ᠴᠢᠬᠤᠯᠠ ᠶᠡᠭᠡ ᠠᠴᠢ ᠬᠤᠯᠪᠣᠭᠳᠠᠯ | | ︽ᠤᠰᠤ ᠠᠷᠪᠢᠯᠠᠬᠤ ᠶᠢ ᠤᠷᠢᠳᠠᠪᠠᠷ ᠪᠣᠳᠣᠯᠬᠢᠯᠠᠬᠤ︾ ᠰᠢᠨ᠎ᠡ ᠴᠠᠭ ᠦᠶ᠎ᠡ ᠶᠢᠨ ᠤᠰᠤ ᠵᠠᠰᠠᠬᠤ ᠵᠠᠷᠴᠢᠮ | ᠳᠣᠣᠷ᠎ᠠ᠂ ᠮᠠᠨ ᠤ ᠬᠤᠲᠠ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠶᠢ ᠦᠨᠳᠦᠰᠦᠯᠡᠨ | ᠂ ︽ᠬᠥᠬᠡᠬᠤᠲᠠ ᠶᠢᠨ ᠤᠰᠤ ᠠᠷᠪᠢᠯᠠᠬᠤ ᠠᠵᠢᠯᠯᠠᠭᠠᠨ ᠤ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠪᠠ᠂ | ᠡᠨᠡ ᠪᠣᠯ ᠮᠠᠨ ᠤ ᠬᠤᠲᠠ ᠶᠢᠨ ᠠᠩᠬ᠎ᠠ ᠤᠳᠠᠭ᠎ᠠ ᠳᠠᠷᠤᠮᠠᠯᠯᠠᠨ ᠲᠠᠷᠬᠠᠭᠠᠭᠰᠠᠨ ᠤᠰᠤ ᠠᠷᠪᠢᠯᠠᠬᠤ ᠬᠦᠷᠢᠶᠡᠨ ᠤ | ᠰᠢᠰᠲ᠋ᠧᠮ ᠲᠠᠢ ᠬᠡᠷᠡᠭᠵᠢᠭᠦᠯᠬᠦ ᠲᠥᠰᠥᠯ ᠪᠣᠯᠣᠨ᠎ᠠ᠂ ᠪᠦᠬᠦ ᠬᠤᠲᠠ ᠶᠢᠨ ᠤᠰᠤ ᠠᠷᠪᠢᠯᠠᠬᠤ ᠠᠵᠢᠯ ᠢ ᠥᠷᠨᠢᠭᠦᠯᠬᠦ | ᠴᠢᠬᠤᠯᠠ ᠦᠨᠳᠦᠰᠦᠯᠡᠯ ᠮᠥᠨ᠂ ᠳᠠᠷᠠᠭᠠᠴᠢ ᠶᠢᠨ ᠨᠢᠭᠡ ᠬᠡᠰᠡᠭ ᠬᠤᠭᠤᠴᠠᠭᠠᠨ ᠳᠤ ᠪᠦᠬᠦ ᠬᠤᠲᠠ ᠶᠢᠨ ᠤᠰᠤ | ᠠᠷᠪᠢᠯᠠᠬᠤ ᠠᠵᠢᠯ ᠢ ᠵᠢᠯᠣᠭᠤᠳᠬᠤ ᠪᠣᠯᠣᠨ᠎ᠠ᠃ | 2019 ᠣᠨ ᠤ 4 ᠳ᠋ᠦ᠋ᠭᠡᠷ ᠰᠠᠷ᠎ᠠ ᠶᠢᠨ 5 ᠤ ᠡᠳᠦᠷ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯᠣᠨ ᠤᠰᠤᠨ ᠠᠰᠢᠭᠯᠠᠯᠲᠠ ᠶᠢᠨ ᠶᠠᠮᠤᠨ | ᠬᠠᠮᠲᠤᠷᠠᠨ ︽ᠤᠯᠤᠰ ᠤᠨ ᠤᠰᠤ ᠠᠷᠪᠢᠯᠠᠬᠤ ᠠᠵᠢᠯᠯᠠᠭᠠᠨ ᠤ ᠲᠥᠰᠥᠯ︾ ᠢ ᠳᠠᠷᠤᠮᠠᠯᠯᠠᠨ ᠲᠠᠷᠬᠠᠭᠠᠪᠠ᠃ | 2019 ᠣᠨ ᠤ 11 