ᠬᠥᠬᠡᠬᠤᠲᠠ ᠶᠢᠨ ᠰᠦᠯᠵᠢᠶᠡᠨ ᠤ ᠬᠥᠮᠦᠰ ᠤᠨ ᠨᠢᠭᠡᠳᠦᠮᠡᠯ ᠹᠷᠣᠨᠲ ᠤᠨ ᠠᠵᠢᠯ ᠤᠨ ᠣᠶᠢᠯᠡᠳᠣᠯᠭᠡ ᠶᠢᠨ ᠰᠢᠨ᠎ᠡ ᠶᠢ ᠡᠬᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠫᠠᠶᠢᠰᠠ ᠰᠡᠬᠦᠪᠡ
ᠨᠡᠶᠢᠲᠡᠯᠡᠭᠰᠡᠨ ᠴᠠᠭ᠄
2020/9/29
     9 ᠰᠠᠷ᠎ᠠ ᠶᠢᠨ 27 ᠤ ᠡᠳᠦᠷ᠂ ᠬᠥᠬᠡᠬᠤᠲᠠ ᠶᠢᠨ ᠰᠦᠯᠵᠢᠶᠡᠨ ᠤ ᠬᠥᠮᠦᠰ ᠤᠨ ᠨᠢᠭᠡᠳᠦᠮᠡᠯ ᠹᠷᠣᠨᠲ ᠤᠨ ᠠᠵᠢᠯ ᠤᠨ  ᠣᠶᠢᠯᠡᠳᠣᠯᠭᠡ ᠶᠢᠨ ᠰᠢᠨ᠎ᠡ ᠶᠢ  ᠡᠬᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠥᠪᠥᠷ ᠮᠣᠩᠭᠤᠯ ᠤᠨ ᠭᠦᠸᠧ ᠹᠧᠩ ᠰᠦᠯᠵᠢᠶᠡᠨ ᠤ ᠮᠡᠷᠭᠡᠵᠢᠯ ᠤᠨ  ᠬᠢᠵᠠᠭᠠᠷᠳᠣ ᠺᠣᠮᠫᠠᠨᠢ ᠳᠤ ᠫᠠᠶᠢᠰᠠ ᠰᠡᠬᠦᠪᠡ᠃    ᠬᠥᠬᠡᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ  ᠲᠠᠷᠤᠭ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠭᠠᠩᠪᠦ᠋ᠬᠡ ᠫᠠᠶᠢᠰᠠ ᠰᠡᠬᠦᠬᠦ ᠶᠣᠰᠣᠯᠠᠯ ᠳᠤ ᠣᠷᠣᠯᠴᠠᠭᠰᠠᠨ ᠪᠥᠭᠡᠳ ᠬᠥᠬᠡᠬᠤᠲᠠ ᠶᠢᠨ ᠰᠦᠯᠵᠢᠶᠡᠨ ᠤ ᠬᠥᠮᠦᠰ ᠤᠨ ᠨᠢᠬᠡᠳᠣᠮᠡᠯ ᠹᠷᠣᠨᠲ ᠤᠨ ᠠᠵᠢᠯ ᠤᠨ ᠣᠶᠢᠯᠡᠳᠣᠯᠭᠡ ᠶᠢᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠫᠠᠶᠢᠰᠠ ᠰᠡᠬᠦᠪᠡ᠃     ᠣᠶᠢᠯᠠᠭᠠᠭᠰᠠᠨ ᠢᠶᠠᠷ᠂ ᠲᠤᠰ ᠰᠠᠭᠤᠷᠢᠨ ᠭᠠᠵᠠᠷ ᠤᠨ ᠫᠠᠶᠢᠰᠠ ᠪᠠᠨ ᠰᠡᠬᠦᠭᠰᠡᠨ ᠨᠢ ᠬᠦᠬᠡᠬᠤᠳᠠ ᠶᠢᠨ ᠰᠢᠨ᠎ᠡ ᠨᠡᠶᠢᠭᠡᠮ‌‍ᠲ᠋ᠠᠪᠬᠤᠷᠭ᠎ᠠ ᠶᠢᠨ ᠬᠥᠮᠦᠰ ᠤᠨ ᠨᠢᠭᠡᠳᠦᠮᠡᠯ ᠹᠷᠣᠨᠲ ᠤᠨ ᠠᠵᠢᠯ ᠤᠨ ᠰᠢᠨ᠎ᠡ ᠶᠢ ᠡᠭᠦᠳᠬᠦ ᠪᠠᠶᠢᠭᠤᠯᠤᠯᠲᠠ ᠳᠤ ᠰᠢᠨ᠎ᠡ ᠬᠦᠴᠣᠨ ᠨᠡᠮᠡᠷᠢᠯᠡᠵᠦ᠂ ᠪᠦᠬᠦ ᠬᠤᠲᠠ ᠶᠢᠨ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠦᠰ ᠤᠨ ᠰᠢᠨ᠎ᠡ ᠶᠢ ᠡᠭᠦᠳᠬᠦ  ᠦᠢᠯᠡᠰ‌‍ᠪᠣᠰᠬᠠᠬᠤ  ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠰᠢᠨ᠎ᠡ ᠬᠥᠭᠦᠷᠭᠡ ᠰᠢᠨ᠎ᠡ ᠬᠤᠯᠪᠣᠭᠠᠰᠤ ᠪᠠᠶᠢᠭᠤᠯᠬᠤ ᠨᠢ ᠯᠠᠪᠲᠠᠢ  ᠃     ᠭᠠᠩᠪᠦ᠋ᠬᠡ ᠴᠢᠬᠤᠯᠠᠴᠢᠯᠠᠭᠰᠠᠨ ᠨᠢ᠂ ᠬᠥᠬᠡᠬᠤᠲᠠ ᠶᠢᠨ ᠰᠦᠯᠵᠢᠶᠡᠨ ᠤ ᠬᠥᠮᠦᠰ ᠤᠨ ᠨᠢᠭᠡᠳᠦᠮᠡᠯ ᠹᠷᠣᠨᠲ ᠤᠨ ᠠᠵᠢᠯ ᠤᠨ ᠦᠢᠯᠡᠳᠦᠯᠭᠡ  ᠶᠢᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠨᠢ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠪᠠᠨ ᠴᠢᠩᠭᠠᠳᠬᠠᠵᠦ᠂ ᠦᠢᠯᠡᠳᠤᠯ ᠢᠶᠠᠨ ᠰᠠᠶᠢᠳᠤᠷ ᠪᠠᠳᠠᠷᠠᠭᠤᠯᠬᠤ ᠬᠡᠷᠡᠭᠲᠡᠶ᠃ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ᠨᠢᠭᠡᠳᠦᠮᠡᠯ ᠹᠷᠣᠨᠲ ᠤᠨ ᠠᠵᠢᠯ ‍ᠤᠨ‌‍ᠰᠢᠨ᠎ᠡ ᠶᠢ ᠡᠭᠦᠳᠬᠦ ᠶᠢ ᠰᠠᠶᠢᠳᠤᠷ ᠬᠢᠬᠦ ᠬᠡᠷᠡᠭᠲᠡᠢ᠃ ᠲᠤᠰ ᠪᠡᠶ᠎ᠡ ᠶᠢᠨ ᠴᠢᠳᠠᠮᠵᠢ ᠪᠠ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠰᠤᠷᠤᠯᠴᠠᠯᠭ᠎ᠠ ᠪᠠᠨ ᠴᠢᠩᠭᠠᠳᠬᠠᠬᠤ᠂ ᠴᠢᠳᠠᠪᠤᠷᠢ ᠪᠠᠨ ᠳᠡᠭᠡᠭᠰᠢᠯᠡᠭᠦᠯᠬᠦ᠂ ᠬᠠᠤᠯᠢ ᠰᠠᠬᠢᠯᠭ᠎ᠠ ᠶᠢ ᠵᠢᠷᠤᠮᠯᠠᠬᠤ᠂ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠯᠠᠭᠤᠨ ᠰᠡᠳᠬᠢᠯᠭᠡ ᠲᠠᠢ ᠪᠠᠶᠢᠬᠤ ᠵᠡᠷᠭᠡ ᠲᠠᠯ᠎ᠠ ᠪᠠᠷ ᠤᠯᠠᠮ ᠨᠢᠭᠡ ᠠᠯᠬᠤᠮ ᠰᠠᠶᠢᠨ ᠥᠯᠢᠭᠡᠷ ᠳᠠᠭᠤᠷᠢᠶᠠᠯ ᠪᠣᠯᠵᠣ᠂ ᠵᠢᠱᠢᠶ᠎ᠡ ᠦᠵᠡᠭᠦᠯᠬᠦ  ᠦᠢᠯᠡᠳᠤᠯ ᠢᠶᠠᠨ ᠦᠷᠭᠦᠯᠵᠢᠯᠡᠨ ᠰᠠᠶᠢᠨ ᠪᠠᠳᠠᠷᠠᠭᠤᠯᠬᠤ ᠬᠡᠷᠡᠭᠲᠡᠢ᠃ ᠰᠦᠯᠵᠢᠶᠡᠨ ᠤ ᠳᠠᠮᠵᠢᠭᠤᠯᠭ᠎ᠠ ᠶᠢᠨ ᠲᠠᠯ᠎ᠠ ᠶᠢᠨ ᠳᠠᠪᠠᠭᠤᠯᠢᠭ ᠢ ᠦᠨᠡᠨ ᠬᠦ ᠰᠠᠶᠢᠲᠤᠷ ᠪᠠᠳᠠᠷᠠᠭᠤᠯᠵᠤ᠂ ᠥᠪᠥᠷ ᠮᠣᠩᠭᠤᠯ ᠪᠣᠯᠤᠨ ᠲᠥᠪ ᠬᠤᠲᠠ ᠶᠢ ᠢᠳᠡᠪᠬᠢᠲᠡᠢ ᠤᠬᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠤᠬᠠᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ  ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠬᠤ ᠬᠡᠷᠡᠭᠲᠡᠢ᠃ ᠡᠯ᠎ᠡ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠰᠡᠳᠬᠢᠴᠡ ᠪᠠᠨ ᠤᠯᠠᠮ ᠨᠢᠭᠡ ᠠᠯᠬᠤᠮ ᠥᠷᠭᠡᠳᠬᠡᠵᠦ᠂ ᠲᠤᠰ ᠪᠡᠶ᠎ᠡ ᠶᠢᠨ ᠣᠷᠣᠨ ᠪᠠᠶᠢᠷᠢ ᠶᠢᠨ ᠳᠠᠪᠠᠭᠤᠯᠢᠭ ᠢᠶᠠᠨ ᠣᠨᠣᠪᠴᠢᠲᠠᠢ ᠣᠯᠵᠤ᠂ ᠲᠠᠲᠠᠬᠤ ᠬᠦᠴᠦᠨ ᠢᠶᠠᠨ  ᠨᠡᠮᠡᠭᠳᠡᠭᠦᠯᠵᠦ᠂ ᠨᠡᠩ ᠤᠯᠠᠨ ᠨᠡᠶᠢᠭᠡᠮ ᠤᠨ ᠳᠠᠪᠬᠤᠷᠭ᠎ᠠ ᠶᠢᠨ ᠰᠢᠨ᠎ᠡ ᠬᠥᠮᠦᠰ ᠢ ᠨᠢᠭᠲᠠᠷᠠᠭᠤᠯᠤᠨ ᠬᠦᠭᠵᠢᠭᠦᠯᠬᠦ ᠬᠡᠷᠡᠭᠲᠡᠢ᠃ ᠥᠷᠭᠡᠨ ᠣᠯᠠᠨ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠢ ᠬᠥᠲᠥᠯᠥᠨ ᠵᠢᠯᠣᠭᠤᠳᠴᠤ ᠤᠯᠤᠰ ᠢᠶᠠᠨ ᠬᠠᠶᠢᠷᠠᠯᠠᠵᠦ᠂ ᠦᠢᠯᠡᠰ ᠢᠶᠠᠨ ᠳᠡᠭᠡᠳᠦᠯᠡᠬᠦ᠂ ᠬᠠᠤᠯᠢ ᠶᠢ ᠰᠠᠬᠢᠵᠤ ᠡᠵᠡᠩᠨᠡᠯᠲᠡ ᠬᠢᠬᠦ᠂ ᠨᠡᠶᠢᠭᠡᠮ ᠳᠤ ᠠᠴᠢ  ᠬᠠᠷᠢᠭᠤᠯᠬᠤ ᠬᠡᠪ ᠳᠠᠭᠤᠷᠢᠶᠠᠯ ᠪᠣᠯᠭᠠᠬᠤ ᠬᠡᠷᠡᠭᠲᠡᠶ᠃ ᠨᠡᠶᠢᠭᠡᠮ ᠵᠢᠷᠤᠮ ᠤᠨ ᠭᠤᠤᠯᠯᠠᠬᠤ ᠦᠷᠳᠡᠭ ᠤᠨ ᠦᠵᠡᠯᠲᠡ ᠶᠢ ᠴᠢᠷᠮᠠᠶᠢᠨ  ᠦᠢᠯᠡᠳᠦᠯᠭᠡᠵᠢᠭᠦᠯᠵᠦ᠂ ᠭᠤᠤᠯ ᠬᠦᠭ ᠠᠶᠠᠰ ᠢ ᠴᠤᠤᠷᠢᠶᠠᠲᠤᠭᠤᠯᠵᠤ᠂ ᠢᠳᠡᠪᠬᠢ ᠬᠦᠴᠦᠨ ᠢ ᠤᠯᠠᠮᠵᠢᠯᠠᠨ ᠳᠡᠯᠭᠡᠷᠡᠭᠦᠯᠵᠦ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠢ ᠬᠠᠮᠤᠭ ᠤᠨ ᠶᠡᠭᠡ ᠬᠡᠮᠵᠢᠶ᠎ᠡ ᠪᠠᠷ ᠨᠠᠮ ᠤᠨ ᠲᠣᠭᠤᠷᠢᠨ ᠳᠤ ᠪᠦᠯᠬᠦᠮᠳᠡᠭᠦᠯᠦᠨ  ᠨᠢᠭᠲᠠᠷᠠᠭᠤᠯᠬᠤ ᠬᠡᠷᠡᠭᠲᠡᠢ ᠭᠡᠪᠡ᠃ (ᠬᠥᠬᠡᠬᠤᠲᠠ ᠶᠢᠨ ᠡᠳᠦᠷ ᠤᠨ ᠰᠣᠨᠢᠨ ᠤ  ᠰᠤᠷᠪᠤᠯᠵᠢᠯᠠᠭᠴᠢ ᠯᠢᠦᠶ ᠾᠦᠢ ᠱᠧᠩ )          http://mongol.people.com.cn/15825666.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号