ᠬᠥᠬᠡᠬᠤᠲᠠ ᠶᠢᠨ ᠨᠢᠰᠬᠡᠯ ᠤᠨ ᠪᠠᠭᠤᠳᠠᠯ ︽ᠬᠥᠬᠡᠬᠤᠲᠠ ᠪᠠᠷ ᠲᠡᠮᠵᠢᠨ ᠨᠢᠰᠬᠦ︾ ᠨᠢᠰᠭᠡᠯ ᠰᠤᠯᠢᠬᠤ ᠦᠢᠯᠡᠴᠢᠯᠡᠭᠡ ᠳᠤ ᠰᠢᠨ᠎ᠡ ᠲᠥᠷᠥᠯ ᠵᠦᠢᠯ ᠨᠡᠮᠡᠪᠡ
ᠨᠡᠶᠢᠲᠡᠯᠡᠭᠰᠡᠨ ᠴᠠᠭ᠄
2020/9/3
      ᠬᠦᠬᠡᠬᠤᠳᠠ ᠶᠢᠨ ᠡᠳᠦᠷ ᠤᠨ ᠰᠤᠨᠢᠨ ᠤ ᠮᠡᠳᠡᠭᠡ ︵ᠰᠤᠷᠪᠤᠯᠵᠢᠯᠠᠭᠴᠢ ᠶᠦᠨ ᠶᠠᠨ ᠹᠠᠩ︶ ᠰᠤᠷᠪᠤᠯᠵᠢᠯᠠᠭᠴᠢ ᠬᠥᠬᠡᠬᠤᠲᠠ ᠶᠢᠨ ᠨᠢᠰᠬᠡᠯ ᠤᠨ ᠪᠠᠭᠤᠳᠠᠯ ᠠᠴᠠ ᠣᠶᠢᠯᠠᠭᠠᠭᠰᠠᠨ ᠢᠶᠠᠷ᠂ ᠬᠦᠬᠡᠬᠤᠳᠠ ᠶᠢᠨ ᠨᠢᠰᠬᠡᠯ ᠤᠨ ᠪᠠᠭᠤᠳᠠᠯ ᠨᠢᠰᠭᠡᠯ ᠰᠤᠯᠢᠬᠤ ᠠᠶᠠᠨᠴᠢᠳ ᠲᠤ ᠨᠠᠩ ᠣᠯᠠᠨ ᠳᠥᠭᠦᠮ ᠳᠥᠲᠡ ᠦᠢᠯᠡᠴᠢᠯᠡᠭᠡ ᠭᠥᠷᠳᠡᠬᠡᠵᠦ ᠪᠠᠶᠢᠨ᠎ᠠ᠃      ᠠᠮᠤᠷ ᠲᠦᠪᠰᠢᠨ ᠤ ᠪᠠᠶᠢᠴᠠᠭᠠᠯᠲᠠ ᠠᠴᠠ ᠭᠡᠯᠳᠦᠷᠢᠭᠦᠯᠬᠦ — ᠲᠤᠬᠠᠶ ᠶᠢᠨ ᠡᠳᠦᠷ ᠤᠨ ᠨᠢᠰᠭᠡᠯ ᠰᠤᠯᠢᠬᠤ ᠠᠶᠠᠨᠴᠢᠳ ᠲᠤ ᠬᠤᠶᠠᠳᠠᠬᠢ ᠤᠳᠠᠭᠠᠨ ᠤ ᠠᠮᠤᠷ ᠲᠦᠪᠰᠢᠨ ᠤ ᠪᠠᠶᠢᠴᠠᠭᠠᠯᠲᠠ ᠬᠢᠬᠦ ᠠᠴᠠ ᠭᠡᠯᠳᠦᠷᠢᠭᠦᠯᠦᠨ᠎ᠡ      ᠲᠤᠬᠠᠶ ᠶᠢᠨ ᠡᠳᠦᠷ ᠬᠥᠬᠡᠬᠤᠲᠠ ᠶᠢᠨ ᠨᠢᠰᠬᠡᠯ ᠤᠨ ᠪᠠᠭᠤᠳᠠᠯ ᠢᠶᠠᠷ ᠲᠠᠮᠵᠢᠨ ᠨᠢᠰᠭᠡᠯ ᠰᠤᠯᠢᠬᠤ ᠠᠶᠠᠨᠴᠢᠳ᠂ ᠨᠢᠰᠬᠡᠯ ᠬᠦᠯᠢᠶᠡᠬᠦ ᠲᠤᠰᠠᠭᠠᠷᠯᠠᠬᠤ ᠲᠣᠭᠤᠷᠢᠭ ᠳᠣᠲᠣᠷᠠᠬᠢ ᠨᠢᠰᠭᠡᠯ ᠰᠤᠯᠢᠬᠤ ᠠᠮᠠᠷᠠᠯᠳᠠ ᠶᠢᠨ ᠲᠣᠭᠤᠷᠢᠭ ᠪᠤᠶᠤ ᠨᠢᠰᠭᠡᠯ ᠰᠤᠯᠢᠬᠤ ᠲᠦᠷᠭᠡᠨ ᠭᠠᠷᠳᠠᠮ ᠬᠢᠬᠦ ᠯᠠᠩᠭᠦᠶ ᠳᠤ ᠨᠢᠰᠭᠡᠯ ᠰᠤᠯᠢᠬᠤ ᠭᠠᠷᠳᠠᠮ ᠬᠢᠯᠭᠡᠪᠡᠯ ᠳᠠᠬᠢᠨ ᠨᠢᠭᠡ ᠤᠳᠠᠭᠠᠨ ᠤ ᠠᠮᠤᠷ ᠲᠦᠪᠰᠢᠨ ᠤ ᠪᠠᠶᠢᠴᠠᠭᠠᠯᠲᠠ ᠬᠢᠬᠦ ᠶᠠᠷᠰᠢᠭ ᠲᠦᠪᠡᠭ ᠠᠴᠠ ᠬᠡᠯᠳᠦᠷᠢᠬᠦᠯᠦᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ︵ᠣᠷᠳᠣᠰ ᠤᠨ ᠨᠢᠰᠬᠡᠯ ᠤᠨ ᠪᠠᠭᠤᠳᠠᠯ ᠪᠠᠭᠲᠠᠬᠤ ᠦᠭᠡᠶ︶ ᠠᠴᠠ ᠨᠢᠰᠬᠦ ᠠᠶᠠᠨᠴᠢᠳ ᠵᠢᠵᠢᠭᠦᠷ ᠤᠨ ᠲᠦᠭᠦᠭᠡᠷᠦᠮᠵᠢ ᠪᠠᠷ ᠨᠢᠭᠡ ᠯᠡ ᠪᠢᠯᠧᠲ ᠢᠶᠠᠷ ᠠᠴᠢᠶ᠎ᠡ ᠰᠢᠭᠤᠳ ᠨᠡᠪᠲᠡᠷᠡᠬᠦ ᠭᠠᠷᠳᠠᠮ ᠬᠢᠯᠬᠡᠵᠦ ᠪᠣᠯᠤᠨ᠎ᠠ᠃      ᠨᠠᠶᠢᠳᠠᠨ ᠲᠡᠭᠡᠭᠡᠪᠦᠷᠢᠯᠡᠭᠦᠯᠬᠦ ᠠᠴᠠ ᠬᠡᠯᠲᠦᠷᠢᠭᠦᠯᠬᠦ — ᠲᠤᠰ ᠡᠳᠦᠷ ᠤᠨ ᠨᠢᠰᠭᠡᠯ ᠰᠤᠯᠢᠬᠤ ᠠᠶᠠᠨᠴᠢᠳ ᠠᠴᠠ ᠠᠴᠢᠶ᠎ᠠ ᠪᠠᠨ ᠨᠠᠶᠢᠳᠠᠨ ᠲᠡᠭᠡᠭᠡᠪᠦᠷᠢᠯᠡᠭᠦᠯᠬᠦ ᠳᠤ ᠳᠠᠬᠢᠨ ᠨᠠᠶᠢᠳᠠᠨ ᠲᠡᠭᠡᠭᠡᠪᠦᠷᠢᠯᠡᠭᠦᠯᠬᠦ ᠰᠦᠢᠳᠭᠡᠯ ᠬᠤᠷᠢᠶᠠᠬᠤ ᠦᠭᠡᠢ       