︽ᠬᠥᠬᠡᠬᠤᠲᠠ ᠶᠢᠨ ᠤᠰᠤ ᠠᠷᠪᠢᠯᠠᠬᠤ ᠠᠵᠢᠯᠯᠠᠭᠠᠨ ᠤ ᠬᠡᠷᠡᠭᠵᠢᠭᠦᠯᠬᠦ ᠲᠥᠰᠥᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2020/9/29
ᠴᠢᠬᠤᠯᠠ ᠶᠡᠭᠡ ᠠᠴᠢ ᠬᠤᠯᠪᠣᠭᠳᠠᠯ       ︽ᠤᠰᠤ ᠠᠷᠪᠢᠯᠠᠬᠤ ᠶᠢ ᠤᠷᠢᠳᠠᠪᠠᠷ ᠪᠣᠳᠣᠯᠬᠢᠯᠠᠬᠤ︾ ᠰᠢᠨ᠎ᠡ ᠴᠠᠭ ᠦᠶ᠎ᠡ ᠶᠢᠨ ᠤᠰᠤ ᠵᠠᠰᠠᠬᠤ ᠵᠠᠷᠴᠢᠮ ᠳᠣᠣᠷ᠎ᠠ᠂ ᠮᠠᠨ ᠤ ᠬᠤᠲᠠ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠶᠢ ᠦᠨᠳᠦᠰᠦᠯᠡᠨ᠂ ︽ᠬᠥᠬᠡᠬᠤᠲᠠ ᠶᠢᠨ ᠤᠰᠤ ᠠᠷᠪᠢᠯᠠᠬᠤ ᠠᠵᠢᠯᠯᠠᠭᠠᠨ ᠤ ᠬᠡᠷᠡᠭᠵᠢᠭᠦᠯᠬᠦ ᠲᠥᠰᠥᠯ ︾ ᠢ ᠳᠠᠷᠤᠮᠠᠯᠯᠠᠨ ᠲᠠᠷᠬᠠᠭᠠᠪᠠ᠂ ᠡᠨᠡ ᠪᠣᠯ ᠮᠠᠨ ᠤ ᠬᠤᠲᠠ ᠶᠢᠨ ᠠᠩᠬ᠎ᠠ ᠤᠳᠠᠭ᠎ᠠ ᠳᠠᠷᠤᠮᠠᠯᠯᠠᠨ ᠲᠠᠷᠬᠠᠭᠠᠭᠰᠠᠨ ᠤᠰᠤ ᠠᠷᠪᠢᠯᠠᠬᠤ ᠬᠦᠷᠢᠶᠡᠨ ᠤ ᠰᠢᠰᠲ᠋ᠧᠮ  ᠲᠠᠢ ᠬᠡᠷᠡᠭᠵᠢᠭᠦᠯᠬᠦ ᠲᠥᠰᠥᠯ ᠪᠣᠯᠣᠨ᠎ᠠ᠂ ᠪᠦᠬᠦ ᠬᠤᠲᠠ ᠶᠢᠨ ᠤᠰᠤ ᠠᠷᠪᠢᠯᠠᠬᠤ ᠠᠵᠢᠯ ᠢ ᠥᠷᠨᠢᠭᠦᠯᠬᠦ ᠴᠢᠬᠤᠯᠠ ᠦᠨᠳᠦᠰᠦᠯᠡᠯ ᠮᠥᠨ᠂ ᠳᠠᠷᠠᠭᠠᠴᠢ ᠶᠢᠨ ᠨᠢᠭᠡ ᠬᠡᠰᠡᠭ ᠬᠤᠭᠤᠴᠠᠭᠠᠨ ᠳᠤ ᠪᠦᠬᠦ ᠬᠤᠲᠠ ᠶᠢᠨ ᠤᠰᠤ ᠠᠷᠪᠢᠯᠠᠬᠤ ᠠᠵᠢᠯ ᠢ ᠵᠢᠯᠣᠭᠤᠳᠬᠤ ᠪᠣᠯᠣᠨ᠎ᠠ᠃2019 ᠣᠨ ᠤ 4 ᠳ᠋ᠦ᠋ᠭᠡᠷ ᠰᠠᠷ᠎ᠠ ᠶᠢᠨ 5 ᠤ ᠡᠳᠦᠷ      ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯᠣᠨ ᠤᠰᠤᠨ ᠠᠰᠢᠭᠯᠠᠯᠲᠠ ᠶᠢᠨ ᠶᠠᠮᠤᠨ ᠬᠠᠮᠲᠤᠷᠠᠨ ︽ᠤᠯᠤᠰ ᠤᠨ ᠤᠰᠤ ᠠᠷᠪᠢᠯᠠᠬᠤ ᠠᠵᠢᠯᠯᠠᠭᠠᠨ ᠤ ᠲᠥᠰᠥᠯ︾ ᠢ ᠳᠠᠷᠤᠮᠠᠯᠯᠠᠨ ᠲᠠᠷᠬᠠᠭᠠᠪᠠ᠃2019 ᠣᠨ ᠤ 11 ᠳ᠋ᠦ᠋ᠭᠡᠷ ᠰᠠᠷ᠎ᠠ ᠶᠢᠨ 6 ᠤ ᠡᠳᠦᠷ      ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠪᠣᠯᠣᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠠᠮᠲᠤᠷᠠᠨ ︽ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭᠠᠨ ᠤ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠪᠠ᠃2020 ᠣᠨ ᠤ 7 ᠳ᠋ᠤᠭᠠᠷ ᠰᠠᠷ᠎ᠠ ᠶᠢᠨ 23 ᠤ ᠡᠳᠦᠷ      ᠬᠥᠬᠡᠬᠤᠲᠠ ᠶᠢᠨ ᠵᠠᠰᠠᠭ ᠤᠨ ᠣᠷᠳᠣᠨ ︽ᠬᠥᠬᠡᠬᠤᠲᠠ ᠶᠢᠨ ᠤᠰᠤ ᠠᠷᠪᠢᠯᠠᠬᠤ ᠠᠵᠢᠯᠯᠠᠭᠠᠨ ᠤ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠪᠠ ᠭᠤᠣᠯ ᠬᠠᠷᠠᠯᠲᠠ2020 ᠣᠨ ᠪᠣᠯᠬᠤ ᠳᠤ      ᠬᠠᠮᠢᠶᠠᠷᠤᠯᠲᠠ ᠶᠢᠨ ᠲᠣᠭᠲᠠᠴᠠ ᠠᠯᠬᠤᠮ ᠠᠯᠬᠤᠮ ᠢᠶᠠᠷ ᠲᠡᠭᠦᠯᠳᠡᠷᠵᠢᠵᠦ᠂ ᠮᠡᠷᠭᠡᠵᠢᠯ ᠤᠨ ᠲᠤᠯᠭᠠᠭᠤᠷᠢᠯᠠᠯ ᠤᠨ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠵᠦ᠂ ᠤᠰᠤ ᠠᠷᠪᠢᠯᠠᠭᠰᠠᠨ ᠦᠷ᠎ᠡ ᠪᠦᠲᠦᠮᠵᠢ ᠠᠩᠬ᠎ᠠ ᠠᠯᠬᠤᠮ ᠮᠡᠳᠡᠭᠳᠡᠨ᠎ᠡ᠃      1. ᠲᠦᠮᠡᠨ ᠲᠥᠭᠦᠷᠢᠭ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 2015 