ᠮᠠᠨ ᠤ ᠬᠤᠲᠠ ᠶᠢᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠬᠠᠨᠳᠤᠰᠢ ᠶᠡᠭᠡ ᠰᠠᠶᠢᠨ ᠪᠠᠶᠢᠨ᠎ᠠ
ᠨᠡᠶᠢᠲᠡᠯᠡᠭᠰᠡᠨ ᠴᠠᠭ᠄
2020/9/3
      ᠡᠨᠡ ᠵᠢᠯ ᠠᠴᠠ ᠨᠠᠭᠠᠰᠢ᠂ ᠮᠠᠨ ᠤ ᠬᠤᠲᠠ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠣᠭᠠᠴᠢᠯᠠᠭᠰᠠᠨ ᠠᠵᠤ ᠠᠬᠤᠢ ᠶᠢᠨ ᠡᠯ᠎ᠡ ᠵᠦᠢᠯ ᠤᠨ ᠠᠵᠢᠯ ᠡᠮᠬᠢ ᠵᠢᠷᠤᠮ ᠲᠠᠢ ᠶᠠᠪᠤᠭᠳᠠᠵᠤ᠂ ᠬᠥᠭᠵᠢᠯᠲᠡ ᠶᠢᠨ ᠶᠡᠷᠦᠩᠬᠡᠢ ᠬᠠᠨᠳᠤᠰᠢ ᠶᠡᠭᠡ ᠰᠠᠶᠢᠨ ᠪᠠᠶᠢᠨ᠎ᠠ᠃ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠦᠬᠦ ᠬᠤᠲᠠ ᠶᠢᠨ ᠮᠡᠳᠡᠭᠡ ᠵᠠᠩᠭᠢ ᠶᠢ ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡ ᠶᠢᠨ ᠦᠢᠯᠡᠰ ᠲᠦᠷᠭᠡᠨ ᠢᠶᠠᠷ ᠨᠡᠮᠡᠭᠳᠡᠬᠦ ᠬᠠᠨᠳᠤᠰᠢ ᠪᠠᠨ  ᠪᠠᠳᠤᠯᠠᠵᠤ᠂ ᠨᠡᠮᠡᠭᠳᠡᠯ ᠥᠷᠲᠡᠭ 14.9% ᠪᠠᠷ ᠨᠡᠮᠡᠭᠳᠡᠵᠦ᠂ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ ᠤᠨ ᠬᠤᠷᠳᠤᠴᠠ ᠶᠢ 0.5 ᠵᠠᠭᠤᠨ ᠤ ᠬᠤᠪᠢ ᠶᠢᠨ ᠴᠡᠭ ᠳᠡᠭᠡᠭᠰᠢ ᠲᠠᠲᠠᠪᠠ᠃      ᠮᠡᠳᠡᠭᠡ ᠵᠠᠩᠭᠢ ᠶᠢᠨ ᠦᠢᠯᠡᠳᠬᠦ ᠦᠢᠯᠡᠰ ᠤᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠵᠢᠯ ᠳᠤ 10 ᠲᠦᠮᠡᠨ ᠴᠢᠩᠬᠤᠸᠠ  ᠲᠦᠩ ᠹᠠᠩ ᠦᠢᠯᠡᠴᠢᠯᠡᠭᠦᠷ ᠢ ᠦᠢᠯᠡᠳᠪᠦᠷᠢᠯᠡᠬᠦ ᠦᠢᠯᠡᠳᠪᠦᠷᠢᠯᠡᠯ ᠤᠨ ᠱᠤᠭᠤᠮ ᠠᠰᠢᠭᠯᠠᠯᠲᠠ ᠳᠤ ᠣᠷᠣᠵᠤ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢᠨ ᠯᠠᠩ ᠴᠤᠤ ᠥᠪᠥᠷ ᠮᠣᠩᠭᠤᠯ ᠤᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠠᠵᠢᠯ ᠢᠶᠠᠨ ᠡᠬᠢᠯᠡᠭᠦᠯᠦᠨ ᠪᠠᠶᠢᠭᠤᠯᠪᠠ᠃      ᠲᠣᠮᠣ ᠳ᠋ᠠᠶᠢᠲ᠋ᠠ ᠶᠢᠨ ᠬᠡᠷᠡᠭᠯᠡᠭᠡᠨ ᠤ ᠲᠠᠯ᠎ᠠ ᠪᠠᠷ᠂ ᠴᠠᠬᠢᠯᠭᠠᠨ ᠬᠦᠴᠦᠨ ᠤ ᠲᠣᠬᠢᠷᠠᠭᠤᠯᠤᠯᠲᠠ᠂ ᠰᠦ ᠶᠢᠨ ᠦᠢᠯᠡᠰ ᠤᠨ ᠦᠢᠯᠡᠳᠪᠦᠷᠢᠯᠡᠯ᠂ ᠲᠠᠯ᠎ᠠ ᠨᠤᠲᠤᠭ ᠤᠨ ᠠᠮᠢ ᠠᠬᠤᠢ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠵᠠᠰᠠᠮᠠᠯ ᠵᠠᠮ ᠤᠨ ᠪᠣᠳᠠᠰ ᠤᠨ ᠭᠦᠢᠯᠭᠡᠭᠡ᠂ ᠮᠡᠳᠡᠭᠡ ᠵᠠᠩᠭᠢ ᠶᠢᠨ ᠠᠶᠤᠯᠭᠦᠢ ᠵᠡᠷᠭᠡ ᠨᠢᠭᠡ ᠪᠦᠯᠦᠭ ᠲᠣᠮᠣ ᠳ᠋ᠠᠶᠢᠲ᠋ᠠ ᠶᠢᠨ ᠲᠠᠪᠴᠠᠩ ᠢ ᠪᠠᠶᠢᠭᠤᠯᠪᠠ᠃ ᠥᠪᠥᠷ ᠮᠣᠩᠭᠤᠯ ᠤᠨ ᠲᠣᠮᠣ ᠳ᠋ᠠᠶᠢᠲ᠋ᠠ ᠶᠢᠨ ᠰᠤᠳᠤᠯᠭᠠᠨ ᠤ ᠬᠦᠷᠢᠶᠡᠯᠡᠩ ᠪᠣᠯᠣᠨ ᠴᠢᠳᠠᠪᠤᠷᠢᠲᠠᠨ ᠢ ᠬᠥᠮᠥᠵᠢᠭᠦᠯᠬᠦ ᠰᠠᠭᠤᠷᠢᠨ ᠭᠠᠵᠠᠷ ᠤᠨ ᠲᠥᠷᠥᠯ ᠵᠦᠢᠯ ᠢ  ᠶᠠᠭ  ᠲᠦᠷᠭᠡᠳᠭᠡᠨ ᠠᠬᠢᠭᠤᠯᠵᠤ ᠪᠠᠶᠢᠨ᠎ᠠ᠃      ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠠᠵᠤ ᠠᠬᠤᠶᠢᠯᠠᠯ ᠡᠭᠦᠯᠡᠨ ᠳᠤ ᠭᠠᠷᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠬᠥᠭᠵᠢᠯᠲᠡ ᠶᠢ ᠲᠦᠷᠭᠡᠳᠬᠡᠬᠦ ᠲᠦᠷ ᠬᠡᠷᠡᠭᠵᠢᠭᠦᠯᠬᠦ ᠠᠷᠭ᠎ᠠ︾ ᠶᠢ ᠲᠣᠭᠲᠠᠭᠠᠨ᠂ 23 ᠡᠭᠦᠯᠡᠨ ᠳᠤ ᠭᠠᠷᠬᠤ ᠦᠢᠯᠡᠴᠢᠯᠡᠭᠡ ᠶᠢᠨ ᠲᠠᠯ᠎ᠠ ᠶᠢ ᠬᠥᠮᠥᠵᠢᠭᠦᠯᠵᠦ᠂ 2000 ᠭᠠᠷᠤᠢ ᠠᠵᠤ ᠠᠬᠤᠶᠢᠯᠠᠯ ᠡᠭᠦᠯᠡᠨ ᠳᠤ ᠭᠠᠷᠪᠠ᠃      ᠲᠣᠭᠠᠴᠢᠯᠠᠭᠰᠠᠨ ᠡᠭᠦᠳᠦᠨ ᠪᠦᠳᠦᠭᠡᠯᠲᠡ ᠶᠢᠨ ᠦᠢᠯᠡᠰ ᠤᠨ ᠲᠠᠯ᠎ᠠ ᠪᠠᠷ᠂ ᠳᠡᠭᠡᠷ᠎ᠡ ᠬᠠᠭᠠᠰ ᠵᠢᠯ ᠳᠤ᠂ ᠪᠦᠬᠦ ᠬᠤᠲᠠ ᠶᠢᠨ ᠡᠯᠧᠺᠲᠷᠣᠨ ᠬᠤᠳᠠᠯᠳᠤᠭᠠᠨ ᠤ ᠠᠷᠠᠯᠵᠢᠶ᠎ᠠ ᠪᠦᠲᠦᠭᠰᠡᠨ ᠬᠡᠮᠵᠢᠶ᠎ᠡ 605.55 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 2% ᠢᠶᠠᠷ ᠨᠡᠮᠡᠭᠳᠡᠵᠦ᠂ ᠰᠦᠯᠵᠢᠶᠡᠨ ᠳᠡᠭᠡᠷ᠎ᠡ ᠰᠤᠯᠠ ᠬᠤᠳᠠᠯᠳᠤᠭᠰᠠᠰᠨ ᠬᠡᠮᠵᠢᠶ᠎ᠡ 68.6 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 2.2% ᠢᠶᠠᠷ ᠨᠡᠮᠡᠭᠳᠡᠵᠦ᠂ ᠬᠤᠶᠠᠷ ᠵᠦᠢᠯ ᠤᠨ ᠭᠦᠢᠴᠡᠳᠬᠡᠯ ᠲᠤᠭ᠎ᠠ ᠴᠥᠮ ᠣᠷᠣᠨ ᠳᠣᠲᠣᠷ᠎ᠠ ᠪᠠᠨ ᠲᠡᠷᠢᠭᠦᠯᠡᠵᠡᠢ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号