ᠥᠪᠥᠷ ᠮᠣᠩᠭᠤᠯ ᠤᠨ ︽ᠡᠮᠡᠭᠲᠡᠶᠢᠴᠦᠳ ᠤᠨ ᠶᠠᠳᠠᠭᠤ ᠠᠴᠠ ᠠᠩᠭᠢᠵᠢᠷᠠᠭᠤᠯᠬᠤ ᠰᠠᠭᠤᠷᠢᠨ︾ ᠨᠡᠶᠢᠲᠡ 12688 ᠶᠠᠳᠠᠭᠤ ᠬᠦᠴᠢᠷᠳᠡᠯᠲᠡᠶ ᠡᠮᠡᠭᠲᠡᠢ ᠶᠢ ᠬᠠᠪᠰᠤᠷᠤᠨ ᠲᠡᠳᠬᠦᠪᠡ
ᠨᠡᠶᠢᠲᠡᠯᠡᠭᠰᠡᠨ ᠴᠠᠭ᠄
2020/9/29
    ᠠᠷᠠᠳ ᠤᠨ ᠰᠦᠯᠵᠢᠶ᠎ᠡ ᠶᠢᠨ ᠬᠥᠬᠡᠬᠤᠲᠠ ᠶᠢᠨ 9 ᠰᠠᠷ᠎ᠠ ᠶᠢᠨ 27 ᠤ ᠡᠳᠦᠷ ᠤᠨ ᠮᠡᠳᠡᠭᠡ ︵ᠴᠧᠨ ᠯᠢ ᠭᠧᠩ  ᠴᠢ ᠬᠤᠤ ᠨᠠᠨ︶ 9 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠠᠷᠪᠠᠨ ᠬᠤᠶᠠᠳᠤᠭᠠᠷ ᠤᠳᠠᠭ᠎ᠠ ᠶᠢᠨ ᠲᠦᠯᠦᠭᠡᠯᠡᠭᠴᠢᠳ ᠤᠨ ᠶᠡᠭᠡ ᠬᠤᠷᠠᠯ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠡᠬᠢᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ  ᠬᠦᠤᠳᠡᠭᠤᠯᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠠᠷᠪᠠᠨ ᠬᠤᠶᠠᠳᠤᠭᠠᠷ  ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠠᠵᠢᠯ ᠤᠨ ᠢᠯᠡᠳᠬᠡᠯ ᠬᠢᠬᠦ ᠳᠡᠭᠡᠨ ᠵᠢᠭᠠᠵᠤ ᠭᠠᠷᠭᠠᠭᠰᠠᠨ ᠨᠢ᠂ ᠲᠠᠯ᠎ᠠ ᠨᠤᠲᠤᠭ ᠤᠨ ᠡᠮᠡᠭᠲᠡᠶᠢᠴᠦᠳ ᠤᠨ ᠶᠠᠳᠠᠭᠤ ᠠᠴᠠ ᠠᠩᠭᠢᠵᠢᠷᠠᠭᠤᠯᠬᠤ᠂ ᠠᠳᠠᠯ ᠦᠢᠯᠡᠰ ᠴᠣᠭᠴᠠᠯᠠᠨ ᠠᠵᠢᠯ ᠣᠯᠭᠤᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠷᠢᠰ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠬᠦᠭᠵᠢᠯᠲᠡ ᠲᠣᠭᠲᠠᠭᠤᠨ ᠤ ᠶᠡᠭᠡ ᠲᠠᠯ᠎ᠠ ᠳᠤ ᠬᠠᠭᠠᠰ  ᠲᠤᠯᠭᠠᠭᠤᠷᠢ ᠶᠢᠨ ᠦᠢᠯᠡᠳᠤᠯ ᠢᠶᠠᠨ ᠪᠠᠳᠠᠷᠠᠭᠤᠯᠬᠤ ᠬᠡᠷᠡᠭᠲᠡᠶ ᠭᠡᠪᠡ᠃      ᠬᠦᠤᠳᠡᠭᠤᠯᠡ ᠵᠢᠭᠠᠵᠤ ᠭᠠᠷᠭᠠᠭᠰᠠᠨ ᠨᠢ᠂ ᠲᠠᠯ᠎ᠠ ᠨᠤᠲᠤᠭ ᠤᠨ ᠡᠮᠡᠭᠲᠡᠶᠢᠴᠦᠳ ᠤᠨ ᠶᠠᠳᠠᠭᠤ ᠠᠴᠠ ᠠᠩᠭᠢᠵᠢᠷᠠᠭᠤᠯᠬᠤ ᠠᠵᠢᠯᠯᠠᠭ᠎ᠠ ᠳᠤᠮᠳᠠ᠂ ᠵᠣᠷᠢᠭ ᠰᠠᠨᠠᠭ᠎ᠠ ᠶᠢ ᠲᠡᠳᠬᠦᠬᠦ ᠣᠶᠤᠨ ᠤᠬᠠᠭᠠᠨ ᠢ ᠲᠡᠳᠬᠦᠬᠦ ᠤᠬᠠᠭᠤᠯᠭ᠎ᠠ ᠶᠢᠨ ᠠᠵᠢᠯᠯᠠᠭ᠎ᠠ ᠶᠢ  3600 ᠭᠠᠷᠤᠶ ᠲᠠᠯᠠᠪᠤᠷ ᠤᠳᠠᠭ᠎ᠠ ᠥᠷᠨᠢᠭᠦᠯᠵᠦ᠂ 30 ᠭᠠᠷᠤᠶ ᠲᠦᠮᠡᠨ ᠡᠮᠡᠭᠲᠡᠶᠢᠴᠦᠳ ᠢ ᠬᠠᠮᠤᠷᠪᠠ  ︔ ᠡᠯ᠎ᠡ ᠲᠥᠷᠥᠯ ᠤᠨ ᠶᠠᠳᠠᠭᠤ ᠠᠴᠠ ᠠᠩᠭᠢᠵᠢᠷᠠᠭᠤᠯᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠠᠩᠭᠢ ᠶᠢ 2270 ᠬᠤᠭᠤᠴᠠᠭ᠎ᠠ ᠡᠷᠬᠢᠯᠡᠵᠦ᠂ ᠡᠮᠡᠭᠲᠡᠶᠢᠴᠦᠳ ᠢ 19.2 ᠲᠦᠮᠡᠨ ᠬᠥᠮᠦᠨ ᠤᠳᠠᠭ᠎ᠠ ᠪᠣᠯᠪᠠᠰᠤᠷᠠᠭᠤᠯᠪᠠ︔ ︽ᠡᠭᠡᠴᠢ ᠦᠬᠢᠨ ᠳᠡᠭᠦᠦ ᠭᠠᠷ ᠭᠠᠷ ᠢᠶᠠᠨ ᠬᠤᠯᠪᠣᠯᠴᠠᠨ᠂ ᠡᠮᠡᠭᠲᠡᠶᠢᠴᠦᠳ ᠶᠠᠳᠠᠭᠤ ᠠᠴᠠ ᠠᠩᠭᠢᠵᠢᠷᠠᠬᠤ ᠠᠯᠬᠤᠮ ᠢᠶᠠᠨ ᠲᠦᠷᠭᠡᠳᠭᠡᠬᠦ︾ ᠠᠵᠢᠯᠯᠠᠭ᠎ᠠ ᠥᠷᠨᠢᠭᠦᠯᠵᠦ᠂  ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ6564  ᠺᠠᠳ᠋ᠷ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠭᠦᠢᠴᠡᠳᠭᠡᠬᠦ ᠵᠥᠪᠯᠡᠯ ᠪᠣᠯᠤᠨ 14612 ᠶᠠᠳᠠᠭᠤ ᠬᠦᠴᠢᠷᠳᠡᠯᠲᠡᠶ ᠡᠮᠡᠭᠲᠡᠢ ᠬᠤᠤᠰᠯᠠᠨ ᠬᠠᠪᠰᠤᠷᠤᠨ ᠲᠡᠳᠬᠦᠬᠦ ᠠᠵᠢᠯ ᠥᠷᠨᠢᠭᠦᠯᠵᠡᠶ᠃ 10570 ︽ᠬᠠᠮᠤᠭ ᠤᠨ ᠭᠤᠶᠣ ᠬᠡᠷ ᠪᠦᠯᠢ︾ ᠨᠢ 3965 ᠶᠠᠳᠠᠭᠤ ᠬᠦᠴᠢᠷᠳᠡᠯᠲᠡᠶ ᠬᠡᠷ ᠪᠦᠯᠢ ᠲᠠᠢ  ᠬᠤᠤᠰᠯᠠᠨ ᠬᠤᠯᠪᠤᠵᠠᠢ  ᠃ ᠥᠪᠡᠷᠲᠡᠭᠡᠨ ᠵᠠᠰᠠᠬᠤ ᠣᠷᠣᠨ ᠤ ᠲᠠᠰ ᠤᠨ 100 ︽ᠡᠮᠡᠭᠲᠡᠶᠢᠴᠦᠳ ᠤᠨ ᠶᠠᠳᠠᠭᠤ ᠠᠴᠠ ᠠᠩᠭᠢᠵᠢᠷᠠᠭᠤᠯᠬᠤ ᠰᠠᠭᠤᠷᠢᠨ ᠭᠠᠵᠠᠷ︾ ᠢ ᠡᠭᠦᠳᠦᠨ ᠪᠠᠶᠢᠭᠤᠯᠵᠤ᠂ 12688 ᠶᠠᠳᠠᠭᠤ ᠬᠦᠴᠢᠷᠳᠡᠯᠲᠡᠶ  ᠡᠮᠡᠭᠲᠡᠢ ᠶᠢ ᠬᠠᠪᠰᠤᠷᠤᠨ ᠲᠡᠳᠬᠦᠵᠦ ᠲᠠᠶᠢᠴᠢᠯᠠᠪᠠ᠃ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ ᠡᠬᠡᠴᠦᠤᠯ ᠤᠨ ︽ᠬᠤᠶᠠᠷ ᠥᠮᠡᠨ︾ ᠡᠪᠡᠳᠴᠢᠲᠡᠨ ᠢ ᠠᠪᠤᠷᠠᠨ  ᠲᠤᠰᠠᠯᠠᠬᠤ ᠲᠥᠷᠥᠯ  ᠵᠥᠢᠯ ᠢ ᠬᠡᠷᠡᠭᠵᠢᠭᠦᠯᠵᠦ᠂ ᠮᠠᠯᠵᠢᠬᠤ  ᠲᠠᠷᠢᠶᠠᠯᠠᠬᠤ ᠣᠷᠣᠨ ᠤ ︽ᠬᠤᠶᠠᠷ ᠥᠮᠡᠨ︾ ᠡᠪᠡᠳᠴᠢᠨ ᠳᠤ ᠨᠡᠷᠪᠡᠭᠳᠡᠭᠰᠡᠨ 7440 ᠶᠠᠳᠠᠭᠤ ᠬᠦᠴᠢᠷᠳᠡᠯᠲᠡᠶ ᠡᠮᠡᠭᠲᠡᠢ ᠬᠥᠮᠦᠨ ᠪᠦᠷᠢ ᠳᠤ 1 ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠪᠡᠯᠡ ᠮᠥᠩᠭᠦ  ᠬᠠᠩᠭᠠᠪᠠ᠃ ︽ᠡᠬᠡᠴᠦᠤᠯ ᠤᠨ ᠰᠢᠷᠢᠰ︾ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠨᠢ ᠪᠡᠭᠡᠵᠢᠩ ᠥᠪᠥᠷ ᠮᠣᠩᠭᠤᠯ ᠤᠨ ᠡᠮᠡᠭᠲᠡᠶᠢᠴᠤᠳ ᠤᠨ ᠬᠤᠯᠪᠣᠭ᠎ᠠ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠵᠦ ᠶᠠᠳᠠᠭᠤ ᠠᠴᠠ ᠠᠩᠭᠢᠵᠢᠷᠠᠭᠤᠯᠬᠤ ᠳᠤ ᠬᠦᠴᠦᠨ  ᠨᠡᠮᠡᠷᠢᠯᠡᠵᠡᠢ  ᠃    ᠲᠠᠯ᠎ᠠ ᠨᠤᠲᠤᠭ ᠤᠨ ᠡᠮᠡᠭᠲᠡᠶᠢᠴᠦᠳ ᠤᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠵᠢᠯᠯᠠᠭ᠎ᠠ ᠳᠤᠮᠳᠠ᠂ ᠦᠨᠳᠦᠰᠦᠲᠡᠨ ᠤ ᠬᠤᠪᠴᠠᠰᠤ ᠵᠠᠰᠠᠯ ᠤᠨ ᠬᠦᠷᠢᠶ᠎ᠡ ᠴᠠᠷ᠎ᠠ ᠳᠤ ᠠᠩᠬᠠᠷᠤᠯ ᠢᠶᠠᠨ ᠲᠥᠪᠯᠡᠷᠡᠭᠦᠯᠵᠦ᠂《 ᠪᠦᠰ ᠬᠤᠸᠠᠷ ᠤᠨ ᠠᠵᠢᠯ ᠣᠯᠭᠤᠯᠲᠠ ᠶᠢᠨ ᠠᠵᠢᠯᠯᠠᠭᠠᠨ ᠤ ᠲᠥᠯᠥᠪᠯᠡᠭᠡ 》 ᠶᠢ ᠶᠡᠬᠡᠪᠡᠷ ᠠᠬᠢᠭᠤᠯᠵᠠᠶ᠃ 300 ᠭᠠᠷᠤᠶ ᠵᠢᠵᠢᠭ ᠪᠢᠴᠢᠯ ᠠᠵᠤ ᠠᠬᠤᠶᠢᠯᠠᠯ ︵ᠦᠢᠯᠡᠳᠭᠡᠯ ᠤᠨ ᠭᠠᠵᠠᠷ︶ ᠢ ᠳᠠᠶᠢᠴᠢᠯᠠᠵᠤ᠂ 1.1 ᠲᠦᠮᠡᠨ ᠡᠮᠡᠭᠲᠡᠢ  ᠳᠤ ᠠᠰᠢᠭ ᠬᠦᠷᠲᠡᠭᠡᠪᠡ︔ ᠪᠦᠬᠦ ᠣᠷᠣᠨ ᠤ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠬᠠᠮᠳᠤ ᠪᠠᠷ ᠤᠷᠠᠨ  ᠭᠠᠷ ᠢᠶᠠᠷ ᠢᠶᠠᠨ ᠪᠠᠶᠠᠵᠢᠬᠤ ᠰᠠᠭᠤᠷᠢᠨ ᠭᠠᠵᠠᠷ 208 ᠶᠢ ᠪᠠᠶᠢᠭᠤᠯᠵᠤ᠂ 1.6 ᠲᠦᠮᠡᠨ  ᠡᠮᠡᠭᠲᠡᠢ   ᠶᠢᠨ  ᠠᠵᠢᠯ ᠣᠯᠭᠤᠯᠲᠠ ᠶᠢ ᠳᠠᠶᠢᠴᠢᠯᠠᠨ᠂ ᠡᠮᠡᠭᠲᠡᠶᠢᠴᠦᠳ ᠤᠨ ᠭᠠᠷ ᠤᠷᠠᠯᠠᠯ ‍ᠤᠨ‌ᠡᠯ᠎ᠡ ᠲᠥᠷᠥᠯ ᠤᠨ  ᠪᠣᠯᠪᠠᠰᠤᠷᠠᠯ ᠤᠨ ᠠᠩᠭᠢ 995 ᠬᠤᠭᠤᠴᠠᠭ᠎ᠠ ᠡᠷᠬᠢᠯᠡᠵᠦ᠂ 4.5 ᠲᠦᠮᠡᠨ  ᠡᠮᠡᠭᠲᠡᠢ ᠳᠤ ᠪᠣᠯᠪᠠᠰᠤᠷᠠᠯ ᠬᠦᠷᠲᠡᠭᠡᠵᠦ᠂ ᠡᠮᠡᠭᠲᠡᠶᠢᠴᠦᠳ ᠤᠨ ᠭᠠᠷ ᠤᠷᠠᠯᠠᠯ ᠤᠨ ᠪᠦᠲᠦᠭᠡᠭᠳᠡᠬᠦᠨ ᠢᠶᠠᠷ ᠭᠤᠤᠯ ᠪᠣᠯᠭᠠᠭᠰᠠᠨ ᠤᠷᠤᠯᠳᠤᠭᠠᠨ ᠦᠷᠨᠢᠭᠦᠯᠬᠦ᠂  ᠪᠤᠷᠤᠯᠠᠭᠤᠯᠬᠤ ᠠᠵᠢᠯᠯᠠᠭ᠎ᠠ ᠶᠢ 182 ᠤᠳᠠᠭ᠎ᠠ ᠡᠷᠬᠢᠯᠡᠵᠦ᠂ 1.1 ᠲᠦᠮᠡᠨ ᠡᠮᠡᠭᠲᠡᠢ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ   ᠠᠴᠠ ᠰᠣᠩᠭᠤᠨ ᠬᠦᠷᠭᠡᠭᠰᠡᠨ ᠬᠤᠶᠠᠷ ︽ ᠪᠦᠰ ᠲᠣᠷᠭᠠᠨ ᠬᠤᠸᠠᠷ︾ ᠤᠨ ᠲᠥᠷᠥᠯ ᠵᠥᠢᠯ ᠨᠢ ᠲᠣᠰ ᠲᠣᠰ ᠳᠤᠮᠳᠠᠳᠤ ᠤᠯᠤᠰ ᠤᠨ ᠡᠮᠡᠭᠲᠡᠶᠢᠴᠦᠳ ᠤᠨ ᠭᠠᠷ ᠤᠷᠠᠯᠠᠯ ᠤᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠤᠷᠤᠯᠳᠤᠭᠠᠨ ᠤ ᠨᠡᠶᠢᠲᠡ ᠶᠢᠨ ᠠᠰᠠᠷᠠᠮᠵᠢ ᠶᠢᠨ ᠳᠤᠭᠤᠶᠢᠯᠠᠩ ᠤᠨ ᠠᠯᠲᠠᠨ  ᠮᠧᠲᠠᠯ ᠪᠠ ᠤᠯᠠᠮᠵᠢᠯᠠᠨ ᠵᠠᠯᠭᠠᠮᠵᠢᠯᠠᠬᠤ ᠳᠤᠭᠤᠶᠢᠯᠠᠩ ᠤᠨ ᠬᠦᠷᠡᠯ  ᠮᠧᠲᠠᠯ ᠢ ᠭᠥᠷᠳᠡᠪᠡ︔ ︽ᠮᠥᠩᠭᠦᠨ ᠭᠦᠢᠯᠭᠡᠭᠡᠨ ᠢᠶᠠᠷ ᠡᠮᠡᠭᠲᠡᠶᠢᠴᠦᠳ ᠤᠨ ᠬᠥᠭᠵᠢᠯᠲᠡ ᠶᠢ ᠳᠡᠮᠵᠢᠬᠦ ᠠᠵᠢᠯᠯᠠᠭᠠᠨ ᠤ ᠲᠥᠯᠥᠪᠯᠡᠭᠡ︾ ᠶᠢ ᠬᠡᠷᠡᠭᠵᠢᠭᠦᠯᠵᠦ᠂ ᠡᠮᠡᠭᠲᠡᠶᠢᠴᠦᠳ ᠤᠨ ᠠᠳᠠᠯ  ᠦᠢᠯᠡᠰ ᠴᠣᠭᠴᠠᠯᠠᠵᠤ ᠠᠵᠢᠯ ᠣᠯᠭᠤᠬᠤ ᠵᠢᠭᠡᠯᠡᠯᠭᠡ ᠶᠢ ᠨᠡᠶᠢᠲᠡ 78.21 ᠳ᠋ᠦᠩᠰᠢᠭᠤᠷ ᠲᠦᠭᠦᠷᠢᠭ ᠲᠠᠯᠪᠢᠵᠤ᠂ ᠡᠮᠡᠭᠲᠡᠶᠢᠴᠦᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠪᠦᠲᠦᠮᠵᠢᠲᠡᠶ ᠠᠬᠢᠭᠤᠯᠪᠠ᠃      http://mongol.people.com.cn/15825669.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号