ᠲᠤᠬᠠᠶ ᠶᠢᠨ ᠡᠳᠦᠷ ᠬᠥᠬᠡᠬᠤᠲᠠ ᠶᠢᠨ ᠨᠢᠰᠬᠡᠯ ᠤᠨ ᠪᠠᠭᠤᠳᠠᠯ ᠢᠶᠠᠷ ᠲᠠᠮᠵᠢᠨ ᠨᠢᠰᠭᠡᠯ ᠰᠤᠯᠢᠬᠤ ᠠᠶᠠᠨᠴᠢᠳ᠂ ᠠᠴᠢᠶ᠎ᠡ ᠪᠠᠨ ᠨᠠᠶᠢᠳᠠᠨ ᠲᠡᠭᠡᠭᠡᠪᠦᠷᠢᠯᠡᠭᠦᠯᠬᠦ ᠳᠤ ᠨᠢᠰᠭᠡᠯ ᠰᠤᠯᠢᠬᠤ ᠠᠮᠠᠷᠠᠯᠳᠠ ᠶᠢᠨ ᠲᠣᠭᠤᠷᠢᠭ ᠪᠤᠶᠤ ᠨᠢᠰᠭᠡᠯ ᠰᠤᠯᠢᠬᠤ ᠲᠦᠷᠭᠡᠨ ᠭᠠᠷᠳᠠᠮ ᠬᠢᠬᠦ ᠯᠠᠩᠭᠦᠶ ᠶᠢᠨ ᠠᠵᠢᠯᠲᠠᠨ ᠲᠠᠮᠵᠢᠭᠤᠯᠤᠨ ᠲᠡᠭᠡᠭᠡᠪᠦᠷᠢᠯᠡᠬᠦ ᠭᠠᠷᠳᠠᠮ ᠬᠢᠵᠦ ᠦᠭᠭᠦᠨ᠎ᠡ᠂ ᠠᠶᠠᠨᠴᠢᠳ ᠠᠴᠢᠶ᠎ᠠ ᠪᠠᠨ ᠭᠠᠷᠭᠠᠨ ᠠᠪᠤᠭᠠᠳ ᠲᠠᠬᠢᠨ ᠨᠠᠶᠢᠳᠠᠨ ᠲᠡᠭᠡᠭᠡᠪᠦᠷᠢᠯᠡᠭᠦᠯᠬᠦ ᠴᠢᠬᠤᠯᠠ ᠦᠭᠡᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠠᠴᠠ ᠨᠢᠰᠬᠦ ᠠᠶᠠᠨᠴᠢᠳ ᠤᠨ ᠨᠠᠶᠢᠳᠠᠨ ᠲᠡᠭᠡᠭᠡᠪᠦᠷᠢᠯᠡᠭᠦᠯᠦᠭᠰᠡᠨ ᠠᠴᠢᠶ᠎ᠠ ᠳᠤ ᠰᠢᠭᠤᠳ ᠬᠦᠷᠬᠦ ᠭᠠᠵᠠᠷ ᠤᠨ ᠨᠠᠷ᠎ᠠ ᠶᠢᠨ ᠫᠠᠶᠢᠰᠠ ᠶᠢ ᠡᠯᠭᠦᠵᠦ ᠪᠣᠯᠤᠨ᠎ᠠ᠃       ᠣᠨᠴᠠᠭᠠᠶᠢᠯᠠᠨ ᠰᠠᠨᠠᠭᠤᠯᠬᠤ ᠨᠢ᠂ ᠵᠠᠯᠭᠠᠭᠠᠳ ᠬᠢᠮᠳᠡ ᠦᠨ᠎ᠡ ᠲᠠᠢ ᠠᠭᠠᠷ ᠤᠨ ᠠᠶᠠᠯᠠᠯ ᠤᠨ ᠺᠣᠮᠫᠠᠨᠢ ᠶᠢᠨ ᠡᠭᠡᠯᠵᠢ ᠶᠢᠨ ᠨᠢᠰᠬᠡᠯ ᠳᠤ ᠰᠠᠭᠤᠬᠤ ᠪᠤᠶᠤ ᠠᠴᠢᠶ᠎ᠠ ᠨᠢ ᠬᠦᠨᠳᠦ ᠠᠴᠠ ᠬᠡᠲᠦᠷᠡᠭᠰᠡᠨ ᠠᠴᠠ ᠪᠣᠯᠵᠤ ᠠᠴᠢᠶ᠎ᠠ ᠬᠡᠲᠦᠷᠡᠭᠰᠡᠨ ᠰᠦᠢᠳᠭᠡᠯ ᠲᠤᠰᠢᠶᠠᠬᠤ ᠴᠢᠬᠤᠯᠠᠲᠠᠶ ᠠᠶᠠᠨᠴᠢᠳ᠂ ᠨᠢᠰᠭᠡᠯ ᠰᠣᠯᠢᠬᠤ ᠠᠮᠠᠷᠠᠯᠲᠠ ᠶᠢᠨ ᠭᠠᠵᠠᠷ ᠪᠤᠶᠤ ᠨᠢᠰᠭᠡᠯ ᠰᠤᠯᠢᠬᠤ ᠲᠦᠷᠭᠡᠨ ᠭᠠᠷᠳᠠᠮ ᠬᠢᠬᠦ ᠯᠠᠩᠭᠦᠶ ᠳᠤ ᠬᠦᠷᠴᠦ ᠰᠦᠢᠳᠭᠡᠯ ᠲᠤᠰᠢᠶᠠᠬᠤ ᠪᠠ ᠳᠠᠮᠵᠢᠭᠤᠯᠤᠨ ᠲᠡᠭᠡᠭᠡᠪᠦᠷᠢᠯᠡᠬᠦ ᠭᠠᠷᠳᠠᠮ ᠬᠢᠯᠭᠡᠵᠦ ᠪᠣᠯᠤᠨ᠎ᠠ︔ ᠣᠯᠠᠨ ᠤᠯᠤᠰ ᠤᠨ ᠦᠷᠳᠡᠭᠡ ᠵᠢᠴᠢ ᠰᠢᠶᠠᠩᠭᠠᠩ ᠣᠣᠮᠧᠨ ᠲᠠᠶᠢᠸᠠᠨ ᠣᠷᠣᠨ ᠤ ᠦᠷᠳᠡᠭᠡ ᠠᠴᠠ ᠨᠢᠰᠦᠭᠰᠡᠨ ᠪᠠ ᠲᠡᠨᠳᠡ ᠬᠦᠷᠬᠦ ᠡᠭᠡᠯᠵᠢ ᠶᠢᠨ ᠨᠢᠰᠬᠡᠯ ᠳᠤ ᠰᠠᠭᠤᠬᠰᠠᠨ ᠨᠢᠰᠭᠡᠯ ᠰᠤᠯᠢᠬᠤ ᠠᠶᠠᠨᠴᠢᠳ ᠲᠤ ᠨᠢᠰᠭᠡᠯ ᠰᠤᠯᠢᠬᠤ ᠠᠮᠠᠷᠠᠯᠳᠠ ᠶᠢᠨ ᠭᠠᠵᠠᠷ ᠪᠤᠶᠤ ᠨᠢᠰᠭᠡᠯ ᠰᠤᠯᠢᠬᠤ ᠲᠦᠷᠭᠡᠨ ᠭᠠᠷᠳᠠᠮ ᠬᠢᠬᠦ ᠯᠠᠩᠭᠦᠶ ᠳᠤ ᠲᠦᠷ ᠭᠠᠷᠳᠠᠮ ᠬᠢᠵᠦ ᠦᠭᠭᠦ ᠥᠬᠡᠶ᠂ ᠨᠠᠶᠢᠳᠠᠨ ᠲᠡᠭᠡᠭᠡᠪᠦᠷᠢᠯᠡᠭᠦᠯᠦᠭᠰᠡᠨ ᠠᠴᠢᠶ᠎ᠡ ᠪᠠᠨ ᠭᠠᠷᠭᠠᠨ ᠠᠪᠤᠭᠰᠠᠨ ᠤ ᠳᠠᠷᠠᠭ᠎ᠠ ᠂ ᠨᠢᠰᠬᠡᠯ ᠬᠦᠯᠢᠶᠡᠬᠦ ᠲᠤᠰᠠᠭᠠᠷᠯᠠᠬᠤ ᠲᠤᠭᠤᠷᠢᠭ ᠤᠨ ᠭᠠᠳᠠᠨᠠᠬᠢ ᠵᠢᠵᠢᠭᠦᠷ ᠤᠨ ᠯᠠᠩᠭᠦᠶ ᠳᠤ ᠬᠦᠷᠴᠦ ᠬᠠᠮᠢᠶ᠎ᠠ ᠪᠦᠬᠦᠢ ᠭᠠᠷᠳᠠᠮ ᠬᠢᠯᠭᠡᠬᠦ ᠬᠡᠷᠡᠭᠲᠡᠶ᠃      ᠰᠦᠢᠳᠭᠡᠯ ᠬᠤᠷᠢᠶᠠᠬᠤ ᠦᠭᠡᠢ ᠪᠠᠷ ᠬᠤᠭᠤᠯᠠ ᠢᠳᠡᠬᠦᠯᠬᠦ — ᠲᠤᠬᠠᠶ ᠶᠢᠨ ᠡᠳᠦᠷ ᠤᠨ ᠨᠢᠰᠭᠡᠯ ᠰᠤᠯᠢᠬᠤ ᠠᠶᠠᠨᠴᠢᠳ ᠲᠤ ᠲᠣᠭᠲᠠᠭᠰᠠᠨ ᠴᠠᠭ ᠲᠤ ᠨᠢᠭᠡ ᠤᠳᠠᠭᠠᠨ ᠤ ᠰᠦᠢᠳᠭᠡᠯ ᠬᠤᠷᠢᠶᠠᠬᠤ ᠦᠭᠡᠢ ᠦᠳᠡ ᠶᠢᠨ ᠬᠤᠭᠤᠯᠠ ᠪᠤᠶᠤ ᠣᠷᠣᠢ ᠶᠢᠨ ᠬᠤᠭᠤᠯᠠ ᠦᠭᠭᠦᠨ᠎ᠡ      ᠬᠥᠬᠡᠬᠤᠲᠠ ᠶᠢᠨ ᠨᠢᠰᠬᠡᠯ ᠤᠨ ᠪᠠᠭᠤᠳᠠᠯ ᠢᠶᠠᠷ ᠲᠠᠮᠵᠢᠨ ᠨᠢᠰᠭᠡᠯ ᠰᠤᠯᠢᠬᠤ ᠠᠶᠠᠨᠴᠢᠳ ᠲᠣᠰ ᠬᠥᠮᠦᠨ ᠤ ᠲᠤᠬᠠᠶ ᠶᠢᠨ ᠡᠳᠦᠷ ᠤᠨ ᠨᠢᠰᠬᠡᠯ ᠳᠤ ᠭᠠᠷᠬᠤ ᠫᠠᠶᠢᠰᠠ᠂ ︽ᠬᠦᠬᠡᠬᠤᠳᠠ ᠪᠠᠷ ᠲᠠᠮᠵᠢᠨ ᠨᠢᠰᠬᠦ︾ ᠨᠢᠰᠭᠡᠯ ᠰᠤᠯᠢᠬᠤ ᠲᠤᠰᠬᠠᠶ ᠲᠠᠮᠠᠭ᠎ᠠ ᠳᠠᠷᠤᠭᠰᠠᠨ ᠭᠠᠷᠠᠮ ᠠᠴᠠ ᠭᠠᠷᠬᠤ ᠫᠠᠶᠢᠰᠠ ᠵᠢᠴᠢ ᠬᠦᠴᠦᠨ ᠪᠥᠬᠦᠶ ᠭᠡᠷᠡᠴᠢ ᠦᠨᠡᠮᠯᠡᠯ ᠢᠶᠠᠷ ᠢᠶᠠᠨ ᠲᠣᠭᠲᠠᠭᠰᠠᠨ ᠴᠠᠭ ᠤᠨ ᠳᠣᠲᠣᠷ᠎ᠠ ᠨᠢᠭᠡ ᠬᠤᠪᠢ ᠦᠳᠡ ᠶᠢᠨ ᠬᠤᠭᠤᠯᠠ ᠪᠤᠶᠤ ᠣᠷᠣᠢ ᠶᠢᠨ ᠬᠤᠭᠤᠯᠠ ᠠᠪᠴᠤ ᠪᠣᠯᠤᠨ᠎ᠠ᠃      ᠰᠦᠢᠳᠭᠡᠯ ᠬᠤᠷᠢᠶᠠᠬᠤ ᠦᠭᠡᠢ ᠪᠠᠷ ᠬᠤᠨᠣᠭᠯᠠᠬᠤ — ᠬᠤᠨᠤᠭ ᠦᠨᠵᠢᠵᠦ ︵24 ᠴᠠᠭ ᠤᠨ ᠳᠣᠲᠣᠷ᠎ᠠ︶ ᠨᠢᠰᠭᠡᠯ ᠰᠤᠯᠢᠬᠤ ᠠᠶᠠᠨᠴᠢᠳ ᠲᠣᠭᠲᠠᠭᠰᠠᠨ ᠴᠠᠭ ᠲᠤ ᠤᠷᠢᠳᠴᠢᠯᠠᠨ ᠭᠤᠶᠤᠴᠢᠯᠠᠪᠠᠯ ᠰᠦᠢᠳᠭᠡᠯ ᠬᠤᠷᠢᠶᠠᠬᠤ ᠦᠭᠡᠢ ᠪᠠᠷ ᠨᠢᠭᠡ ᠰᠦᠨᠢ ᠬᠤᠨᠣᠭᠯᠠᠭᠤᠯᠤᠨ᠎ᠠ      ᠰᠥᠨᠢ ᠥᠨᠵᠢᠵᠤ ᠨᠢᠰᠭᠡᠯ ᠰᠤᠯᠢᠬᠤ ᠰᠤᠯᠠ ᠠᠶᠠᠨᠴᠢᠳ ᠡᠷᠬᠡᠪᠰᠢ ᠠᠩᠬᠠᠨ ᠤ ᠡᠭᠡᠯᠵᠢ ᠶᠢᠨ ᠨᠢᠰᠬᠡᠯ ᠨᠢᠰᠬᠦ ᠠᠴᠠ 12 ᠴᠠᠭ ᠤᠨ ᠡᠮᠦᠨ᠎ᠡ ᠤᠲᠠᠰᠤ ᠪᠠᠷ ᠰᠥᠨᠢ ᠥᠨᠵᠢᠬᠦ ᠰᠦᠢᠳᠭᠡᠯ ᠬᠤᠷᠢᠶᠠᠬᠤ ᠦᠭᠡᠢ ᠬᠤᠨᠣᠭᠯᠠᠬᠤ ᠵᠢᠴᠢ ᠲᠤᠰᠴᠤ ᠬᠦᠷᠭᠡᠬᠦ ᠦᠢᠯᠡᠴᠢᠯᠡᠭᠡ ᠶᠢ ᠭᠤᠶᠤᠴᠢᠯᠠᠬᠤ ᠬᠡᠷᠡᠭᠳᠡᠢ︔ ᠰᠥᠨᠢ ᠥᠨᠵᠢᠵᠤ ᠨᠢᠰᠭᠡᠯ ᠰᠤᠯᠢᠬᠤ ᠪᠦᠯᠬᠦᠮ ᠤᠨ ᠠᠶᠠᠨᠴᠢᠳ ᠨᠠᠭᠠᠳᠤ ᠵᠠᠬ᠎ᠠ ᠳᠠᠭᠠᠨ ᠭᠤᠷᠪᠠᠨ ᠡᠳᠦᠷ ᠤᠨ ᠡᠮᠦᠨ᠎ᠡ ᠤᠲᠠᠰᠤ ᠪᠠᠷ ᠰᠥᠨᠢ ᠥᠨᠵᠢᠬᠦ ᠰᠦᠢᠳᠭᠡᠯ ᠬᠤᠷᠢᠶᠠᠬᠤ ᠦᠭᠡᠢ ᠬᠤᠨᠣᠭᠯᠠᠬᠤ ᠵᠢᠴᠢ ᠲᠤᠰᠴᠤ ᠬᠦᠷᠭᠡᠬᠦ ᠦᠢᠯᠡᠴᠢᠯᠡᠭᠡ ᠶᠢ ᠭᠤᠶᠤᠴᠢᠯᠠᠬᠤ ᠬᠡᠷᠡᠭᠳᠡᠢ᠃http://mongol.people.com.cn/15822899.html
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