ᠫᠤᠰᠲ ᠳ᠋ᠣᠺᠲ᠋ᠣᠷ ᠤᠨ ᠳᠦᠷᠢᠮ ᠤᠨ ᠳᠡᠭᠡᠳᠦ ᠲᠡᠰ ᠤᠨ ᠰᠢᠨ᠎ᠡ ᠶᠢ ᠡᠭᠦᠳᠬᠦ ᠴᠢᠨᠠᠷᠲᠠᠶ ᠵᠠᠯᠠᠭᠤ | ᠴᠢᠳᠠᠪᠤᠷᠢᠲᠠᠨ ᠢ ᠬᠥᠮᠦᠵᠢᠭᠦᠯᠬᠦ ᠳᠤ ᠦᠵᠡᠭᠦᠯᠬᠦ ᠴᠢᠬᠤᠯᠠ ᠠᠷᠭ᠎ᠠ ᠵᠠᠮ ᠤᠨ ᠦᠢᠯᠡᠳᠦᠯ ᠢ ᠤᠯᠠᠮ ᠨᠢᠭᠡ ᠠᠯᠬᠤᠮ | ᠨᠠᠶᠢᠳᠠᠪᠣᠷᠢᠵᠢᠭᠤᠯᠬᠤ ᠶᠢᠨ ᠲᠥᠯᠥᠭᠡ᠂ 8 ᠳ᠋ᠤᠭᠠᠷ ᠰᠠᠷ᠎ᠠ ᠶᠢᠨ 27 ᠤ ᠡᠳᠦᠷ᠂ ᠬᠤᠲᠠ ᠶᠢᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠸᠠᠩ ᠵᠢᠶᠠᠩ | ᠾᠦᠢ ᠨᠠᠷ ᠮᠠᠨ ᠤ ᠰᠢᠶᠠᠨ ᠳᠤ ᠬᠦᠷᠴᠦ ᠫᠤᠰᠲ ᠳ᠋ᠣᠺᠲ᠋ᠣᠷ ᠤᠨ ᠠᠵᠢᠯᠯᠠᠬᠤ ᠥᠷᠲᠡᠭᠡ ᠳᠤ ᠪᠠᠶᠢᠴᠠᠭᠠᠨ | ᠰᠤᠳᠤᠯᠤᠯᠲᠠ ᠬᠢᠵᠦ᠂ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠵᠢᠴᠢ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠪᠠ᠃ | ᠣᠳᠣᠬᠠᠨ ᠳᠤ᠂ ᠮᠠᠨ ᠤ ᠰᠢᠶᠠᠨ ᠤᠯᠤᠰ ᠤᠨ ᠲᠠᠰ ᠤᠨ ᠫᠤᠰᠲ ᠳ᠋ᠣᠺᠲ᠋ᠣᠷ ᠤᠨ ᠠᠵᠢᠯᠯᠠᠬᠤ ᠥᠷᠲᠡᠭᠡ ᠶᠢ 2 | ᠪᠠᠶᠢᠭᠤᠯᠵᠤ᠂ ᠮᠧᠩ ᠨᠢᠦ ᠺᠣᠮᠫᠠᠨᠢ ᠪᠣᠯᠤᠨ ᠰᠠᠢ ᠺᠧ ᠰᠢᠩ ᠺᠣᠮᠫᠠᠨᠢ ᠳᠤ ᠪᠠᠶᠢᠵᠤ᠂ ᠥᠷᠲᠡᠭᠡᠨ ᠤ ᠳ᠋ᠣᠺᠲ᠋ᠣᠷ | ᠨᠡᠶᠢᠲᠡ 3 ᠪᠠᠶᠢᠵᠤ᠂ ᠭᠤᠣᠯᠳᠠᠭᠤ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠪᠠ ᠵᠡᠭᠦᠨ | ᠬᠤᠶᠢᠲᠤ ᠶᠢᠨ ᠲᠠᠷᠢᠶᠠᠯᠠᠩ ᠤᠨ ᠶᠡᠭᠡ ᠰᠤᠷᠭᠠᠭᠤᠯᠢ ᠠᠴᠠ ᠢᠷᠡᠭᠰᠡᠨ ᠶᠤᠮ᠃ ᠮᠠᠨ ᠤ ᠰᠢᠶᠠᠨ ᠫᠤᠰᠲ ᠳ᠋ᠣᠺᠲ᠋ᠣᠷ ᠤᠨ | ᠠᠵᠢᠯᠯᠠᠬᠤ ᠥᠷᠲᠡᠭᠡᠨ ᠤ ᠲᠠᠪᠴᠠᠩ ᠤᠨ ᠪᠠᠶᠢᠭᠤᠯᠤᠯᠲᠠ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠵᠤ | ᠦᠢᠯᠡᠰ ᠤᠨ ᠡᠷᠡᠭᠦᠯ ᠢᠶᠠᠷ ᠬᠥᠭᠵᠢᠬᠦ᠂ ᠦᠷ᠎ᠡ ᠪᠦᠲᠦᠭᠡᠯ ᠢ ᠬᠤᠪᠢᠷᠠᠭᠤᠯᠬᠤ ᠵᠢᠴᠢ ᠠᠵᠤ ᠠᠬᠤᠶᠢᠯᠠᠯ ᠤᠨ | ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠳᠤ ᠴᠢᠬᠤᠯᠠ ᠦᠢᠯᠡᠳᠦᠯ ᠦᠵᠡᠭᠦᠯᠪᠡ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠥᠪᠥᠷ ᠮᠣᠩᠭᠤᠯ ᠤᠨ ᠮᠧᠩ ᠨᠢᠤ ᠰᠦ ᠰᠠᠭᠠᠯᠢ ᠶᠢᠨ | ᠦᠢᠯᠡᠰ ᠤᠨ ︵ᠪᠦᠯᠦᠭᠯᠡᠯ︶ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠰᠠᠭᠤᠳᠠᠯ ᠤᠨ ᠬᠤᠷᠠᠯ ᠬᠢᠵᠦ᠂ | ᠮᠧᠩ ᠨᠢᠦ ᠺᠣᠮᠫᠠᠨᠢ ᠶᠢᠨ ᠫᠤᠰᠲ ᠳ᠋ᠣᠺᠲ᠋ᠣᠷ ᠤᠨ ᠠᠵᠢᠯᠯᠠᠬᠤ ᠥᠷᠲᠡᠭᠡᠨ ᠤ ᠬᠠᠷᠢᠭᠤᠴᠠᠯᠭᠠᠲᠠᠨ ᠮᠦ ᡁᠢ ᠱᠧᠨ | ᠫᠤᠰᠲ ᠳ᠋ᠣᠺᠲ᠋ᠣᠷ ᠤᠨ ᠠᠵᠢᠯᠯᠠᠬᠤ ᠥᠷᠲᠡᠭᠡᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠥᠷᠨᠢᠭᠦᠯᠦᠭᠰᠡᠨ | ᠪᠠᠶᠢᠳᠠᠯ᠂ ᠫᠤᠰᠲ ᠳ᠋ᠣᠺᠲ᠋ᠣᠷ ᠤᠨ ᠡᠷᠳᠡᠮ ᠰᠢᠨᠵᠢᠯᠡᠭᠡᠨ ᠤ ᠠᠵᠢᠯᠲᠠᠨ ᠡᠯᠰᠡᠬᠦ ᠪᠠᠶᠢᠳᠠᠯ ᠵᠢᠴᠢ ᠫᠤᠰᠲ ᠳ᠋ᠣᠺᠲ᠋ᠣᠷ ᠤᠨ | ᠠᠵᠢᠯᠯᠠᠭᠠᠨ ᠤ ᠲᠣᠭᠲᠠᠴᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠲᠠᠨᠢᠯᠴᠠᠭᠤᠯᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠵᠢᠭᠠᠵᠤ ᠭᠠᠷᠭᠠᠭᠰᠠᠨ ᠨᠢ᠂ ᠮᠧᠩ ᠨᠢᠦ ᠫᠤᠰᠲ ᠳ᠋ᠣᠺᠲ᠋ᠣᠷ ᠤᠨ | ᠠᠵᠢᠯᠯᠠᠬᠤ ᠥᠷᠲᠡᠭᠡ ᠶᠢᠨ ᠥᠷᠨᠢᠭᠦᠯᠦᠭᠰᠡᠨ ᠪᠠᠶᠢᠳᠠᠯ ᠢ ᠭᠦᠢᠴᠡᠳ ᠨᠤᠲᠠᠯᠠᠬᠤ ᠶᠢᠨ ᠬᠠᠮᠲᠤ᠂ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠪᠠᠶᠢᠴᠠᠭᠠᠨ ᠰᠤᠳᠤᠯᠤᠯᠲᠠ ᠪᠠ ᠵᠣᠯᠭᠠᠯᠴᠠᠭ᠎ᠠ ᠪᠠᠨ ᠦᠷᠭᠦᠯᠵᠢᠯᠡᠨ ᠴᠢᠩᠭᠠᠳᠬᠠᠬᠤ ᠶᠢ | ᠬᠦᠰᠡᠵᠦ᠂ ᠠᠵᠤ ᠠᠬᠤᠶᠢᠯᠠᠯ ᠤᠨ ᠪᠠᠶᠢᠳᠠᠯ ᠢ ᠣᠶᠢᠯᠠᠭᠠᠬᠤ ᠠᠵᠢᠯ ᠪᠠ ᠦᠢᠯᠡᠴᠢᠯᠡᠭᠡ ᠶᠢ ᠰᠠᠶᠢᠲᠤᠷ ᠬᠢᠵᠦ᠂ | ᠴᠢᠳᠠᠪᠤᠷᠢᠲᠠᠨ ᠤ ᠶᠢᠨ ᠴᠢᠶᠤᠤ ᠡᠬᠢ ᠪᠠᠶᠠᠯᠢᠭ ᠵᠡᠷᠭᠡ ᠠᠷᠭ᠎ᠠ ᠵᠠᠮ ᠢᠶᠠᠷ ᠴᠢᠳᠠᠪᠤᠷᠢᠲᠠᠨ ᠤ ᠲᠠᠪᠴᠠᠩ ᠢ ᠪᠠᠶᠢᠭᠤᠯᠵᠤ᠂ | ᠤᠶᠠᠨ ᠬᠠᠳᠠᠨ ᠢᠶᠠᠷ ᠴᠢᠳᠠᠪᠤᠷᠢᠲᠠᠨ ᠢ ᠤᠷᠢᠨ ᠠᠪᠴᠢᠷᠠᠬᠤ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ | ᠰᠢᠨ᠎ᠡ ᠶᠢ ᠡᠭᠦᠳᠴᠦ ᠬᠥᠭᠵᠢᠬᠦ ᠶᠢ ᠠᠬᠢᠭᠤᠯᠬᠤ ᠬᠡᠷᠡᠭᠲᠡᠢ ᠭᠡᠰᠡᠨ ᠪᠠᠶᠢᠨ᠎ᠠ᠃ |