ᠳ᠋ᠦ᠋ᠭᠡᠷ ᠰᠠᠷ᠎ᠠ ᠶᠢᠨ 6 ᠤ ᠡᠳᠦᠷ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠪᠣᠯᠣᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠬᠠᠮᠲᠤᠷᠠᠨ ︽ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ | ᠠᠷᠪᠢᠯᠠᠬᠤ ᠠᠵᠢᠯᠯᠠᠭᠠᠨ ᠤ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠪᠠ᠃ | 2020 ᠣᠨ ᠤ 7 ᠳ᠋ᠤᠭᠠᠷ ᠰᠠᠷ᠎ᠠ ᠶᠢᠨ 23 ᠤ ᠡᠳᠦᠷ | ᠬᠥᠬᠡᠬᠤᠲᠠ ᠶᠢᠨ ᠵᠠᠰᠠᠭ ᠤᠨ ᠣᠷᠳᠣᠨ ︽ᠬᠥᠬᠡᠬᠤᠲᠠ ᠶᠢᠨ ᠤᠰᠤ ᠠᠷᠪᠢᠯᠠᠬᠤ ᠠᠵᠢᠯᠯᠠᠭᠠᠨ ᠤ | ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠪᠠ᠃ | ᠭᠤᠣᠯ ᠬᠠᠷᠠᠯᠲᠠ | | 2020 ᠣᠨ ᠪᠣᠯᠬᠤ ᠳᠤ | ᠬᠠᠮᠢᠶᠠᠷᠤᠯᠲᠠ ᠶᠢᠨ ᠲᠣᠭᠲᠠᠴᠠ ᠠᠯᠬᠤᠮ ᠠᠯᠬᠤᠮ ᠢᠶᠠᠷ ᠲᠡᠭᠦᠯᠳᠡᠷᠵᠢᠵᠦ᠂ ᠮᠡᠷᠭᠡᠵᠢᠯ ᠤᠨ | ᠲᠤᠯᠭᠠᠭᠤᠷᠢᠯᠠᠯ ᠤᠨ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠵᠦ᠂ ᠤᠰᠤ ᠠᠷᠪᠢᠯᠠᠭᠰᠠᠨ ᠦᠷ᠎ᠡ ᠪᠦᠲᠦᠮᠵᠢ | ᠠᠩᠬ᠎ᠠ ᠠᠯᠬᠤᠮ ᠮᠡᠳᠡᠭᠳᠡᠨ᠎ᠡ᠃ | 1. ᠲᠦᠮᠡᠨ ᠲᠥᠭᠦᠷᠢᠭ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ | ᠤᠰᠤ ᠬᠡᠷᠡᠭᠯᠡᠬᠦ ᠬᠡᠮᠵᠢᠶ᠎ᠡ ᠶᠢ 2015 ᠣᠨ ᠤ ᠬᠢ ᠠᠴᠠ 21% ᠪᠠᠷ ᠪᠠᠭᠤᠷᠠᠭᠤᠯᠤᠨ᠎ᠠ᠃ | 2. ᠲᠦᠮᠡᠨ ᠲᠥᠭᠦᠷᠢᠭ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ | 2015 ᠣᠨ ᠤ ᠬᠢ ᠠᠴᠠ 18% ᠪᠠᠷ ᠪᠠᠭᠤᠷᠠᠭᠤᠯᠤᠨ᠎ᠠ᠃ | 3. ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠤ ᠬᠡᠷᠡᠭᠯᠡᠬᠦ ᠤᠰᠤᠨ ᠤ ᠳᠠᠬᠢᠨ | ᠠᠰᠢᠭᠯᠠᠯᠲᠠ ᠶᠢᠨ ᠨᠣᠷᠮ᠎ᠠ ᠶᠢ 91% ᠠᠴᠠ ᠳᠡᠭᠡᠭᠰᠢ ᠳᠤ ᠬᠦᠷᠭᠡᠨ᠎ᠡ᠃ | 4. ᠲᠠᠷᠢᠶᠠᠨ ᠤ ᠤᠰᠤᠯᠠᠯᠲᠠ ᠶᠢᠨ ᠠᠰᠢᠭᠯᠠᠮᠵᠢ ᠶᠢᠨ ᠢᠯᠡᠳᠬᠡᠮᠵᠢ ᠶᠢ ᠳᠡᠭᠡᠭᠰᠢᠯᠡᠭᠦᠯᠵᠦ 0.64 ᠠᠴᠠ | ᠥᠨᠳᠥᠷ ᠪᠣᠯᠭᠠᠨ᠎ᠠ᠃ | 5. ᠣᠯᠠᠨ ᠨᠡᠶᠢᠲᠡ ᠶᠢᠨ ᠤᠰᠤ ᠬᠠᠩᠭᠠᠯᠲᠠ ᠶᠢᠨ ᠲᠣᠣᠷ ᠬᠤᠭᠤᠯᠠᠢ ᠶᠢᠨ ᠭᠤᠭᠤᠵᠢᠵᠤ ᠪᠦᠷᠢᠯᠭᠡᠬᠦ | ᠨᠣᠷᠮ᠎ᠠ ᠶᠢ 10% ᠶᠢᠨ ᠳᠣᠲᠣᠷ᠎ᠠ ᠬᠢᠵᠠᠭᠠᠷᠯᠠᠨ᠎ᠠ᠃ | 2022 ᠣᠨ ᠪᠣᠯᠬᠤ ᠳᠤ | ᠤᠰᠤ ᠠᠷᠪᠢᠯᠠᠬᠤ ᠬᠡᠯᠪᠡᠷᠢ ᠶᠢᠨ ᠦᠢᠯᠡᠳᠪᠦᠷᠢᠯᠡᠯ ᠪᠠ ᠠᠮᠢᠳᠤᠷᠠᠯ ᠤᠨ ᠵᠠᠩ ᠳᠠᠳᠬᠠᠯ ᠠᠩᠬ᠎ᠠ ᠠᠯᠬᠤᠮ | ᠪᠦᠷᠢᠯᠳᠦᠵᠦ᠂ ᠤᠰᠤ ᠠᠷᠪᠢᠯᠠᠬᠤ ᠠᠵᠤ ᠦᠢᠯᠡᠰ ᠠᠩᠬ᠎ᠠ ᠠᠯᠬᠤᠮ ᠬᠡᠪᠴᠢᠶᠡᠵᠢᠵᠦ᠂ ᠶᠡᠷᠦᠳᠡ ᠶᠢᠨ ᠪᠤᠰᠤ ᠤᠰᠤᠨ | ᠠᠰᠢᠭᠯᠠᠯᠲᠠ ᠶᠢᠨ ᠡᠵᠡᠯᠡᠬᠦ ᠬᠤᠪᠢ ᠤᠯᠠᠮ ᠨᠢᠭᠡ ᠠᠯᠬᠤᠮ ᠨᠡᠮᠡᠭᠳᠡᠵᠦ᠂ ᠤᠰᠤ ᠬᠡᠷᠡᠭᠯᠡᠬᠦ ᠠᠰᠢᠭᠯᠠᠮᠵᠢ ᠪᠠ ᠦᠷ᠎ᠡ | ᠠᠰᠢᠭ ᠢ ᠢᠯᠡᠳᠲᠡ ᠳᠡᠭᠡᠭᠰᠢᠯᠡᠵᠦ᠂ ᠪᠦᠬᠦ ᠨᠡᠶᠢᠭᠡᠮ ᠤᠨ ᠤᠰᠤ ᠠᠷᠪᠢᠯᠠᠬᠤ ᠲᠠᠨᠢᠯᠲᠠ ᠢᠯᠡᠳᠲᠡ ᠳᠡᠭᠡᠭᠰᠢᠯᠡᠨ᠎ᠡ᠃ | 1. ᠪᠦᠬᠦ ᠬᠤᠲᠠ ᠶᠢᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ 11.11 ᠳ᠋ᠦᠩᠰᠢᠭᠤᠷ ᠪᠣᠰᠤᠭ᠎ᠠ | ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠨ᠎ᠠ᠃ | 2. ᠤᠰᠤ ᠬᠡᠷᠡᠭᠯᠡᠬᠦ ᠠᠰᠢᠭᠯᠠᠮᠵᠢ ᠤᠯᠠᠮ ᠨᠢᠭᠡ ᠠᠯᠬᠤᠮ ᠳᠡᠭᠡᠭᠰᠢᠯᠡᠨ᠎ᠡ᠃ | 2035 ᠣᠨ ᠪᠣᠯᠬᠤ ᠳᠤ | ᠪᠦᠷᠢᠨᠰᠢᠨ ᠲᠡᠭᠦᠯᠳᠡᠷᠵᠢᠭᠰᠡᠨ ᠤᠰᠤ ᠠᠷᠪᠢᠯᠠᠬᠤ ᠲᠥᠷᠥ ᠶᠢᠨ ᠪᠣᠳᠣᠯᠭ᠎ᠠ ᠬᠠᠤᠯᠢ ᠳᠦᠷᠢᠮ ᠤᠨ ᠰᠢᠰᠲ᠋ᠧᠮᠵᠢ | ᠪᠠ ᠪᠠᠷᠢᠮᠵᠢᠶ᠎ᠠ ᠶᠢᠨ ᠰᠢᠰᠲ᠋ᠧᠮᠵᠢ᠂ ᠲᠡᠭᠦᠯᠳᠡᠷᠵᠢᠭᠰᠡᠨ ᠵᠠᠬ᠎ᠠ ᠳᠡᠯᠭᠡᠭᠦᠷ ᠠᠴᠠ ᠲᠣᠬᠢᠷᠠᠭᠤᠯᠬᠤ ᠲᠣᠭᠲᠠᠴᠠ᠂ | ᠲᠡᠷᠢᠭᠦᠨ ᠤ ᠮᠡᠷᠭᠡᠵᠢᠯ ᠢᠶᠠᠷ ᠲᠤᠯᠭᠠᠭᠤᠷᠢᠯᠠᠬᠤ ᠰᠢᠰᠲ᠋ᠧᠮᠵᠢ ᠶᠢ ᠪᠦᠷᠢᠯᠳᠦᠵᠦ᠂ ᠤᠰᠤ ᠶᠢ ᠠᠷᠪᠢᠯᠠᠬᠤ ᠤᠰᠤ ᠶᠢ | ᠬᠠᠮᠠᠭᠠᠯᠠᠬᠤ ᠤᠰᠤ ᠶᠢ ᠬᠠᠶᠢᠷᠠᠯᠠᠬᠤ ᠨᠢ ᠪᠦᠬᠦ ᠨᠡᠶᠢᠭᠡᠮ ᠤᠨ ᠥᠪᠡᠷ ᠤᠨ ᠤᠬᠠᠮᠰᠠᠷ ᠤᠨ ᠠᠵᠢᠯᠯᠠᠭ᠎ᠠ ᠪᠣᠯᠵᠤ᠂ | ᠤᠰᠤᠨ ᠤ ᠡᠬᠢ ᠪᠠᠶᠠᠯᠢᠭ ᠢ ᠠᠷᠪᠢᠯᠠᠬᠤ ᠪᠠ ᠣᠷᠴᠢᠯ ᠬᠡᠷᠡᠭᠯᠡᠯᠲᠡ ᠤᠯᠤᠰ ᠤᠨ ᠲᠡᠷᠢᠭᠦᠨ ᠤ ᠬᠡᠮᠵᠢᠶᠡᠨ ᠳᠤ ᠬᠦᠷᠴᠦ | ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠨᠢ ᠬᠥᠭᠵᠢᠯᠲᠡ ᠶᠢᠨ ᠬᠦᠷᠢᠶ᠎ᠡ ᠬᠡᠪᠴᠢᠶ᠎ᠡ᠂ ᠠᠵᠤ ᠦᠢᠯᠡᠰ ᠤᠨ | ᠪᠦᠳᠦᠴᠡ ᠪᠠ ᠣᠷᠣᠨ ᠵᠠᠢ ᠶᠢᠨ ᠪᠠᠶᠢᠷᠢᠰᠢᠯ ᠵᠡᠷᠭᠡ ᠲᠠᠢ ᠵᠣᠬᠢᠴᠠᠯᠳᠤᠨ ᠬᠥᠭᠵᠢᠭᠰᠡᠨ ᠣᠳᠣᠬᠢᠴᠢᠯᠠᠭᠰᠠᠨ ᠰᠢᠨ᠎ᠡ | ᠪᠠᠶᠢᠳᠠᠯ ᠳᠤ ᠣᠷᠣᠨ᠎ᠠ᠃ | ᠵᠢᠷᠭᠤᠭᠠᠨ ᠶᠡᠭᠡ ᠭᠤᠣᠯᠳᠠᠯᠭ᠎ᠠ ᠲᠠᠢ ᠡᠭᠦᠷᠭᠡ | | 1. ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠪᠠ ᠬᠦᠴᠦᠨ ᠢ ᠬᠢᠵᠠᠭᠠᠷᠯᠠᠨ᠎ᠠ᠃ | 2. ᠲᠠᠷᠢᠶᠠᠯᠠᠩ ᠠᠵᠤ ᠠᠬᠤᠢ ᠬᠥᠳᠡᠭᠡ ᠲᠣᠰᠬᠤᠨ ᠳᠤ ᠤᠰᠤ ᠠᠷᠪᠢᠯᠠᠬᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ | 3. ᠠᠵᠤ ᠦᠢᠯᠡᠳᠪᠦᠷᠢ ᠳᠤ ᠤᠰᠤ ᠠᠷᠪᠢᠯᠠᠵᠤ ᠭᠠᠳᠠᠭᠰᠢᠯᠠᠭᠤᠯᠤᠯᠲᠠ ᠶᠢ ᠪᠠᠭᠠᠰᠬᠠᠨ᠎ᠠ᠃ | 4. ᠬᠤᠲᠠ ᠳᠤ ᠤᠰᠤ ᠠᠷᠪᠢᠯᠠᠵᠤ ᠬᠤᠷᠣᠭᠳᠠᠯ ᠢ ᠪᠠᠭᠠᠰᠬᠠᠨ᠎ᠠ᠃ | 5. ᠤᠰᠤ ᠠᠷᠪᠢᠯᠠᠵᠤ ᠨᠡᠭᠡᠭᠡᠨ ᠠᠰᠢᠭᠯᠠᠬᠤ ᠶᠢ ᠠᠬᠢᠭᠤᠯᠤᠨ᠎ᠠ᠃ | 6. ᠰᠢᠨᠵᠢᠯᠡᠬᠦ ᠤᠬᠠᠭᠠᠨ ᠮᠡᠷᠭᠡᠵᠢᠯ ᠳᠤ ᠰᠢᠨ᠎ᠡ ᠶᠢ ᠡᠭᠦᠳᠬᠦ ᠪᠠᠷ ᠬᠥᠲᠥᠯᠥᠭᠦᠯᠦᠨᠡ᠃ | | ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠤᠶᠠᠷ ᠶᠡᠭᠡ ᠠᠷᠭ᠎ᠠ ᠬᠡᠮᠵᠢᠶ᠎ᠡ | | 1. ᠲᠥᠷᠥ ᠶᠢᠨ ᠪᠣᠳᠣᠯᠭ᠎ᠠ ᠳᠦᠷᠢᠮ ᠲᠣᠭᠲᠠᠭᠠᠯ ᠢᠶᠠᠷ ᠠᠬᠢᠭᠤᠯᠤᠨ᠎ᠠ᠃ | ︵1︶ ᠤᠰᠤᠨ ᠤ ᠦᠨ᠎ᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ | ︵2︶ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢ ᠲᠠᠰᠤᠷᠠᠯᠲᠠ ᠦᠭᠡᠢ | ᠠᠬᠢᠭᠤᠯᠤᠨ᠎ᠠ᠃ | ︵3︶ ᠤᠰᠤ ᠬᠡᠷᠡᠭᠯᠡᠬᠦ ᠬᠡᠮᠵᠢᠶ᠎ᠡ ᠶᠢ ᠪᠦᠷᠢᠳᠬᠡᠬᠦ ᠶᠢ ᠴᠢᠩᠭᠠᠳᠬᠠᠨ᠎ᠠ᠃ | ︵4︶ ᠤᠰᠤ ᠠᠷᠪᠢᠯᠠᠬᠤ ᠶᠢ ᠬᠢᠨᠠᠵᠤ ᠬᠠᠮᠢᠶᠠᠷᠬᠤ ᠪᠠᠨ ᠴᠢᠩᠭᠠᠳᠬᠠᠨ᠎ᠠ᠃ | 2. ᠵᠠᠬ᠎ᠠ ᠳᠡᠯᠭᠡᠭᠦᠷ ᠤᠨ ᠲᠣᠭᠲᠠᠴᠠ ᠳᠤ ᠰᠢᠨᠡᠴᠢᠯᠡᠯᠲᠡ ᠬᠢᠨ᠎ᠡ᠃ | ︵1︶ ᠤᠰᠤᠨ ᠤ ᠡᠷᠬᠡ ᠤᠰᠤᠨ ᠤ ᠵᠠᠬ᠎ᠠ ᠳᠡᠯᠭᠡᠭᠦᠷ ᠤᠨ ᠥᠭᠡᠷᠡᠴᠢᠯᠡᠯᠲᠡ ᠶᠢ ᠲᠣᠭᠲᠠᠭᠤᠨ ᠢᠶᠠᠷ | ᠠᠬᠢᠭᠤᠯᠤᠨ᠎ᠠ᠃ | ︵2︶ ᠤᠰᠤᠨ ᠤ ᠠᠰᠢᠭᠯᠠᠮᠵᠢ ᠶᠢᠨ ᠲᠡᠮᠳᠡᠭ ᠤᠨ ᠪᠠᠶᠢᠭᠤᠯᠤᠯᠲᠠ ᠶᠢ ᠠᠬᠢᠭᠤᠯᠤᠨ᠎ᠠ | ︵3︶ ᠭᠡᠷ᠎ᠡ ᠶᠢᠨ ᠤᠰᠤ ᠠᠷᠪᠢᠯᠠᠬᠤ ᠬᠠᠮᠢᠶᠠᠷᠤᠯᠲᠠ ᠶᠢ ᠠᠬᠢᠭᠤᠯᠤᠨ᠎ᠠ᠃ | ᠲᠠᠪᠤᠨ ᠶᠡᠭᠡ ᠪᠠᠲᠤᠯᠠᠬᠤ ᠠᠷᠭ᠎ᠠ ᠬᠡᠮᠵᠢᠶ᠎ᠡ | | 1. ᠵᠣᠬᠢᠶᠠᠨ ᠪᠠᠶᠢᠭᠤᠯᠤᠨ ᠤᠳᠤᠷᠢᠳᠬᠤ ᠶᠢ ᠴᠢᠩᠭᠠᠳᠬᠠᠨ᠎ᠠ᠃ | 2. ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠤᠨ᠎ᠠ᠃ | 3. ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ | 4. ᠪᠡᠯᠡ ᠮᠥᠩᠭᠦ ᠶᠢᠨ ᠣᠷᠣᠭᠤᠯᠤᠯᠲᠠ ᠶᠢ ᠪᠠᠲᠤᠯᠠᠨ᠎ᠠ᠃ | 5. ᠤᠬᠠᠭᠤᠯᠭ᠎ᠠ ᠬᠥᠮᠥᠵᠢᠯ ᠢ ᠴᠢᠩᠭᠠᠳᠬᠠᠨ᠎ᠠ᠃ |