᠦᠵᠡᠯᠲᠡ ᠶᠢ ᠪᠤᠢ ᠪᠣᠯᠭᠠᠵᠤ᠂ ︽ᠬᠤᠶᠠᠷ︾ ᠢ ᠡᠷᠡᠰ ᠬᠠᠮᠠᠭᠠᠯᠠᠵᠤ᠂ ᠬᠠᠮᠲᠤᠪᠠᠷ ᠪᠦᠯᠬᠦᠮᠳᠡᠨ ᠲᠡᠮᠡᠴᠡᠬᠦ᠂ ᠬᠠᠮᠲᠤᠪᠠᠷ ᠴᠡᠴᠡᠭᠯᠡᠨ ᠬᠥᠭᠵᠢᠬᠦ ᠬᠦᠴᠦᠷᠬᠡᠭ ᠬᠦᠴᠦᠨ ᠢ ᠨᠢᠭᠲᠠᠷᠠᠭᠤᠯᠤᠪᠠ᠃      ᠭᠡᠷ ᠲᠡᠭᠡᠨ ᠪᠠᠶᠢᠭ᠎ᠠ ᠲᠤᠭᠤᠷᠢᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠤᠯᠭ᠎ᠠ ᠪᠣᠯᠤᠨ ᠪᠦᠬᠦ ᠣᠷᠣᠨ ᠤ ᠳᠡᠳ᠋ ᠰᠠᠯᠠᠭᠠᠨ ᠲᠡᠰ ᠠᠴᠠ ᠳᠡᠭᠡᠭᠰᠢᠬᠢ ᠺᠠᠳ᠋ᠷ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号