ᠬᠥᠬᠡᠬᠤᠲᠠ ᠠᠯᠪᠠᠨ ᠤ ᠰᠦᠢᠳᠬᠡᠯ ᠢᠶᠠᠷ ᠰᠤᠷᠤᠯᠴᠠᠬᠰᠠᠨ ᠪᠠᠭᠰᠢ ᠶᠢᠨ ᠰᠤᠷᠭᠠᠭᠤᠯᠢ ᠲᠡᠭᠦᠰᠦᠭᠰᠡᠳ ᠢ 116 ᠨᠡᠷᠡᠰ ᠢᠯᠡ ᠪᠠᠷ ᠡᠯᠰᠡᠨ᠎ᠠ
ᠨᠡᠶᠢᠲᠡᠯᠡᠭᠰᠡᠨ ᠴᠠᠭ᠄
2020/9/3
      ᠦᠪᠣᠷ ᠮᠣᠩᠭᠤᠯ ᠤᠨ ᠡᠳᠦᠷ ᠤᠨ ᠰᠤᠨᠢᠨ ᠤ ᠮᠡᠳᠡᠭᠡ ︵ᠰᠤᠷᠪᠤᠯᠵᠢᠯᠠᠭᠴᠢ ᠮᠢᠶᠣᠣ ᠴᠢᠩ︶ ︽ᠬᠥᠬᠡᠬᠤᠲᠠ ᠶᠢᠨ 2020 ᠣᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠶᠡᠷᠦᠩᠬᠡᠶ ᠲᠥᠰᠦᠯ︾᠂ ︽ᠬᠥᠬᠡᠬᠤᠲᠠ ᠶᠢᠨ 2020 ᠣᠨ ᠤ ᠲᠤᠰᠬᠠᠶ ᠲᠦᠷᠦᠯ ᠤᠨ ᠠᠯᠪᠠᠨ ᠤ ᠰᠦᠢᠳᠬᠡᠯ ᠢᠶᠠᠷ ᠰᠤᠷᠤᠯᠴᠠᠬᠰᠠᠨ ᠪᠠᠭᠰᠢ ᠶᠢᠨ ᠰᠤᠷᠭᠠᠭᠤᠯᠢ ᠲᠡᠭᠦᠰᠦᠭᠰᠡᠳ ᠢ ᠡᠯᠰᠡᠬᠦ ᠠᠵᠢᠯ ᠤᠨ ᠬᠡᠷᠡᠭᠵᠢᠭᠦᠯᠬᠦ ᠲᠥᠰᠦᠯ︾ ᠢ ᠦᠨᠳᠦᠰᠦᠯᠡᠨ᠂ ᠮᠠᠨ ᠤ ᠬᠤᠲᠠ ᠠᠯᠪᠠᠨ ᠤ ᠰᠦᠢᠳᠭᠡᠯ ᠢᠶᠠᠷ ᠰᠤᠷᠤᠯᠴᠠᠬᠰᠠᠨ ᠪᠠᠭᠰᠢ ᠶᠢᠨ ᠰᠤᠷᠭᠠᠭᠤᠯᠢ ᠲᠡᠭᠦᠰᠦᠭᠰᠡᠳ ᠢ 116 ᠨᠡᠷᠡᠰ ᠢᠯᠡ ᠪᠠᠷ ᠡᠯᠰᠡᠨ᠎ᠠ᠃ ᠲᠤᠬᠠᠶ ᠶᠢᠨ ᠲᠠᠯᠠᠪᠤᠷ ᠲᠤ ᠨᠡᠷ᠎ᠡ ᠮᠡᠳᠡᠭᠦᠯᠬᠦ ᠴᠠᠭ ᠨᠢ 9 ᠰᠠᠷ᠎ᠠ ᠶᠢᠨ 1 ᠤ ᠡᠳᠦᠷ ᠤᠨ 9 ᠴᠠᠭ — 9 ᠰᠠᠷ᠎ᠠ ᠶᠢᠨ 2 ᠤᠨ ᠡᠳᠦᠷ ᠤᠨ 17 ᠴᠠᠭ ᠪᠣᠯᠤᠨ᠎ᠠ᠃      ᠰᠢᠯᠭᠠᠯᠲᠠ ᠳᠤ ᠨᠡᠷ᠎ᠡ ᠮᠡᠳᠡᠭᠦᠯᠦᠭᠴᠢ ᠨᠢ ᠡᠷᠬᠡᠪᠰᠢ ᠳᠣᠤᠷ᠎ᠠ ᠵᠢᠭᠰᠠᠭᠠᠭᠰᠠᠨ ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠠᠷᠢᠶ᠎ᠠ ᠲᠠᠢ ᠪᠠᠶᠢᠬᠤ ᠬᠡᠷᠡᠭᠲᠡᠶ᠃ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠨ ᠰᠠᠬᠢᠵᠤ᠂ ᠰᠤᠷᠭᠠᠨ ᠬᠥᠮᠦᠵᠢᠯ ᠤᠨ ᠦᠢᠯᠡᠰ ᠢ ᠬᠠᠶᠢᠷᠠᠯᠠᠵᠤ᠂ ᠪᠠᠭᠰᠢ ᠶᠢᠨ ᠠᠵᠢᠯ ᠮᠡᠷᠭᠡᠵᠢᠯ ᠡᠷᠬᠢᠯᠡᠭᠦ ᠬᠦᠰᠡᠯ ᠵᠤᠷᠢᠯᠳᠠ ᠲᠠᠢ ᠪᠠᠶᠢᠵᠤ᠂ ᠪᠠᠭᠰᠢ ᠶᠢᠨ ᠠᠵᠢᠯ ᠮᠡᠷᠭᠡᠵᠢᠯ ᠤᠨ ᠶᠣᠰᠣ ᠮᠣᠷᠠᠯ ᠤᠨ ᠵᠢᠷᠤᠮᠵᠢᠯ ᠢ ᠵᠢᠷᠤᠮᠯᠠᠨ ᠰᠠᠬᠢᠵᠤ᠂ ᠰᠠᠶᠢᠨ ᠰᠠᠶᠢᠬᠠᠨ ᠵᠠᠩ ᠰᠤᠷᠲᠠᠯ ᠲᠠᠢ᠂ ᠡᠭᠦᠷᠭᠡ ᠬᠠᠷᠢᠭᠤᠴᠠᠯᠭ᠎ᠠ ᠪᠠᠨ ᠬᠡᠪ ᠤᠨ ᠶᠣᠰᠣᠭᠠᠷ ᠭᠦᠢᠴᠡᠳᠬᠡᠬᠦ ᠪᠡᠶ᠎ᠡ ᠮᠠᠬᠠᠪᠣᠳ ᠤᠨ ᠨᠥᠬᠦᠴᠡᠯ ᠪᠠ ᠰᠡᠳᠬᠢᠴᠡ ᠶᠢᠨ ᠬᠡᠪ ᠪᠤᠯᠪᠠᠰᠤᠷᠠᠯ ᠲᠠᠢ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠦᠨᠳᠦᠰᠦᠨ ᠴᠢᠳᠠᠪᠤᠷᠢ ᠲᠠᠢ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠡᠭᠦᠷᠭᠡᠯᠡᠵᠦ ᠳᠡᠶᠢᠯᠬᠦ ᠪᠥᠭᠡᠳ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠠᠵᠢᠯ ᠤᠨ ᠴᠢᠳᠠᠪᠤᠷᠢ ᠲᠠᠢ ᠪᠠᠶᠢᠬᠤ ᠬᠡᠷᠡᠭᠲᠡᠢ᠃ ᠰᠤᠷᠭᠠᠨ ᠬᠥᠮᠦᠵᠢᠯ ᠤᠨ ᠶᠠᠮᠤᠨ ᠤ ᠬᠠᠷᠢᠶᠠᠲᠤ 6 ᠪᠠᠭᠰᠢ ᠶᠢᠨ ᠶᠡᠭᠡ ᠰᠤᠷᠭᠠᠭᠤᠯᠢ ︵ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ᠂ ᠬᠤᠸᠠᠳᠦ᠋ᠩ ᠤᠨ ᠪᠠᠭᠰᠢ ᠶᠢᠨ ᠶᠡᠭᠡ ᠰᠤᠷᠭᠠᠭᠤᠯᠢ ᠂ ᠵᠡᠭᠦᠨ ᠬᠤᠶᠢᠲᠤ ᠶᠢᠨ ᠪᠠᠭᠰᠢ ᠶᠢᠨ ᠶᠡᠭᠡ ᠰᠤᠷᠭᠠᠭᠤᠯᠢ᠂ ᠱᠠᠨᠰᠢ ᠶᠢᠨ ᠪᠠᠭᠰᠢ ᠶᠢᠨ ᠶᠡᠭᠡ ᠰᠤᠷᠭᠠᠭᠤᠯᠢ᠂ ᠬᠤᠧᠠᠵᠦ᠋ᠡᠭ ᠤᠨ ᠪᠠᠭᠰᠢ ᠶᠢᠨ ᠶᠡᠭᠡ ᠰᠤᠷᠭᠠᠭᠤᠯᠢ᠂ ᠪᠠᠷᠠᠭᠤᠨ ᠡᠮᠦᠨᠡᠲᠦ ᠶᠢᠨ ᠶᠡᠭᠡ ᠰᠤᠷᠭᠠᠭᠤᠯᠢ︶ ᠶᠢᠨ ᠲᠤᠰ ᠵᠢᠯ ᠳᠤ ᠲᠡᠭᠦᠰᠦᠭᠰᠡᠳ ᠵᠢᠴᠢ ᠠᠵᠢᠯ ᠦᠢᠯᠡᠰ ᠤᠨ ᠣᠷᠣᠨ ᠲᠤᠭ᠎ᠠ ᠪᠠᠨ ᠨᠠᠶᠢᠳᠠᠪᠤᠷᠢᠵᠢᠭᠤᠯᠤᠭᠠᠳᠤᠶ ᠥᠩᠭᠡᠷᠡᠭᠰᠡᠨ ᠵᠢᠯ ᠤᠳ ᠲᠤ ᠲᠡᠭᠦᠰᠦᠭᠰᠡᠨ ᠠᠯᠪᠠᠨ ᠤ ᠰᠦᠢᠳᠬᠡᠯ ᠢᠶᠠᠷ ᠰᠤᠷᠤᠯᠴᠠᠬᠰᠠᠨ ᠪᠠᠭᠰᠢ ᠶᠢᠨ ᠰᠤᠷᠭᠠᠭᠤᠯᠢ ᠠᠴᠠ ᠲᠡᠭᠦᠰᠦᠭᠰᠡᠳ ᠪᠤᠯᠬᠤ ᠪᠦᠭᠡᠳ ᠤᠯᠤᠰ ᠠᠴᠠ ᠮᠡᠳᠡᠷᠡᠭᠰᠡᠨ ᠤᠷᠢᠬᠤ ᠭᠡᠵᠦ ᠪᠠᠶᠢᠭ᠎ᠠ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠰᠤᠷᠤᠯᠭ᠎ᠠ ᠶᠢᠨ ᠨᠠᠮᠲᠠᠷ ᠲᠠᠢ᠂ ᠡᠯᠰᠡᠬᠦ ᠭᠡᠵᠦ ᠪᠠᠶᠢᠭ᠎ᠠ ᠠᠵᠢᠯ ᠤᠨ ᠪᠠᠶᠢᠷᠢ ᠳᠤ ᠬᠡᠷᠡᠭᠰᠡᠬᠦ ᠪᠤᠰᠤᠳ ᠬᠢᠷᠢ ᠬᠡᠮ ᠤᠨ ᠨᠥᠬᠦᠴᠡᠯ ᠢ ᠪᠥᠷᠢᠳᠦᠭᠦᠯᠦᠭᠰᠡᠨ ᠪᠠᠶᠢᠬᠤ ᠬᠡᠷᠡᠭᠲᠡᠢ᠂ ︽ᠡᠯᠰᠡᠬᠦ ᠠᠵᠢᠯ ᠤᠨ ᠪᠠᠶᠢᠷᠢ ᠶᠢᠨ ᠬᠦᠰᠦᠨᠦᠭᠲᠦ︾ ᠶᠢ ᠪᠣᠳᠠᠲᠠᠶ ᠯᠠᠪᠯᠠᠵᠤ ᠦᠵᠡᠭᠡᠷᠡᠶ᠃ ᠨᠡᠷ᠎ᠡ ᠮᠡᠳᠡᠭᠦᠯᠦᠭᠰᠡᠳ ᠤᠨ ᠰᠣᠩᠭᠤᠨ ᠮᠡᠳᠡᠭᠦᠯᠬᠦ ᠡᠷᠡᠮᠡᠯᠵᠡᠯ ᠨᠢ ᠡᠷᠬᠡᠪᠰᠢ ᠰᠣᠷᠣᠭᠰᠠᠨ ᠲᠤᠰᠬᠠᠶ ᠮᠡᠷᠭᠡᠵᠢᠯ ᠲᠠᠢ ᠪᠠᠨ ᠨᠢᠭᠡᠳᠦᠯᠲᠡᠶ ᠪᠠᠶᠢᠬᠤ ᠬᠡᠷᠡᠭᠲᠡᠶ᠂ ᠲᠤᠰᠬᠠᠶ ᠮᠡᠷᠭᠡᠵᠢᠯ ᠠᠯᠤᠰᠯᠠᠨ ᠨᠡᠷ᠎ᠡ ᠮᠡᠳᠡᠭᠦᠯᠦᠨ ᠰᠢᠯᠭᠠᠭᠤᠯᠵᠤ ᠪᠣᠯᠬᠤ ᠥᠬᠡᠶ᠃ ᠨᠡᠷ᠎ᠡ ᠮᠡᠳᠡᠭᠦᠯᠦᠭᠰᠡᠳ ᠪᠠᠭᠰᠢ ᠶᠢᠨ ᠬᠢᠷᠢ ᠬᠡᠮ ᠤᠨ ᠬᠠᠷᠠᠭᠠᠯᠵᠠᠬᠰᠠᠨ ᠦᠨᠡᠮᠯᠡᠯ ᠢ ᠣᠯᠤᠭᠰᠠᠨ ᠪᠠᠶᠢᠬᠤ ᠬᠡᠷᠡᠭᠲᠡᠶ᠃ ᠪᠠᠭᠰᠢ ᠶᠢᠨ ᠬᠢᠷᠢ ᠬᠡᠮ ᠤᠨ ᠬᠠᠷᠠᠭᠠᠯᠵᠠᠬᠰᠠᠨ ᠦᠨᠡᠮᠯᠡᠯ ᠢ ᠤᠯᠤᠭᠠᠳᠤᠢ ᠪᠤᠯ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠦᠯᠦᠭᠡ ᠶᠢ ᠠᠷᠭᠠᠴᠠᠬᠤ ᠡᠭᠦᠲᠡᠨ ᠠᠴᠠ ᠬᠡᠰᠡᠭ ᠠᠵᠢᠯ ᠮᠡᠷᠭᠡᠵᠢᠯ ᠤᠨ ᠬᠢᠷᠢ ᠬᠡᠮ ᠳᠤ ︽ᠤᠷᠢᠳ ᠢᠶᠠᠷ ᠠᠵᠢᠯ ᠤᠨ ᠪᠠᠶᠢᠷᠢ ᠳᠤ ᠭᠠᠷᠴᠤ ᠳᠠᠬᠢᠨ ᠦᠨᠡᠮᠯᠡᠯ ᠰᠢᠯᠭᠠᠭᠤᠯᠬᠤ︾ ᠱᠠᠲᠤ ᠦᠶᠡᠴᠢ ᠴᠢᠨᠠᠷᠲᠠᠶ ᠠᠷᠭ᠎ᠠ ᠬᠡᠮᠵᠢᠶ᠎ᠡ ᠶᠢ ᠠᠪᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠪᠠᠭᠰᠢ ᠶᠢᠨ ᠬᠢᠷᠢ ᠬᠡᠮ ᠤᠨ ᠰᠢᠯᠭᠠᠯᠲᠠ ᠶᠢᠨ ᠨᠡᠷ᠎ᠡ ᠮᠡᠳᠡᠭᠦᠯᠬᠦ ᠨᠥᠬᠦᠴᠡᠯ ᠪᠠ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠲᠤᠬᠠᠶ ᠦᠵᠡᠯ ᠰᠠᠨᠠᠭ᠎ᠠ ᠤᠯᠤᠰ ᠲᠥᠷᠥ ᠶᠢᠨ ᠬᠡᠪ ᠪᠤᠯᠪᠠᠰᠤᠷᠠᠯ᠂ ᠨᠡᠶᠢᠲᠡᠯᠢᠭ ᠬᠡᠯᠡᠨ ᠤ ᠬᠢᠷᠢ ᠲᠦᠪᠰᠢᠨ᠂ ᠪᠡᠶ᠎ᠡ ᠮᠠᠬᠠᠪᠣᠳ ᠤᠨ ᠨᠥᠬᠦᠴᠡᠯ ᠵᠡᠷᠭᠡ ᠱᠠᠭᠠᠷᠳᠠᠯᠭ᠎ᠠ ᠳᠤ ᠨᠡᠶᠢᠴᠡᠭᠰᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠠᠶᠢᠬᠤ ᠬᠡᠷᠡᠭᠲᠡᠶ᠃      2020 ᠣᠨ ᠤ ᠲᠡᠭᠦᠰᠬᠦ ᠤᠶᠤᠳᠠᠳ 2020 ᠣᠨ ᠤ 12 ᠰᠠᠷ᠎ᠠ ᠶᠢᠨ 31 ᠤ ᠡᠳᠦᠷ ᠪᠤᠯᠳᠠᠯ᠎ᠠ ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ ᠤᠯᠤᠬᠰᠠᠨ ᠪᠠᠶᠢᠬᠤ ᠬᠡᠷᠡᠭᠲᠡᠢ᠃      ᠨᠡᠷ᠎ᠡ ᠮᠡᠳᠡᠭᠦᠯᠬᠦ ᠳᠤ ᠲᠤᠬᠠᠶ ᠶᠢᠨ ᠲᠠᠯᠠᠪᠤᠷ ᠲᠤ ᠨᠡᠷ᠎ᠡ ᠮᠡᠳᠡᠭᠦᠯᠬᠦ ᠠᠷᠭ᠎ᠠ ᠬᠡᠯᠪᠡᠷᠢ ᠪᠠᠷ ᠶᠠᠪᠤᠭᠳᠠᠭᠤᠯᠤᠨ᠎ᠠ᠃ ᠨᠡᠷ᠎ᠡ ᠮᠡᠳᠡᠭᠦᠯᠦᠭᠰᠡᠨ ᠬᠥᠮᠦᠨ ᠪᠣᠯᠭᠠᠨ ᠨᠢᠭᠡ ᠯᠡ ᠠᠵᠢᠯ ᠤᠨ ᠪᠠᠶᠢᠷᠢ ᠳᠤ ᠨᠡᠷ᠎ᠡ ᠮᠡᠳᠡᠭᠦᠯᠵᠦ ᠪᠣᠯᠤᠨ᠎ᠠ᠃http://mongol.people.com.cn/15822898.html
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号