ᠬᠦᠬᠡᠬᠤᠲᠠ ᠶᠢᠨ ᠤᠯᠤᠰ ᠲᠦᠷᠦ ᠶᠢᠨ ᠵᠦᠪᠯᠡᠯᠬᠡᠨ ︽ᠴᠡᠯᠡᠭᠡᠷ ᠲᠠᠯ᠎ᠠ ᠶᠢᠨ ᠦᠨᠦᠷ ᠠᠮᠲᠠ︾ ᠲᠦᠷᠦᠯ ᠳᠡᠮᠳᠡᠭ ᠢ ᠲᠦᠭᠡᠮᠡᠯᠵᠢᠬᠦᠯᠬᠦ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2020/9/29
     ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠰᠠᠴᠤᠷᠠᠯ︶ ᠣᠶᠢᠷ᠎ᠠ ᠳᠤ᠂ ᠬᠥᠬᠡᠬᠤᠲᠠ ᠶᠢᠨ ᠤᠯᠤᠰ ᠲᠦᠷᠦ ᠶᠢᠨ ᠵᠦᠪᠯᠡᠯᠬᠡᠨ ᠤ ︽ ᠴᠡᠯᠡᠭᠡᠷ ᠲᠠᠯ᠎ᠠ ᠶᠢᠨ ᠦᠨᠦᠷ ᠠᠮᠲᠠ︾ ᠲᠦᠷᠦᠯ ᠳᠡᠮᠳᠡᠭ ᠢ ᠲᠦᠭᠡᠮᠡᠯᠵᠢᠬᠦᠯᠬᠦ ᠶᠠᠷᠢᠯᠴᠠᠬᠤ ᠬᠤᠷᠠᠯ ᠵᠢᠴᠢ ︽ᠬᠥᠬᠡᠬᠤᠲᠠ ᠶᠢᠨ ᠤᠯᠤᠰ ᠲᠦᠷᠦ ᠶᠢᠨ ᠵᠦᠪᠯᠡᠯᠬᠡᠨ ᠤ ᠰᠤᠶᠤᠯ ᠲᠡᠥᠭᠡ ᠪᠠ ᠰᠤᠷᠤᠯᠴᠠᠯᠭ᠎ᠠ ᠶᠢᠨ ᠵᠥᠪᠯᠡᠯ ᠤᠨ ᠭᠡᠰᠢᠭᠦᠳ ᠤᠨ ᠠᠵᠢᠯᠯᠠᠭᠠᠨ ᠤ ᠰᠠᠭᠤᠷᠢᠨ︾ ᠤ ᠢᠯᠡᠷᠭᠡᠶᠢᠯᠡᠯ ᠰᠡᠬᠦᠬᠦ ᠶᠣᠰᠣᠯᠠᠯ ᠮᠤᠨᠢ ᠠᠭᠤᠯᠠ ᠶᠢᠨ ᠪᠤᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤᠨ ᠳᠤ ᠶᠠᠪᠤᠬᠳᠠᠵᠠᠢ᠃      ᠶᠠᠷᠢᠯᠴᠠᠬᠤ ᠬᠤᠷᠠᠯ ᠳᠡᠭᠡᠷ᠎ᠡ᠂ ᠬᠥᠬᠡᠬᠤᠲᠠ ᠶᠢᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠪᠤᠯᠤᠨ ᠲᠤᠰᠬᠠᠢ ᠮᠡᠷᠭᠡᠵᠢᠯᠲᠡᠨ ︽ᠴᠡᠯᠡᠭᠡᠷ ᠲᠠᠯ᠎ᠠ ᠶᠢᠨ ᠥᠨᠥᠷ ᠠᠮᠲᠠ︾ ᠶᠢᠨ ᠲᠤᠲᠤᠭᠠᠳᠦ ᠠᠭᠤᠯᠬᠤᠨ᠂ ᠲᠦᠷᠦᠯ ᠳᠡᠮᠳᠡᠭ ᠤᠨ ᠦᠨ᠎ᠡ ᠥᠷᠲᠡᠭ ᠵᠢᠴᠢ ᠲᠦᠬᠡᠮᠡᠯᠵᠢᠬᠦᠯᠬᠦ ᠠᠷᠭ᠎ᠠ ᠵᠠᠮ ᠤᠨ ᠲᠣᠭᠤᠷᠢᠨ ᠳᠤ᠂ ︽ᠴᠡᠯᠡᠭᠡᠷ ᠲᠠᠯ᠎ᠠ ᠶᠢᠨ ᠦᠨᠦᠷ ᠠᠮᠲᠠ︾ ᠶᠢ ᠬᠡᠷᠬᠢᠨ ᠨᠡᠩ ᠰᠠᠶᠢᠳᠤᠷ ᠤᠯᠠᠮᠵᠢᠯᠠᠨ ᠵᠠᠯᠭᠠᠮᠵᠢᠯᠠᠬᠤ᠂ ᠬᠠᠮᠠᠭᠠᠯᠠᠬᠤ ᠪᠤᠯᠤᠨ ᠠᠰᠢᠬᠯᠠᠬᠤ᠂ ᠣᠨᠴᠠᠯᠢᠭ ᠢ ᠨᠢ ᠪᠠᠳᠠᠷᠠᠭᠤᠯᠵᠦ ᠪᠦᠬᠦ ᠠᠷᠠᠳ ᠲᠤ ᠠᠰᠢᠭ ᠬᠦᠷᠲᠡᠭᠡᠬᠦ ᠵᠡᠷᠭᠡ ᠰᠡᠳᠦᠪ ᠢᠶᠠᠷ ᠦᠵᠡᠯ ᠪᠤᠳᠤᠯ ᠢᠶᠠᠨ ᠰᠤᠯᠢᠯᠴᠠᠵᠠᠢ᠃ ᠬᠤᠷᠠᠯ ᠠᠴᠠ᠂ ᠬᠠᠮᠢᠶ᠎ᠠ ᠪᠦᠬᠦᠢ ᠰᠠᠯᠠᠭ᠎ᠠ ᠮᠦᠴᠢᠷ ᠢᠳᠡᠭᠡᠨ ᠤᠮᠳᠠᠭᠠᠨ ᠤ ᠰᠢᠯᠢᠳᠡᠭ ᠰᠣᠶᠣᠯ ᠢ ᠤᠯᠠᠮᠵᠢᠯᠨᠨ ᠪᠠᠳᠠᠷᠠᠭᠤᠯᠣᠭᠰᠠᠨ ᠤ ᠰᠠᠭᠤᠷᠢᠨ ᠳᠡᠭᠡᠷ᠎ᠡ᠂ ᠬᠥᠬᠡᠬᠤᠲᠠ ᠶᠢᠨ ᠢᠳᠡᠭᠡᠨ ᠤ ᠰᠣᠶᠣᠯ ᠤᠨ ᠲᠤᠲᠤᠭᠠᠳᠦ ᠠᠭᠤᠯᠬᠤᠨ ᠢ ᠴᠢᠨᠠᠬᠰᠢᠲᠠ ᠠᠭᠤᠳᠠᠯᠬᠤ ᠬᠡᠷᠡᠭᠲᠡᠢ︔ ᠮᠤᠨᠢ ᠠᠭᠤᠯᠠ ᠶᠢᠨ ᠪᠤᠳᠠᠰ ᠤᠨ ᠪᠤᠰᠤ ᠰᠣᠶᠣᠯ ᠤᠨ ᠦᠪ ᠤᠨ ᠵᠢᠵᠢᠭ ᠲᠤᠰᠬᠤᠨ ᠨᠢ ᠪᠤᠳᠠᠰ ᠤᠨ ᠪᠤᠰᠤ ᠰᠣᠶᠣᠯ ᠤᠨ ᠦᠪ᠂ ᠴᠡᠯᠡᠭᠡᠷ ᠲᠠᠯ᠎ᠠ ᠶᠢᠨ ᠦᠨᠦᠷ ᠠᠮᠲᠠ ᠶᠢ ᠲᠦᠭᠡᠮᠡᠯᠵᠢᠬᠦᠯᠬᠦ ᠳᠤᠮᠲᠠ ᠪᠠᠨ ᠬᠠᠮᠠᠭᠠᠯᠠᠵᠦ᠂ ᠤᠯᠤᠰ ᠲᠦᠷᠦ ᠶᠢᠨ ᠵᠥᠪᠯᠡᠯᠭᠡᠨ ᠤ ᠰᠤᠶᠤᠯ ᠲᠡᠥᠬᠡ ᠪᠠ ᠰᠤᠷᠤᠯᠴᠠᠯᠭ᠎ᠠ ᠶᠢᠨ ᠵᠥᠪᠯᠡᠯ ᠤᠨ ᠪᠤᠳᠠᠰ ᠤᠨ ᠪᠤᠰᠤ ᠰᠣᠶᠣᠯ ᠤᠨ ᠥᠪ ᠤᠨ ᠲᠤᠬᠠᠢ ᠪᠠᠶᠢᠴᠠᠭᠠᠨ ᠰᠤᠳᠤᠯᠤᠯᠲᠠ᠂ ᠶᠠᠷᠢᠯᠴᠠᠬᠤ ᠬᠤᠷᠠᠯ ᠳᠤ ᠢᠳᠡᠪᠬᠢᠲᠡᠢ ᠤᠷᠤᠯᠴᠠᠵᠦ᠂ ᠮᠤᠨᠢ ᠠᠭᠤᠯᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ᠂ ᠵᠢᠭᠠᠨ ᠰᠤᠷᠭᠠᠯᠲᠠ ᠶᠢᠨ ᠴᠢᠳᠠᠪᠬᠢ ᠶᠢ ᠳᠠᠰᠤᠷᠠᠯᠲᠠ ᠦᠭᠡᠢ ᠪᠠᠳᠠᠷᠠᠭᠤᠯᠵᠦ᠂ ᠨᠡᠩ ᠤᠯᠠᠨ ᠵᠢᠭᠤᠯᠴᠢᠯᠠᠬᠴᠢᠳ ᠢ ᠲᠠᠲᠠᠨ᠂ ᠪᠤᠳᠠᠰ ᠤᠨ ᠪᠤᠰᠤ ᠰᠣᠶᠣᠯ ᠤᠨ ᠥᠪ ᠢ ᠴᠢᠨᠠᠭᠰᠢᠳᠠ ᠲᠦᠭᠡᠮᠡᠯᠵᠢᠬᠦᠯᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号