ᠬᠦᠬᠡᠬᠤᠳᠠ ᠶᠢᠨ ᠡᠳᠦᠷ ᠤᠨ ᠰᠤᠨᠢᠨ ᠤ ᠮᠡᠳᠡᠭᠡ ︵ᠰᠤᠷᠪᠤᠯᠵᠢᠯᠠᠭᠴᠢ ᠶᠦᠨ ᠶᠠᠨ ᠹᠠᠩ︶ | ᠰᠤᠷᠪᠤᠯᠵᠢᠯᠠᠭᠴᠢ ᠬᠥᠬᠡᠬᠤᠲᠠ ᠶᠢᠨ ᠨᠢᠰᠬᠡᠯ ᠤᠨ ᠪᠠᠭᠤᠳᠠᠯ ᠠᠴᠠ ᠣᠶᠢᠯᠠᠭᠠᠭᠰᠠᠨ ᠢᠶᠠᠷ᠂ ᠬᠦᠬᠡᠬᠤᠳᠠ ᠶᠢᠨ | ᠨᠢᠰᠬᠡᠯ ᠤᠨ ᠪᠠᠭᠤᠳᠠᠯ ᠨᠢᠰᠭᠡᠯ ᠰᠤᠯᠢᠬᠤ ᠠᠶᠠᠨᠴᠢᠳ ᠲᠤ ᠨᠠᠩ ᠣᠯᠠᠨ ᠳᠥᠭᠦᠮ ᠳᠥᠲᠡ ᠦᠢᠯᠡᠴᠢᠯᠡᠭᠡ | ᠭᠥᠷᠳᠡᠬᠡᠵᠦ ᠪᠠᠶᠢᠨ᠎ᠠ᠃ | ᠠᠮᠤᠷ ᠲᠦᠪᠰᠢᠨ ᠤ ᠪᠠᠶᠢᠴᠠᠭᠠᠯᠲᠠ ᠠᠴᠠ ᠭᠡᠯᠳᠦᠷᠢᠭᠦᠯᠬᠦ — ᠲᠤᠬᠠᠶ ᠶᠢᠨ ᠡᠳᠦᠷ ᠤᠨ ᠨᠢᠰᠭᠡᠯ ᠰᠤᠯᠢᠬᠤ | ᠠᠶᠠᠨᠴᠢᠳ ᠲᠤ ᠬᠤᠶᠠᠳᠠᠬᠢ ᠤᠳᠠᠭᠠᠨ ᠤ ᠠᠮᠤᠷ ᠲᠦᠪᠰᠢᠨ ᠤ ᠪᠠᠶᠢᠴᠠᠭᠠᠯᠲᠠ ᠬᠢᠬᠦ ᠠᠴᠠ ᠭᠡᠯᠳᠦᠷᠢᠭᠦᠯᠦᠨ᠎ᠡ | ᠲᠤᠬᠠᠶ ᠶᠢᠨ ᠡᠳᠦᠷ ᠬᠥᠬᠡᠬᠤᠲᠠ ᠶᠢᠨ ᠨᠢᠰᠬᠡᠯ ᠤᠨ ᠪᠠᠭᠤᠳᠠᠯ ᠢᠶᠠᠷ ᠲᠠᠮᠵᠢᠨ ᠨᠢᠰᠭᠡᠯ ᠰᠤᠯᠢᠬᠤ ᠠᠶᠠᠨᠴᠢᠳ᠂ | ᠨᠢᠰᠬᠡᠯ ᠬᠦᠯᠢᠶᠡᠬᠦ ᠲᠤᠰᠠᠭᠠᠷᠯᠠᠬᠤ ᠲᠣᠭᠤᠷᠢᠭ ᠳᠣᠲᠣᠷᠠᠬᠢ ᠨᠢᠰᠭᠡᠯ ᠰᠤᠯᠢᠬᠤ ᠠᠮᠠᠷᠠᠯᠳᠠ ᠶᠢᠨ ᠲᠣᠭᠤᠷᠢᠭ ᠪᠤᠶᠤ | ᠨᠢᠰᠭᠡᠯ ᠰᠤᠯᠢᠬᠤ ᠲᠦᠷᠭᠡᠨ ᠭᠠᠷᠳᠠᠮ ᠬᠢᠬᠦ ᠯᠠᠩᠭᠦᠶ ᠳᠤ ᠨᠢᠰᠭᠡᠯ ᠰᠤᠯᠢᠬᠤ ᠭᠠᠷᠳᠠᠮ ᠬᠢᠯᠭᠡᠪᠡᠯ ᠳᠠᠬᠢᠨ ᠨᠢᠭᠡ | ᠤᠳᠠᠭᠠᠨ ᠤ ᠠᠮᠤᠷ ᠲᠦᠪᠰᠢᠨ ᠤ ᠪᠠᠶᠢᠴᠠᠭᠠᠯᠲᠠ ᠬᠢᠬᠦ ᠶᠠᠷᠰᠢᠭ ᠲᠦᠪᠡᠭ ᠠᠴᠠ ᠬᠡᠯᠳᠦᠷᠢᠬᠦᠯᠦᠨ᠎ᠡ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ︵ | ᠣᠷᠳᠣᠰ ᠤᠨ ᠨᠢᠰᠬᠡᠯ ᠤᠨ ᠪᠠᠭᠤᠳᠠᠯ ᠪᠠᠭᠲᠠᠬᠤ ᠦᠭᠡᠶ︶ ᠠᠴᠠ ᠨᠢᠰᠬᠦ ᠠᠶᠠᠨᠴᠢᠳ ᠵᠢᠵᠢᠭᠦᠷ ᠤᠨ | ᠲᠦᠭᠦᠭᠡᠷᠦᠮᠵᠢ ᠪᠠᠷ ᠨᠢᠭᠡ ᠯᠡ ᠪᠢᠯᠧᠲ ᠢᠶᠠᠷ ᠠᠴᠢᠶ᠎ᠡ ᠰᠢᠭᠤᠳ ᠨᠡᠪᠲᠡᠷᠡᠬᠦ ᠭᠠᠷᠳᠠᠮ ᠬᠢᠯᠬᠡᠵᠦ ᠪᠣᠯᠤᠨ᠎ᠠ᠃ | ᠨᠠᠶᠢᠳᠠᠨ ᠲᠡᠭᠡᠭᠡᠪᠦᠷᠢᠯᠡᠭᠦᠯᠬᠦ ᠠᠴᠠ ᠬᠡᠯᠲᠦᠷᠢᠭᠦᠯᠬᠦ — ᠲᠤᠰ ᠡᠳᠦᠷ ᠤᠨ ᠨᠢᠰᠭᠡᠯ ᠰᠤᠯᠢᠬᠤ ᠠᠶᠠᠨᠴᠢᠳ | ᠠᠴᠠ ᠠᠴᠢᠶ᠎ᠠ ᠪᠠᠨ ᠨᠠᠶᠢᠳᠠᠨ ᠲᠡᠭᠡᠭᠡᠪᠦᠷᠢᠯᠡᠭᠦᠯᠬᠦ ᠳᠤ ᠳᠠᠬᠢᠨ ᠨᠠᠶᠢᠳᠠᠨ ᠲᠡᠭᠡᠭᠡᠪᠦᠷᠢᠯᠡᠭᠦᠯᠬᠦ ᠰᠦᠢᠳᠭᠡᠯ ᠬᠤᠷᠢᠶᠠᠬᠤ | ᠦᠭᠡᠢ | ᠲᠤᠬᠠᠶ ᠶᠢᠨ ᠡᠳᠦᠷ ᠬᠥᠬᠡᠬᠤᠲᠠ ᠶᠢᠨ ᠨᠢᠰᠬᠡᠯ ᠤᠨ ᠪᠠᠭᠤᠳᠠᠯ ᠢᠶᠠᠷ ᠲᠠᠮᠵᠢᠨ ᠨᠢᠰᠭᠡᠯ ᠰᠤᠯᠢᠬᠤ ᠠᠶᠠᠨᠴᠢᠳ᠂ | ᠠᠴᠢᠶ᠎ᠡ ᠪᠠᠨ ᠨᠠᠶᠢᠳᠠᠨ ᠲᠡᠭᠡᠭᠡᠪᠦᠷᠢᠯᠡᠭᠦᠯᠬᠦ ᠳᠤ ᠨᠢᠰᠭᠡᠯ ᠰᠤᠯᠢᠬᠤ ᠠᠮᠠᠷᠠᠯᠳᠠ ᠶᠢᠨ ᠲᠣᠭᠤᠷᠢᠭ ᠪᠤᠶᠤ ᠨᠢᠰᠭᠡᠯ | ᠰᠤᠯᠢᠬᠤ ᠲᠦᠷᠭᠡᠨ ᠭᠠᠷᠳᠠᠮ ᠬᠢᠬᠦ ᠯᠠᠩᠭᠦᠶ ᠶᠢᠨ ᠠᠵᠢᠯᠲᠠᠨ ᠲᠠᠮᠵᠢᠭᠤᠯᠤᠨ ᠲᠡᠭᠡᠭᠡᠪᠦᠷᠢᠯᠡᠬᠦ ᠭᠠᠷᠳᠠᠮ ᠬᠢᠵᠦ | ᠦᠭᠭᠦᠨ᠎ᠡ᠂ ᠠᠶᠠᠨᠴᠢᠳ ᠠᠴᠢᠶ᠎ᠠ ᠪᠠᠨ ᠭᠠᠷᠭᠠᠨ ᠠᠪᠤᠭᠠᠳ ᠲᠠᠬᠢᠨ ᠨᠠᠶᠢᠳᠠᠨ ᠲᠡᠭᠡᠭᠡᠪᠦᠷᠢᠯᠡᠭᠦᠯᠬᠦ ᠴᠢᠬᠤᠯᠠ ᠦᠭᠡᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠰᠠᠯᠪᠤᠷᠢ ᠱᠤᠭᠤᠮ ᠤᠨ ᠨᠢᠰᠬᠡᠯ ᠤᠨ | ᠪᠠᠭᠤᠳᠠᠯ ᠠᠴᠠ ᠨᠢᠰᠬᠦ ᠠᠶᠠᠨᠴᠢᠳ ᠤᠨ ᠨᠠᠶᠢᠳᠠᠨ ᠲᠡᠭᠡᠭᠡᠪᠦᠷᠢᠯᠡᠭᠦᠯᠦᠭᠰᠡᠨ ᠠᠴᠢᠶ᠎ᠠ ᠳᠤ ᠰᠢᠭᠤᠳ ᠬᠦᠷᠬᠦ ᠭᠠᠵᠠᠷ ᠤᠨ | ᠨᠠᠷᠠ ᠶᠢᠨ ᠫᠠᠶᠢᠰᠠ ᠶᠢ ᠡᠯᠭᠦᠵᠦ ᠪᠣᠯᠤᠨ᠎ᠠ᠃ | ᠣᠨᠴᠠᠭᠠᠶᠢᠯᠠᠨ ᠰᠠᠨᠠᠭᠤᠯᠬᠤ ᠨᠢ᠂ ᠵᠠᠯᠭᠠᠭᠠᠳ ᠬᠢᠮᠳᠡ ᠦᠨ᠎ᠡ ᠲᠠᠢ ᠠᠭᠠᠷ ᠤᠨ ᠠᠶᠠᠯᠠᠯ ᠤᠨ ᠺᠣᠮᠫᠠᠨᠢ ᠶᠢᠨ | ᠡᠭᠡᠯᠵᠢ ᠶᠢᠨ ᠨᠢᠰᠬᠡᠯ ᠳᠤ ᠰᠠᠭᠤᠬᠤ ᠪᠤᠶᠤ ᠠᠴᠢᠶ᠎ᠠ ᠨᠢ ᠬᠦᠨᠳᠦ ᠠᠴᠠ ᠬᠡᠲᠦᠷᠡᠭᠰᠡᠨ ᠠᠴᠠ ᠪᠣᠯᠵᠤ ᠠᠴᠢᠶ᠎ᠠ | ᠬᠡᠲᠦᠷᠡᠭᠰᠡᠨ ᠰᠦᠢᠳᠭᠡᠯ ᠲᠤᠰᠢᠶᠠᠬᠤ ᠴᠢᠬᠤᠯᠠᠲᠠᠶ ᠠᠶᠠᠨᠴᠢᠳ᠂ ᠨᠢᠰᠭᠡᠯ ᠰᠣᠯᠢᠬᠤ ᠠᠮᠠᠷᠠᠯᠲᠠ ᠶᠢᠨ ᠭᠠᠵᠠᠷ ᠪᠤᠶᠤ | ᠨᠢᠰᠭᠡᠯ ᠰᠤᠯᠢᠬᠤ ᠲᠦᠷᠭᠡᠨ ᠭᠠᠷᠳᠠᠮ ᠬᠢᠬᠦ ᠯᠠᠩᠭᠦᠶ ᠳᠤ ᠬᠦᠷᠴᠦ ᠰᠦᠢᠳᠭᠡᠯ ᠲᠤᠰᠢᠶᠠᠬᠤ ᠪᠠ ᠳᠠᠮᠵᠢᠭᠤᠯᠤᠨ | ᠲᠡᠭᠡᠭᠡᠪᠦᠷᠢᠯᠡᠬᠦ ᠭᠠᠷᠳᠠᠮ ᠬᠢᠯᠭᠡᠵᠦ ᠪᠣᠯᠤᠨ᠎ᠠ︔ ᠣᠯᠠᠨ ᠤᠯᠤᠰ ᠤᠨ ᠦᠷᠳᠡᠭᠡ ᠵᠢᠴᠢ ᠰᠢᠶᠠᠩᠭᠠᠩ ᠣᠣᠮᠧᠨ | ᠲᠠᠶᠢᠸᠠᠨ ᠣᠷᠣᠨ ᠤ ᠦᠷᠳᠡᠭᠡ ᠠᠴᠠ ᠨᠢᠰᠦᠭᠰᠡᠨ ᠪᠠ ᠲᠡᠨᠳᠡ ᠬᠦᠷᠬᠦ ᠡᠭᠡᠯᠵᠢ ᠶᠢᠨ ᠨᠢᠰᠬᠡᠯ ᠳᠤ ᠰᠠᠭᠤᠬᠰᠠᠨ ᠨᠢᠰᠭᠡᠯ | ᠰᠤᠯᠢᠬᠤ ᠠᠶᠠᠨᠴᠢᠳ ᠲᠤ ᠨᠢᠰᠭᠡᠯ ᠰᠤᠯᠢᠬᠤ ᠠᠮᠠᠷᠠᠯᠳᠠ ᠶᠢᠨ ᠭᠠᠵᠠᠷ ᠪᠤᠶᠤ ᠨᠢᠰᠭᠡᠯ ᠰᠤᠯᠢᠬᠤ ᠲᠦᠷᠭᠡᠨ ᠭᠠᠷᠳᠠᠮ | ᠬᠢᠬᠦ ᠯᠠᠩᠭᠦᠶ ᠳᠤ ᠲᠦᠷ ᠭᠠᠷᠳᠠᠮ ᠬᠢᠵᠦ ᠦᠭᠭᠦ ᠥᠬᠡᠶ᠂ ᠨᠠᠶᠢᠳᠠᠨ ᠲᠡᠭᠡᠭᠡᠪᠦᠷᠢᠯᠡᠭᠦᠯᠦᠭᠰᠡᠨ ᠠᠴᠢᠶ᠎ᠡ ᠪᠠᠨ ᠭᠠᠷᠭᠠᠨ | ᠠᠪᠤᠭᠰᠠᠨ ᠤ ᠳᠠᠷᠠᠭ᠎ᠠ᠂ ᠨᠢᠰᠬᠡᠯ ᠬᠦᠯᠢᠶᠡᠬᠦ ᠲᠤᠰᠠᠭᠠᠷᠯᠠᠬᠤ ᠲᠤᠭᠤᠷᠢᠭ ᠤᠨ ᠭᠠᠳᠠᠨᠠᠬᠢ ᠵᠢᠵᠢᠭᠦᠷ ᠤᠨ ᠯᠠᠩᠭᠦᠶ ᠳᠤ | ᠬᠦᠷᠴᠦ ᠬᠠᠮᠢᠶ᠎ᠠ ᠪᠦᠬᠦᠢ ᠭᠠᠷᠳᠠᠮ ᠬᠢᠯᠭᠡᠬᠦ ᠬᠡᠷᠡᠭᠲᠡᠶ᠃ | ᠰᠦᠢᠳᠭᠡᠯ ᠬᠤᠷᠢᠶᠠᠬᠤ ᠦᠭᠡᠢ ᠪᠠᠷ ᠬᠤᠭᠤᠯᠠ ᠢᠳᠡᠬᠦᠯᠬᠦ — ᠲᠤᠬᠠᠶ ᠶᠢᠨ ᠡᠳᠦᠷ ᠤᠨ ᠨᠢᠰᠭᠡᠯ ᠰᠤᠯᠢᠬᠤ | ᠠᠶᠠᠨᠴᠢᠳ ᠲᠤ ᠲᠣᠭᠲᠠᠭᠰᠠᠨ ᠴᠠᠭ ᠲᠤ ᠨᠢᠭᠡ ᠤᠳᠠᠭᠠᠨ ᠤ ᠰᠦᠢᠳᠭᠡᠯ ᠬᠤᠷᠢᠶᠠᠬᠤ ᠦᠭᠡᠢ ᠦᠳᠡ ᠶᠢᠨ ᠬᠤᠭᠤᠯᠠ | ᠪᠤᠶᠤ ᠣᠷᠣᠢ ᠶᠢᠨ ᠬᠤᠭᠤᠯᠠ ᠦᠭᠭᠦᠨ᠎ᠡ | ᠬᠥᠬᠡᠬᠤᠲᠠ ᠶᠢᠨ ᠨᠢᠰᠬᠡᠯ ᠤᠨ ᠪᠠᠭᠤᠳᠠᠯ ᠢᠶᠠᠷ ᠲᠠᠮᠵᠢᠨ ᠨᠢᠰᠭᠡᠯ ᠰᠤᠯᠢᠬᠤ ᠠᠶᠠᠨᠴᠢᠳ ᠲᠣᠰ ᠬᠥᠮᠦᠨ ᠤ | ᠲᠤᠬᠠᠶ ᠶᠢᠨ ᠡᠳᠦᠷ ᠤᠨ ᠨᠢᠰᠬᠡᠯ ᠳᠤ ᠭᠠᠷᠬᠤ ᠫᠠᠶᠢᠰᠠ᠂ ︽ᠬᠦᠬᠡᠬᠤᠳᠠ ᠪᠠᠷ ᠲᠠᠮᠵᠢᠨ ᠨᠢᠰᠬᠦ︾ ᠨᠢᠰᠭᠡᠯ ᠰᠤᠯᠢᠬᠤ | ᠲᠤᠰᠬᠠᠶ ᠲᠠᠮᠠᠭ᠎ᠠ ᠳᠠᠷᠤᠭᠰᠠᠨ ᠭᠠᠷᠠᠮ ᠠᠴᠠ ᠭᠠᠷᠬᠤ ᠫᠠᠶᠢᠰᠠ ᠵᠢᠴᠢ ᠬᠦᠴᠦᠨ ᠪᠥᠬᠦᠶ ᠭᠡᠷᠡᠴᠢ ᠦᠨᠡᠮᠯᠡᠯ ᠢᠶᠠᠷ ᠢᠶᠠᠨ | ᠲᠣᠭᠲᠠᠭᠰᠠᠨ ᠴᠠᠭ ᠤᠨ ᠳᠣᠲᠣᠷ᠎ᠠ ᠨᠢᠭᠡ ᠬᠤᠪᠢ ᠦᠳᠡ ᠶᠢᠨ ᠬᠤᠭᠤᠯᠠ ᠪᠤᠶᠤ ᠣᠷᠣᠢ ᠶᠢᠨ ᠬᠤᠭᠤᠯᠠ ᠠᠪᠴᠤ | ᠪᠣᠯᠤᠨ᠎ᠠ᠃ | ᠰᠦᠢᠳᠭᠡᠯ ᠬᠤᠷᠢᠶᠠᠬᠤ ᠦᠭᠡᠢ ᠪᠠᠷ ᠬᠤᠨᠣᠭᠯᠠᠬᠤ — ᠬᠤᠨᠤᠭ ᠦᠨᠵᠢᠵᠦ ︵24 ᠴᠠᠭ ᠤᠨ ᠳᠣᠲᠣᠷ᠎ᠠ︶ | ᠨᠢᠰᠭᠡᠯ ᠰᠤᠯᠢᠬᠤ ᠠᠶᠠᠨᠴᠢᠳ ᠲᠣᠭᠲᠠᠭᠰᠠᠨ ᠴᠠᠭ ᠲᠤ ᠤᠷᠢᠳᠴᠢᠯᠠᠨ ᠭᠤᠶᠤᠴᠢᠯᠠᠪᠠᠯ ᠰᠦᠢᠳᠭᠡᠯ ᠬᠤᠷᠢᠶᠠᠬᠤ | ᠦᠭᠡᠢ ᠪᠠᠷ ᠨᠢᠭᠡ ᠰᠦᠨᠢ ᠬᠤᠨᠣᠭᠯᠠᠭᠤᠯᠤᠨᠠ | ᠰᠥᠨᠢ ᠥᠨᠵᠢᠵᠤ ᠨᠢᠰᠭᠡᠯ ᠰᠤᠯᠢᠬᠤ ᠰᠤᠯᠠ ᠠᠶᠠᠨᠴᠢᠳ ᠡᠷᠬᠡᠪᠰᠢ ᠠᠩᠬᠠᠨ ᠤ ᠡᠭᠡᠯᠵᠢ ᠶᠢᠨ ᠨᠢᠰᠬᠡᠯ | ᠨᠢᠰᠬᠦ ᠠᠴᠠ 12 ᠴᠠᠭ ᠤᠨ ᠡᠮᠦᠨ᠎ᠡ ᠤᠲᠠᠰᠤ ᠪᠠᠷ ᠰᠥᠨᠢ ᠥᠨᠵᠢᠬᠦ ᠰᠦᠢᠳᠭᠡᠯ ᠬᠤᠷᠢᠶᠠᠬᠤ ᠦᠭᠡᠢ ᠬᠤᠨᠣᠭᠯᠠᠬᠤ | ᠵᠢᠴᠢ ᠲᠤᠰᠴᠤ ᠬᠦᠷᠭᠡᠬᠦ ᠦᠢᠯᠡᠴᠢᠯᠡᠭᠡ ᠶᠢ ᠭᠤᠶᠤᠴᠢᠯᠠᠬᠤ ᠬᠡᠷᠡᠭᠳᠡᠢ︔ ᠰᠥᠨᠢ ᠥᠨᠵᠢᠵᠤ ᠨᠢᠰᠭᠡᠯ ᠰᠤᠯᠢᠬᠤ | ᠪᠦᠯᠬᠦᠮ ᠤᠨ ᠠᠶᠠᠨᠴᠢᠳ ᠨᠠᠭᠠᠳᠤ ᠵᠠᠬ᠎ᠠ ᠳᠠᠭᠠᠨ ᠭᠤᠷᠪᠠᠨ ᠡᠳᠦᠷ ᠤᠨ ᠡᠮᠦᠨ᠎ᠡ ᠤᠲᠠᠰᠤ ᠪᠠᠷ ᠰᠥᠨᠢ ᠥᠨᠵᠢᠬᠦ | ᠰᠦᠢᠳᠭᠡᠯ ᠬᠤᠷᠢᠶᠠᠬᠤ ᠦᠭᠡᠢ ᠬᠤᠨᠣᠭᠯᠠᠬᠤ ᠵᠢᠴᠢ ᠲᠤᠰᠴᠤ ᠬᠦᠷᠭᠡᠬᠦ ᠦᠢᠯᠡᠴᠢᠯᠡᠭᠡ ᠶᠢ ᠭᠤᠶᠤᠴᠢᠯᠠᠬᠤ ᠬᠡᠷᠡᠭᠳᠡᠢ᠃ | | http://mongol.people.com.cn/15822899.html |