ᠣᠨ ᠤ  ᠬᠢ ᠠᠴᠠ 21% ᠪᠠᠷ ᠪᠠᠭᠤᠷᠠᠭᠤᠯᠤᠨ᠎ᠠ᠃      2. ᠲᠦᠮᠡᠨ ᠲᠥᠭᠦᠷᠢᠭ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 2015 ᠣᠨ ᠤ ᠬᠢ ᠠᠴᠠ 18% ᠪᠠᠷ ᠪᠠᠭᠤᠷᠠᠭᠤᠯᠤᠨ᠎ᠠ᠃      3. ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠤ ᠬᠡᠷᠡᠭᠯᠡᠬᠦ ᠤᠰᠤᠨ ᠤ ᠳᠠᠬᠢᠨ ᠠᠰᠢᠭᠯᠠᠯᠲᠠ ᠶᠢᠨ ᠨᠣᠷᠮ᠎ᠠ ᠶᠢ 91% ᠠᠴᠠ ᠳᠡᠭᠡᠭᠰᠢ ᠳᠤ ᠬᠦᠷᠭᠡᠨ᠎ᠡ᠃      4. ᠲᠠᠷᠢᠶᠠᠨ ᠤ ᠤᠰᠤᠯᠠᠯᠲᠠ ᠶᠢᠨ ᠠᠰᠢᠭᠯᠠᠮᠵᠢ ᠶᠢᠨ ᠢᠯᠡᠳᠬᠡᠮᠵᠢ ᠶᠢ ᠳᠡᠭᠡᠭᠰᠢᠯᠡᠭᠦᠯᠵᠦ 0.64 ᠠᠴᠠ ᠥᠨᠳᠥᠷ ᠪᠣᠯᠭᠠᠨ᠎ᠠ᠃      5. ᠣᠯᠠᠨ ᠨᠡᠶᠢᠲᠡ ᠶᠢᠨ ᠤᠰᠤ ᠬᠠᠩᠭᠠᠯᠲᠠ ᠶᠢᠨ ᠲᠣᠣᠷ ᠬᠤᠭᠤᠯᠠᠢ ᠶᠢᠨ ᠭᠤᠭᠤᠵᠢᠵᠤ ᠪᠦᠷᠢᠯᠭᠡᠬᠦ ᠨᠣᠷᠮ᠎ᠠ ᠶᠢ 10% ᠶᠢᠨ ᠳᠣᠲᠣᠷ᠎ᠠ ᠬᠢᠵᠠᠭᠠᠷᠯᠠᠨ᠎ᠠ᠃2022 ᠣᠨ ᠪᠣᠯᠬᠤ ᠳᠤ      ᠤᠰᠤ ᠠᠷᠪᠢᠯᠠᠬᠤ ᠬᠡᠯᠪᠡᠷᠢ ᠶᠢᠨ ᠦᠢᠯᠡᠳᠪᠦᠷᠢᠯᠡᠯ ᠪᠠ ᠠᠮᠢᠳᠤᠷᠠᠯ ᠤᠨ ᠵᠠᠩ ᠳᠠᠳᠬᠠᠯ ᠠᠩᠬ᠎ᠠ ᠠᠯᠬᠤᠮ ᠪᠦᠷᠢᠯᠳᠦᠵᠦ᠂ ᠤᠰᠤ ᠠᠷᠪᠢᠯᠠᠬᠤ ᠠᠵᠤ ᠦᠢᠯᠡᠰ ᠠᠩᠬ᠎ᠠ ᠠᠯᠬᠤᠮ ᠬᠡᠪᠴᠢᠶᠡᠵᠢᠵᠦ᠂ ᠶᠡᠷᠦᠳᠡ ᠶᠢᠨ ᠪᠤᠰᠤ ᠤᠰᠤᠨ ᠠᠰᠢᠭᠯᠠᠯᠲᠠ ᠶᠢᠨ ᠡᠵᠡᠯᠡᠬᠦ ᠬᠤᠪᠢ ᠤᠯᠠᠮ ᠨᠢᠭᠡ ᠠᠯᠬᠤᠮ ᠨᠡᠮᠡᠭᠳᠡᠵᠦ᠂ ᠤᠰᠤ ᠬᠡᠷᠡᠭᠯᠡᠬᠦ ᠠᠰᠢᠭᠯᠠᠮᠵᠢ ᠪᠠ ᠦᠷ᠎ᠡ ᠠᠰᠢᠭ ᠢ ᠢᠯᠡᠳᠲᠡ ᠳᠡᠭᠡᠭᠰᠢᠯᠡᠵᠦ᠂ ᠪᠦᠬᠦ ᠨᠡᠶᠢᠭᠡᠮ ᠤᠨ ᠤᠰᠤ ᠠᠷᠪᠢᠯᠠᠬᠤ ᠲᠠᠨᠢᠯᠲᠠ ᠢᠯᠡᠳᠲᠡ ᠳᠡᠭᠡᠭᠰᠢᠯᠡᠨ᠎ᠡ᠃      1. ᠪᠦᠬᠦ ᠬᠤᠲᠠ ᠶᠢᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ 11.11 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠨ᠎ᠠ᠃      2. ᠤᠰᠤ ᠬᠡᠷᠡᠭᠯᠡᠬᠦ ᠠᠰᠢᠭᠯᠠᠮᠵᠢ ᠤᠯᠠᠮ ᠨᠢᠭᠡ ᠠᠯᠬᠤᠮ ᠳᠡᠭᠡᠭᠰᠢᠯᠡᠨ᠎ᠡ᠃2035 ᠣᠨ ᠪᠣᠯᠬᠤ ᠳᠤ      ᠪᠦᠷᠢᠨᠰᠢᠨ ᠲᠡᠭᠦᠯᠳᠡᠷᠵᠢᠭᠰᠡᠨ ᠤᠰᠤ ᠠᠷᠪᠢᠯᠠᠬᠤ ᠲᠥᠷᠥ ᠶᠢᠨ ᠪᠣᠳᠣᠯᠭ᠎ᠠ ᠬᠠᠤᠯᠢ ᠳᠦᠷᠢᠮ ᠤᠨ ᠰᠢᠰᠲ᠋ᠧᠮᠵᠢ ᠪᠠ ᠪᠠᠷᠢᠮᠵᠢᠶ᠎ᠠ ᠶᠢᠨ ᠰᠢᠰᠲ᠋ᠧᠮᠵᠢ᠂ ᠲᠡᠭᠦᠯᠳᠡᠷᠵᠢᠭᠰᠡᠨ ᠵᠠᠬ᠎ᠠ ᠳᠡᠯᠭᠡᠭᠦᠷ ᠠᠴᠠ ᠲᠣᠬᠢᠷᠠᠭᠤᠯᠬᠤ ᠲᠣᠭᠲᠠᠴᠠ᠂ ᠲᠡᠷᠢᠭᠦᠨ ᠤ ᠮᠡᠷᠭᠡᠵᠢᠯ ᠢᠶᠠᠷ ᠲᠤᠯᠭᠠᠭᠤᠷᠢᠯᠠᠬᠤ ᠰᠢᠰᠲ᠋ᠧᠮᠵᠢ ᠶᠢ ᠪᠦᠷᠢᠯᠳᠦᠵᠦ᠂ ᠤᠰᠤ ᠶᠢ ᠠᠷᠪᠢᠯᠠᠬᠤ ᠤᠰᠤ ᠶᠢ ᠬᠠᠮᠠᠭᠠᠯᠠᠬᠤ ᠤᠰᠤ ᠶᠢ ᠬᠠᠶᠢᠷᠠᠯᠠᠬᠤ ᠨᠢ ᠪᠦᠬᠦ ᠨᠡᠶᠢᠭᠡᠮ ᠤᠨ ᠥᠪᠡᠷ ᠤᠨ ᠤᠬᠠᠮᠰᠠᠷ ᠤᠨ ᠠᠵᠢᠯᠯᠠᠭ᠎ᠠ ᠪᠣᠯᠵᠤ᠂ ᠤᠰᠤᠨ ᠤ ᠡᠬᠢ ᠪᠠᠶᠠᠯᠢᠭ ᠢ ᠠᠷᠪᠢᠯᠠᠬᠤ ᠪᠠ ᠣᠷᠴᠢᠯ ᠬᠡᠷᠡᠭᠯᠡᠯᠲᠡ ᠤᠯᠤᠰ ᠤᠨ ᠲᠡᠷᠢᠭᠦᠨ ᠤ ᠬᠡᠮᠵᠢᠶᠡᠨ ᠳᠤ ᠬᠦᠷᠴᠦ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠨᠢ ᠬᠥᠭᠵᠢᠯᠲᠡ ᠶᠢᠨ ᠬᠦᠷᠢᠶ᠎ᠡ ᠬᠡᠪᠴᠢᠶ᠎ᠡ᠂ ᠠᠵᠤ ᠦᠢᠯᠡᠰ ᠤᠨ ᠪᠦᠳᠦᠴᠡ ᠪᠠ ᠣᠷᠣᠨ ᠵᠠᠢ ᠶᠢᠨ ᠪᠠᠶᠢᠷᠢᠰᠢᠯ ᠵᠡᠷᠭᠡ ᠲᠠᠢ ᠵᠣᠬᠢᠴᠠᠯᠳᠤᠨ ᠬᠥᠭᠵᠢᠭᠰᠡᠨ ᠣᠳᠣᠬᠢᠴᠢᠯᠠᠭᠰᠠᠨ ᠰᠢᠨ᠎ᠡ ᠪᠠᠶᠢᠳᠠᠯ ᠳᠤ ᠣᠷᠣᠨ᠎ᠠ᠃ᠵᠢᠷᠭᠤᠭᠠᠨ ᠶᠡᠭᠡ ᠭᠤᠣᠯᠳᠠᠯᠭ᠎ᠠ ᠲᠠᠢ ᠡᠭᠦᠷᠭᠡ      1. ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠪᠠ ᠬᠦᠴᠦᠨ ᠢ ᠬᠢᠵᠠᠭᠠᠷᠯᠠᠨ᠎ᠠ᠃      2. ᠲᠠᠷᠢᠶᠠᠯᠠᠩ ᠠᠵᠤ ᠠᠬᠤᠢ ᠬᠥᠳᠡᠭᠡ ᠲᠣᠰᠬᠤᠨ ᠳᠤ ᠤᠰᠤ ᠠᠷᠪᠢᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      3. ᠠᠵᠤ ᠦᠢᠯᠡᠳᠪᠦᠷᠢ ᠳᠤ ᠤᠰᠤ ᠠᠷᠪᠢᠯᠠᠵᠤ ᠭᠠᠳᠠᠭᠰᠢᠯᠠᠭᠤᠯᠤᠯᠲᠠ ᠶᠢ ᠪᠠᠭᠠᠰᠬᠠᠨ᠎ᠠ᠃      4. ᠬᠤᠲᠠ ᠳᠤ ᠤᠰᠤ ᠠᠷᠪᠢᠯᠠᠵᠤ ᠬᠤᠷᠣᠭᠳᠠᠯ ᠢ ᠪᠠᠭᠠᠰᠬᠠᠨ᠎ᠠ᠃      5. ᠤᠰᠤ ᠠᠷᠪᠢᠯᠠᠵᠤ ᠨᠡᠭᠡᠭᠡᠨ ᠠᠰᠢᠭᠯᠠᠬᠤ ᠶᠢ ᠠᠬᠢᠭᠤᠯᠤᠨ᠎ᠠ᠃      6. ᠰᠢᠨᠵᠢᠯᠡᠬᠦ ᠤᠬᠠᠭᠠᠨ ᠮᠡᠷᠭᠡᠵᠢᠯ ᠳᠤ ᠰᠢᠨ᠎ᠡ ᠶᠢ ᠡᠭᠦᠳᠬᠦ ᠪᠠᠷ ᠬᠥᠲᠥᠯᠥᠭᠦᠯᠦᠨ᠎ᠡ᠃ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠤᠶᠠᠷ ᠶᠡᠭᠡ ᠠᠷᠭ᠎ᠠ ᠬᠡᠮᠵᠢᠶ᠎ᠡ      1. ᠲᠥᠷᠥ ᠶᠢᠨ ᠪᠣᠳᠣᠯᠭ᠎ᠠ ᠳᠦᠷᠢᠮ ᠲᠣᠭᠲᠠᠭᠠᠯ ᠢᠶᠠᠷ ᠠᠬᠢᠭᠤᠯᠤᠨ᠎ᠠ᠃       ︵1︶ ᠤᠰᠤᠨ ᠤ ᠦᠨ᠎ᠡ ᠶᠢᠨ ᠥᠭᠡᠷᠡᠴᠢᠯᠡᠯᠲᠡ ᠶᠢ  ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃       ︵2︶ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠠᠬᠢᠭᠤᠯᠤᠨ᠎ᠠ᠃       ︵3︶ ᠤᠰᠤ ᠬᠡᠷᠡᠭᠯᠡᠬᠦ ᠬᠡᠮᠵᠢᠶ᠎ᠡ ᠶᠢ ᠪᠦᠷᠢᠳᠬᠡᠬᠦ ᠶᠢ ᠴᠢᠩᠭᠠᠳᠬᠠᠨ᠎ᠠ᠃       ︵4︶ ᠤᠰᠤ ᠠᠷᠪᠢᠯᠠᠬᠤ ᠶᠢ ᠬᠢᠨᠠᠵᠤ ᠬᠠᠮᠢᠶᠠᠷᠬᠤ ᠪᠠᠨ ᠴᠢᠩᠭᠠᠳᠬᠠᠨ᠎ᠠ᠃      2. ᠵᠠᠬ᠎ᠠ ᠳᠡᠯᠭᠡᠭᠦᠷ ᠤᠨ ᠲᠣᠭᠲᠠᠴᠠ ᠳᠤ ᠰᠢᠨᠡᠴᠢᠯᠡᠯᠲᠡ ᠬᠢᠨ᠎ᠡ᠃       ︵1︶ ᠤᠰᠤᠨ ᠤ ᠡᠷᠬᠡ ᠤᠰᠤᠨ ᠤ ᠵᠠᠬ᠎ᠠ ᠳᠡᠯᠭᠡᠭᠦᠷ ᠤᠨ ᠥᠭᠡᠷᠡᠴᠢᠯᠡᠯᠲᠡ ᠶᠢ ᠲᠣᠭᠲᠠᠭᠤᠨ ᠢᠶᠠᠷ ᠠᠬᠢᠭᠤᠯᠤᠨ᠎ᠠ᠃       ︵2︶ ᠤᠰᠤᠨ ᠤ ᠠᠰᠢᠭᠯᠠᠮᠵᠢ ᠶᠢᠨ ᠲᠡᠮᠳᠡᠭ ᠤᠨ ᠪᠠᠶᠢᠭᠤᠯᠤᠯᠲᠠ ᠶᠢ ᠠᠬᠢᠭᠤᠯᠤᠨ᠎ᠠ       ︵3︶ ᠭᠡᠷ᠎ᠡ ᠶᠢᠨ ᠤᠰᠤ ᠠᠷᠪᠢᠯᠠᠬᠤ ᠬᠠᠮᠢᠶᠠᠷᠤᠯᠲᠠ ᠶᠢ ᠠᠬᠢᠭᠤᠯᠤᠨ᠎ᠠ᠃ᠲᠠᠪᠤᠨ ᠶᠡᠭᠡ ᠪᠠᠲᠤᠯᠠᠬᠤ ᠠᠷᠭ᠎ᠠ ᠬᠡᠮᠵᠢᠶ᠎ᠡ      1. ᠵᠣᠬᠢᠶᠠᠨ ᠪᠠᠶᠢᠭᠤᠯᠤᠨ ᠤᠳᠤᠷᠢᠳᠬᠤ ᠶᠢ ᠴᠢᠩᠭᠠᠳᠬᠠᠨ᠎ᠠ᠃      2. ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠤᠨ᠎ᠠ᠃      3. ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃      4. ᠪᠡᠯᠡ ᠮᠥᠩᠭᠦ ᠶᠢᠨ ᠣᠷᠣᠭᠤᠯᠤᠯᠲᠠ ᠶᠢ ᠪᠠᠲᠤᠯᠠᠨ᠎ᠠ᠃      5. ᠤᠬᠠᠭᠤᠯᠭ᠎ᠠ ᠬᠥᠮᠥᠵᠢᠯ ᠢ ᠴᠢᠩᠭᠠᠳᠬᠠᠨ᠎ᠠ᠃
ᠢᠷᠡᠯᠲᠡ᠄ ᠬᠥᠬᠡᠬᠤᠲᠠ ᠶᠢᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