ᠸᠠᠩ ᠯᠢ ᠰᠢᠶᠠ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤᠵᠢᠭᠤᠯᠵᠤ ᠣᠯᠠᠨ ᠲᠦᠮᠡᠨ ᠤ ᠠᠪᠬᠤ ᠳᠠᠭᠠᠨ ᠰᠠᠨᠠᠭ᠎ᠠ ᠠᠮᠤᠷ ᠢᠳᠡᠬᠦ ᠳᠡᠭᠡᠨ ᠰᠡᠳᠬᠢᠯ ᠠᠮᠤᠷ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ
ᠨᠡᠶᠢᠲᠡᠯᠡᠭᠰᠡᠨ ᠴᠠᠭ᠄
2020/9/29
       ︵ᠰᠤᠷᠪᠤᠯᠵᠢᠯᠠᠭᠴᠢ ᠶᠦᠨ ᠶᠠᠨ ᠹᠠᠩ︶ ᠤᠯᠤᠰ ᠤᠨ ᠪᠠᠶᠠᠷ᠂ ᠨᠠᠢᠮᠠᠨ ᠰᠠᠷ᠎ᠠ ᠶᠢᠨ ᠠᠷᠪᠠᠨ ᠲᠠᠪᠤᠨ ᠣᠶᠢᠷᠠᠲᠤᠵᠤ᠂ 9 ᠳ᠋ᠦ᠋ᠭᠡᠷ ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠮᠠᠨ ᠤ ᠬᠤᠲᠠ ᠶᠢᠨ ᠢᠳᠡᠭᠡᠨ ᠤ ᠵᠠᠬ᠎ᠠ ᠳᠡᠯᠭᠡᠭᠦᠷ ᠤᠨ ᠬᠠᠩᠭᠠᠯᠭ᠎ᠠ᠂ ᠠᠮᠤᠷ ᠲᠦᠪᠰᠢᠨ ᠤ ᠪᠠᠲᠤᠯᠠᠭ᠎ᠠ ᠵᠡᠷᠭᠡ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤᠵᠢᠭᠤᠯᠵᠤ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠲᠣᠭᠲᠠᠭᠤᠨ ᠢ ᠪᠠᠲᠤᠯᠠᠵᠤ᠂ ᠣᠯᠠᠨ ᠲᠦᠮᠡᠨ ᠤ ᠬᠤᠳᠠᠯᠳᠤᠵᠤ ᠠᠪᠬᠤ ᠳᠠᠭᠠᠨ ᠰᠠᠨᠠᠭ᠎ᠠ ᠠᠮᠤᠷ ᠢᠳᠡᠬᠦ ᠳᠡᠭᠡᠨ ᠰᠡᠳᠬᠢᠯ ᠠᠮᠤᠷ ᠪᠠᠶᠢᠬᠤ ᠶᠢ ᠪᠠᠲᠤᠯᠠᠨ᠂ ᠠᠮᠤᠷ ᠲᠦᠪᠰᠢᠨ ᠡᠶ᠎ᠡ ᠵᠣᠬᠢᠴᠠᠯᠲᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠪᠡ᠃     ᠸᠠᠩ ᠯᠢ ᠰᠢᠶᠠ ᠨᠠᠷ ᠤᠷᠢᠳ ᠬᠤᠵᠢᠳ ᠰᠢᠨ᠎ᠡ ᠬᠤᠲᠠ ᠲᠣᠭᠤᠷᠢᠭ ᠤᠨ ᠵᠦᠩ ᠶᠢᠩ ᠠᠮᠤ ᠪᠤᠳᠠᠭ᠎ᠠ ᠢᠳᠡᠰᠢᠨ ᠲᠣᠰᠣᠨ ᠤ ᠪᠥᠭᠡᠮ ᠢᠶᠠᠷ ᠪᠣᠷᠣᠯᠠᠭᠤᠯᠬᠤ ᠵᠠᠬ᠎ᠠ ᠳᠡᠯᠭᠡᠭᠦᠷ᠂ ᠾᠧ ᠴᠢᠶᠦ᠋ᠨ ᠬᠢᠮᠳᠠ ᠠᠷᠠᠳ ᠲᠤ ᠲᠦᠭᠦᠮ ᠵᠠᠬ᠎ᠠ ᠳᠡᠯᠭᠡᠭᠦᠷ ᠪᠠ ᠰᠠᠶᠢᠬᠠᠨ ᠲᠣᠭᠤᠷᠢᠭ ᠤᠨ ᠵᠡᠭᠦᠨ ᠸᠠᠭᠠᠷ ᠤᠨ ᠠᠶᠢᠯ ᠢᠳᠡᠰᠢᠨ ᠨᠣᠭᠤᠭ᠎ᠠ ᠶᠢ ᠪᠥᠭᠡᠮ ᠢᠶᠠᠷ ᠪᠣᠷᠣᠯᠠᠭᠤᠯᠬᠤ ᠵᠠᠬ᠎ᠠ ᠳᠡᠯᠭᠡᠭᠦᠷ ᠲᠤ ᠬᠦᠷᠴᠦ᠂ ᠪᠠᠷᠠᠭ᠎ᠠ ᠣᠷᠣᠭᠤᠯᠬᠤ ᠵᠠᠮ ᠮᠥᠷ ᠢ ᠮᠥᠷᠳᠡᠬᠦ᠂ ᠡᠷᠡᠭᠦᠯ ᠬᠠᠮᠠᠭᠠᠯᠠᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠂ ᠮᠢᠬᠠᠨ ᠢᠳᠡᠭᠡᠨ ᠤ ᠣᠷᠴᠢᠮ ᠤᠨ ᠦᠨ᠎ᠡ ᠬᠠᠩᠰᠢ ᠶᠢᠨ ᠬᠤᠪᠢᠷᠠᠯᠲᠠ ᠵᠢᠴᠢ ᠵᠠᠬ᠎ᠠ ᠳᠡᠯᠭᠡᠭᠦᠷ ᠤᠨ ᠪᠣᠬᠢᠷ ᠤᠰᠤ ᠬᠤᠭ ᠨᠣᠪᠰᠢ ᠶᠢ ᠭᠠᠳᠠᠭᠰᠢᠯᠠᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠸᠠᠩ ᠯᠢ ᠰᠢᠶᠠ ᠱᠠᠭᠠᠷᠳᠠᠬᠤ ᠳᠠᠭᠠᠨ᠂ ᠪᠥᠭᠡᠮ ᠢᠶᠠᠷ ᠪᠣᠷᠣᠯᠠᠭᠤᠯᠬᠤ ᠵᠠᠬ᠎ᠠ ᠳᠡᠯᠭᠡᠭᠦᠷ᠂ ᠠᠷᠠᠳ ᠲᠤ ᠲᠦᠭᠦᠮ ᠦᠵᠡᠭᠦᠯᠬᠦ ᠳᠡᠯᠭᠡᠭᠦᠷ ᠪᠠᠷᠠᠭ᠎ᠠ ᠲᠠᠸᠠᠷ ᠤᠨ ᠬᠠᠩᠭᠠᠯᠭ᠎ᠠ ᠬᠠᠩᠭᠠᠯᠲᠠ ᠲᠠᠢ ᠪᠠᠶᠢᠬᠤ ᠶᠢ ᠪᠠᠲᠤᠯᠠᠭᠰᠠᠨ ᠰᠠᠭᠤᠷᠢᠨ ᠳᠡᠭᠡᠷ᠎ᠡ ᠪᠠᠰᠠ ᠶᠠᠰᠤ ᠴᠢᠨᠠᠷ ᠢ ᠪᠠᠲᠤᠯᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ  ᠠᠵᠢᠯᠳᠠᠨ ᠤᠰᠤᠨ ᠭᠠᠷᠤᠯᠲᠠ ᠶᠢᠨ ᠪᠦᠲᠦᠭᠡᠭᠳᠡᠬᠦᠨ ᠪᠠ ᠲᠦᠭᠦᠬᠡᠢ ᠰᠣᠷᠭᠤᠭ ᠢᠳᠡᠭᠡᠨ᠂ ᠬᠥᠯᠳᠡᠭᠡᠭᠰᠡᠨ ᠮᠢᠬ᠎ᠠ ᠪᠣᠯᠣᠨ ᠲᠡᠭᠦᠨ ᠤ ᠪᠦᠲᠦᠭᠡᠭᠳᠡᠬᠦᠨ ᠤ ᠠᠮᠤᠷ ᠲᠦᠪᠰᠢᠨ ᠢ ᠭᠤᠣᠯᠳᠠᠯᠭ᠎ᠠ ᠲᠠᠢ ᠬᠢᠨᠠᠨ ᠬᠠᠮᠢᠶᠠᠷᠴᠤ᠂ ᠪᠠᠷᠠᠭ᠎ᠠ ᠣᠷᠣᠭᠤᠯᠬᠤ ᠪᠣᠭᠤᠮᠲᠠ ᠶᠢ ᠴᠢᠩᠭ᠎ᠠ ᠰᠠᠬᠢᠵᠤ᠂ ᠪᠠᠷᠠᠭ᠎ᠠ ᠣᠷᠣᠭᠤᠯᠬᠤ ᠠᠷᠭ᠎ᠠ ᠮᠥᠷ ᠨᠢ ᠵᠢᠷᠤᠮᠵᠢᠯ ᠲᠠᠢ᠂ ᠪᠦᠲᠦᠭᠡᠭᠳᠡᠬᠦᠨ ᠤ ᠶᠠᠰᠤ ᠴᠢᠨᠠᠷ ᠬᠢᠷᠢ ᠲᠡᠩᠴᠡᠵᠦ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠶᠢ ᠪᠠᠲᠤᠯᠠᠬᠤ ᠬᠡᠷᠡᠭᠲᠡᠢ ᠭᠡᠪᠡ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠢᠳᠡᠭᠡᠨ ᠤ ᠠᠮᠤᠷ ᠲᠦᠪᠰᠢᠨ ᠨᠢ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠵᠤ᠂ ᠣᠨᠴᠠᠭᠠᠶᠢᠯᠠᠨ ᠤᠯᠤᠰ ᠤᠨ ᠪᠠᠶᠠᠷ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠡᠳᠦᠷ ᠤᠨ ᠬᠤᠭᠤᠴᠠᠭᠠᠨ ᠳᠤ᠂ ᠢᠳᠡᠭᠡᠨ ᠤ ᠠᠷᠠᠯᠵᠢᠶ᠎ᠠ ᠮᠠᠶᠢᠮᠠᠢ ᠬᠥᠭᠵᠢᠶᠡᠨᠲᠡᠢ ᠪᠣᠯᠣᠨ᠎ᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠠᠷᠢᠮᠵᠢᠶ᠎ᠠ ᠪᠠᠨ ᠥᠨᠳᠥᠷ ᠪᠣᠯᠭᠠᠨ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠰᠠᠶᠢᠲᠤᠷ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠬᠢᠷᠢ ᠲᠡᠩᠴᠡᠬᠦ ᠦᠭᠡᠢ ᠪᠠᠷᠠᠭ᠎ᠠ ᠶᠢᠨ ᠵᠠᠬ᠎ᠠ ᠳᠡᠯᠭᠡᠭᠦᠷ ᠲᠤ ᠣᠷᠣᠵᠤ ᠢᠷᠡᠬᠦ ᠶᠢ ᠰᠡᠷᠭᠡᠶᠢᠯᠡᠨ ᠬᠤᠷᠢᠭᠯᠠᠵᠤ᠂ ᠠᠷᠠᠳ ᠣᠯᠠᠨ ᠲᠦᠮᠡᠨ ᠤ ︽ᠢᠳᠡᠭᠡᠨ ᠤ ᠠᠶᠤᠯᠭᠦᠢ︾ ᠶᠢ ᠪᠠᠲᠤᠯᠠᠵᠤ᠂ ᠣᠯᠠᠨ ᠲᠦᠮᠡᠨ ᠤ ᠬᠡᠷᠡᠭᠯᠡᠭᠡᠨ ᠤ ᠱᠠᠭᠠᠷᠳᠠᠯᠭ᠎ᠠ ᠶᠢ ᠬᠠᠩᠭᠠᠬᠤ ᠬᠡᠷᠡᠭᠲᠡᠢ ᠭᠡᠪᠡ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠪᠥᠭᠡᠮ ᠢᠶᠠᠷ ᠪᠣᠷᠣᠯᠠᠭᠤᠯᠬᠤ ᠵᠠᠬ᠎ᠠ ᠳᠡᠯᠭᠡᠭᠦᠷ᠂ ᠳᠥᠲᠡ ᠳᠡᠯᠭᠡᠭᠦᠷ ᠤᠳ ᠲᠤ ᠬᠥᠮᠥᠨ ᠬᠠᠷ᠎ᠠ ᠠᠷᠪᠢᠨ ᠴᠤᠭᠯᠠᠷᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠣᠷᠣᠨ ᠪᠦᠰᠡ ᠪᠣᠯᠣᠨ᠎ᠠ᠂ ᠢᠳᠡᠭᠡᠨ ᠤ ᠠᠮᠤᠷ ᠲᠦᠪᠰᠢᠨ ᠢ ᠪᠠᠲᠤᠯᠠᠬᠤ ᠠᠴᠠ ᠭᠠᠳᠠᠨ᠎ᠠ ᠪᠠᠰᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠬᠡᠪᠰᠢᠭᠰᠡᠨ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠠᠮᠤᠷ ᠲᠦᠪᠰᠢᠨ ᠪᠠᠶᠠᠷ ᠵᠢᠷᠭᠠᠯ ᠲᠠᠢ ᠪᠠᠷ ᠪᠠᠶᠠᠷ ᠤᠨ ᠡᠳᠦᠷ ᠢᠶᠠᠨ ᠥᠩᠭᠡᠷᠡᠭᠡᠬᠦ ᠶᠢ ᠪᠠᠲᠤᠯᠠᠬᠤ ᠬᠡᠷᠡᠭᠲᠡᠢ ᠭᠡᠪᠡ᠃     ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠦ᠋ ᠸᠧᠨ ᠮᠢᠩ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号