ᠬᠦᠬᠡᠬᠤᠲᠠ ᠶᠢᠨ ᠤᠲᠤᠷᠢᠳᠤᠯᠭ᠎ᠠ ︽ᠬᠤᠤᠰ ᠪᠠᠶᠠᠷ︾ ᠤᠨ ᠬᠤᠭᠤᠴᠠᠭᠠᠨ ᠳᠤ ᠨᠢᠭᠡᠲᠦᠭᠡᠷ ᠹᠷᠤᠨᠲ ᠲᠤ ᠠᠵᠢᠯᠯᠠᠵᠤ ᠪᠠᠶᠢᠬᠤ ᠠᠵᠢᠯᠲᠠᠳ ᠢᠶᠠᠨ ᠲᠤᠭᠤᠷᠢᠨ ᠲᠤᠬᠤᠨᠢᠭᠤᠯᠪᠠ
ᠨᠡᠶᠢᠲᠡᠯᠡᠭᠰᠡᠨ ᠴᠠᠭ᠄
2020/9/30
      9  ᠰᠠᠷ᠎ᠠ ᠶᠢᠨ 29   ᠤ ᠡᠲᠦᠷ᠂ ᠬᠦᠬᠡᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ  ᠭᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ  ᠡᠷᠬᠢᠯᠡᠭᠴᠢ ᠪᠠᠢ ᠶᠦᠩ ᠫᠢᠩ ᠬᠦᠬᠡᠬᠤᠲᠠ ᠶᠢᠨ ᠠᠷᠢᠭᠤᠨ ᠴᠡᠭᠡᠴᠢ ᠪᠠᠷ ᠵᠠᠰᠠᠭ ᠪᠠᠷᠢᠬᠤ ᠬᠦᠮᠦᠵᠢᠯ ᠤᠨ  ᠲᠦᠪ᠂ ᠬᠤᠲᠠ ᠶᠢᠨ ᠠᠷᠢᠭᠤᠨ ᠴᠢᠭᠡᠴᠢ ᠪᠠᠷ ᠵᠠᠰᠠᠭ ᠪᠠᠷᠢᠬᠤ  ᠰᠤᠶᠤᠯ ᠤᠨ ᠬᠦᠮᠦᠵᠢᠯ ᠤᠨ ᠰᠠᠭᠤᠷᠢᠨ ᠵᠢᠴᠢ ᠪᠠᠷᠢᠯᠭ᠎ᠠ ᠶᠢᠨ  ᠲᠤᠬᠠᠢ  ᠶᠢᠨ ᠲᠠᠯᠠᠪᠠᠢ ᠳᠤ ᠬᠦᠷᠴᠦ᠂ ᠤᠯᠤᠰ ᠤᠨ ᠪᠠᠶᠠᠷ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ  ᠠᠮᠠᠷᠠᠯᠲᠠ ᠶᠢᠨ ᠬᠤᠭᠤᠴᠠᠭᠠᠨ ᠳᠤ ᠨᠢᠭᠡᠲᠦᠭᠡᠷ ᠹᠷᠤᠨᠲ ᠲᠤ ᠠᠵᠢᠯᠯᠠᠵᠤ ᠪᠠᠶᠢᠬᠤ ᠠᠵᠢᠯᠲᠠᠳ ᠢᠶᠠᠨ ᠲᠤᠭᠤᠷᠢᠨ  ᠲᠤᠬᠤᠨᠢᠭᠤᠯᠪᠠ᠃    ᠬᠦᠬᠡᠬᠤᠲᠠ ᠶᠢᠨ ᠠᠷᠢᠭᠤᠨ ᠴᠡᠭᠡᠴᠢ ᠪᠠᠷ ᠵᠠᠰᠠᠭ ᠪᠠᠷᠢᠬᠤ ᠬᠦᠮᠦᠵᠢᠯ ᠤᠨ ᠲᠦᠪ ᠲᠤ᠂ ᠪᠠᠢ ᠶᠦᠩ ᠫᠢᠩ   ᠵᠢᠵᠢᠬᠦᠷᠯᠡᠬᠦ ᠭᠡᠷ᠂ ᠬᠢᠨᠠᠨ ᠡᠵᠡᠮᠲᠡᠬᠦ ᠭᠡᠷ᠂ ᠡᠮᠴᠢᠯᠡᠵᠤ ᠵᠠᠰᠠᠬᠤ ᠭᠡᠷ ᠵᠡᠷᠭᠡ ᠭᠤᠤᠯᠲᠠᠯᠭ᠎ᠠ ᠲᠠᠢ ᠭᠠᠵᠠᠷ ᠤᠨ  ᠠᠵᠢᠯ  ᠤᠨ ᠪᠠᠶᠢᠲᠠᠯ ᠢ ᠨᠠᠷᠢᠨ ᠠᠰᠠᠭᠤᠨ ᠤᠶᠢᠯᠠᠭᠠᠵᠤ᠂ ᠲᠤᠰᠬᠠᠢ ᠬᠡᠷᠡᠭ ᠤᠨ ᠲᠤᠭᠤᠶᠢᠯᠠᠩ ᠤᠨ ᠨᠦᠬᠦᠳ᠂  ᠲᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠷᠠᠭᠴᠢ᠂ ᠡᠮᠨᠡᠯᠭᠡ ᠤᠨ ᠠᠵᠢᠯᠲᠠᠳ ᠵᠢᠴᠢ ᠠᠷᠤ ᠲᠠᠯ᠎ᠠ ᠶᠢᠨ  ᠦᠢᠯᠡᠴᠢᠯᠡᠭᠡᠨ ᠤ ᠬᠦᠮᠦᠰ ᠯᠦᠭᠡ ᠲᠤᠲᠤᠨᠤᠰᠤᠭ ᠢᠶᠠᠷ ᠶᠠᠷᠢᠯᠴᠠᠪᠠ᠃ ᠲᠡᠷᠡ ᠬᠡᠯᠡᠬᠦ ᠳᠡᠭᠡᠨ᠄ ᠤᠯᠤᠰ ᠤᠨ  ᠪᠠᠶᠠᠷ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠡᠲᠦᠷ ᠪᠤᠯ ᠭᠡᠷ ᠪᠦᠯᠢ ᠪᠠᠷ ᠢᠶᠠᠨ ᠠᠭᠤᠯᠵᠠᠨ ᠵᠤᠯᠭᠠᠯᠴᠠᠬᠤ ᠴᠢᠬᠤᠯᠠ ᠪᠠᠶᠠᠷ ᠨᠠᠶᠢᠷ ᠤᠨ ᠡᠲᠦᠷ ᠪᠤᠯᠤᠨ᠎ᠠ᠃ ᠨᠦᠬᠦᠳ ᠤᠨ ᠪᠠᠶᠠᠷ ᠲᠤᠷᠠᠰᠬᠠᠯ ᠤᠨ ᠡᠲᠦᠷ ᠤᠨ ᠠᠮᠠᠷᠠᠯᠲᠠ ᠪᠠᠨ ᠦᠷᠡᠭᠲᠡᠬᠦᠯᠵᠦ᠂ ᠬᠤᠪᠢ ᠬᠤᠪᠢᠨ ᠤ ᠪᠠᠨ ᠠᠵᠢᠯ ᠤᠨ ᠪᠠᠶᠢᠷᠢᠨ ᠳᠠᠭᠠᠨ ᠵᠦᠲᠡᠬᠦᠷᠢᠲᠦ ᠬᠦᠲᠡᠯᠮᠦᠷᠢ ᠤᠷᠤᠭᠤᠯᠵᠤ ᠪᠠᠶᠢᠬᠤ ᠳᠤ ᠲᠠᠯᠠᠷᠬᠠᠵᠤ ᠪᠠᠶᠢᠨ᠎ᠠ᠃ ᠤᠯᠠᠨ ᠢᠶᠠᠷ ᠢᠶᠠᠨ ᠬᠡᠵᠢᠭ ᠤᠨ  ᠪᠠᠶᠢᠲᠠᠯ ᠤᠨ ᠰᠡᠷᠭᠡᠶᠢᠯᠡᠯᠲᠡ ᠡᠵᠡᠮᠲᠡᠯ   ᠤᠨ ᠱᠠᠭᠠᠷᠲᠠᠯᠭ᠎ᠠ  ᠶᠢ ᠴᠢᠩᠭ᠎ᠠ ᠰᠠᠬᠢᠵᠤ᠂ ᠲᠡᠭᠡᠲᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠡ ᠡᠬᠦᠷᠭᠡ ᠲᠤᠰᠢᠶᠠᠯᠳᠤ ᠰᠡᠳᠬᠢᠯᠭᠡ  ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠡᠯ᠎ᠡ ᠵᠦᠢᠯ ᠤᠨ ᠠᠵᠢᠯ ᠢᠶᠠᠨ ᠯᠠᠪᠲᠠᠭᠤᠨ ᠪᠠᠳᠤᠲᠠᠢ ᠪᠠᠷ ᠰᠠᠶᠢᠳᠤᠷ ᠬᠢᠵᠦ᠂ ᠲᠦᠪ ᠤᠨ ᠬᠠᠮᠢᠶᠠᠷᠤᠯᠲᠠ ᠠᠮᠤᠷ ᠲᠦᠪᠰᠢᠨ ᠵᠢᠷᠤᠮ ᠭᠤᠷᠢᠮ ᠲᠠᠢ  ᠶᠠᠪᠤᠬᠲᠠᠬᠤ ᠶᠢ ᠪᠠᠳᠤᠯᠠᠳᠤᠭᠠᠢ ᠭᠡᠵᠡᠢ᠃     《ᠠᠷᠢᠭᠤᠨ ᠴᠢᠭᠡᠴᠢ ᠪᠠᠷ ᠵᠠᠰᠠᠭ ᠪᠠᠷᠢᠬᠤ  ᠬᠦᠮᠦᠵᠢᠯ ᠤᠨ ᠠᠵᠢᠯ ᠪᠤᠯ ᠨᠠᠮ ᠤᠨ  ᠰᠤᠷᠲᠠᠯ  ᠠᠷᠢᠭᠤᠨ ᠴᠢᠭᠡᠴᠢ ᠪᠠᠷ ᠵᠠᠰᠠᠭ ᠪᠠᠷᠢᠬᠤ ᠪᠦᠲᠦᠭᠡᠨ ᠪᠠᠶᠢᠭᠤᠯᠤᠯᠲᠠ ᠪᠠ ᠢᠯᠵᠢᠷᠡᠯ ᠢ ᠡᠰᠡᠷᠬᠦᠴᠡᠬᠦ ᠤᠬᠠᠭᠤᠯᠤᠯ ᠬᠦᠮᠦᠵᠢᠯ ᠢ ᠰᠠᠶᠢᠳᠤᠷ ᠦᠷᠨᠢᠬᠦᠯᠬᠦ ᠴᠢᠬᠤᠯᠠ ᠨᠢᠭᠡ ᠵᠠᠩᠬᠢᠶᠠᠰᠤ ᠪᠤᠯᠤᠨ᠎ᠠ᠃ ᠤᠯᠠᠨ ᠵᠦᠢᠯ ᠤᠨ ᠬᠡᠯᠪᠡᠷᠢ ᠶᠢᠨ ᠠᠴᠢᠶᠠᠯᠠᠪᠦᠷᠢ ᠪᠠ ᠠᠭᠤᠯᠭ᠎ᠠ ᠪᠠᠷ ᠠᠷᠢᠭᠤᠨ ᠴᠢᠭᠡᠴᠢ ᠪᠠᠷ ᠵᠠᠰᠠᠭ ᠪᠠᠷᠢᠬᠤ ᠦᠵᠡᠬᠦᠯᠭᠡ ᠶᠢᠨ ᠲᠢᠩᠬᠢᠮ ᠤᠨ ᠦᠷ᠎ᠡ ᠪᠦᠲᠦᠮᠵᠢ ᠶᠢ ᠲᠡᠭᠡᠭᠰᠢᠯᠡᠬᠦᠯᠦᠨ᠂ ᠺᠠᠳ᠋ᠷ ᠪᠠ ᠠᠯᠪᠠᠲᠠᠳ ᠲᠤ ᠠᠷᠢᠭᠤᠨ ᠴᠢᠭᠡᠴᠢ ᠶᠢᠨ ︿ᠰᠡᠷᠭᠡᠶᠢᠯᠡᠯᠲᠡ ᠶᠢᠨ ᠲᠠᠷᠢᠯᠭ᠎ᠠ﹀  ᠬᠢᠬᠦ ᠬᠡᠷᠡᠭᠲᠡᠢ᠃ 》ᠬᠤᠲᠠ ᠶᠢᠨ  ᠠᠷᠢᠭᠤᠨ ᠴᠢᠭᠡᠴᠢ ᠪᠠᠷ ᠵᠠᠰᠠᠭ ᠪᠠᠷᠢᠬᠤ ᠰᠤᠶᠤᠯ ᠤᠨ ᠬᠦᠮᠦᠵᠢᠯ ᠤᠨ  ᠰᠠᠭᠤᠷᠢᠨ  ᠳᠤ᠂ ᠪᠠᠢ ᠶᠥᠩ ᠫᠢᠩ ᠨᠢᠭᠡ ᠲᠠᠯ᠎ᠠ ᠪᠠᠷ ᠠᠷᠢᠭᠤᠨ ᠴᠢᠭᠡᠴᠢ ᠪᠠᠷ ᠵᠠᠰᠠᠭ ᠪᠠᠷᠢᠬᠤ ᠦᠵᠡᠬᠦᠯᠭᠡ   ᠶᠢ  ᠰᠤᠨᠢᠷᠬᠠᠨ᠂ ᠨᠦᠬᠦᠭᠡ ᠲᠠᠯ᠎ᠠ ᠪᠠᠷ  ᠪᠠᠶᠠᠷ ᠲᠤᠷᠠᠰᠬᠠᠯ ᠤᠨ ᠡᠲᠦᠷ ᠤᠨ ᠬᠤᠭᠤᠴᠠᠭᠠᠨ ᠳᠤ ᠦᠨᠲᠦᠷ ᠪᠠᠷᠢᠮᠵᠢᠶ᠎ᠠ᠂ ᠴᠢᠩᠭ᠎ᠠ  ᠱᠠᠭᠠᠷᠲᠠᠯᠭ᠎ᠠ ᠪᠠᠷ ᠰᠠᠭᠤᠷᠢᠨ ᠤ ᠠᠮᠤᠷ ᠲᠦᠪᠰᠢᠨ ᠤ ᠪᠠᠳᠤᠯᠠᠭ᠎ᠠ ᠶᠢᠨ ᠠᠵᠢᠯ ᠢᠶᠠᠨ ᠰᠠᠶᠢᠳᠤᠷ ᠬᠢᠰᠦᠭᠡᠢ ᠭᠡᠵᠦ ᠵᠠᠬᠢᠯ᠎ᠠ᠃  ︵ᠬᠦᠬᠡᠬᠤᠲᠠ ᠶᠢᠨ ᠡᠲᠦᠷ ᠤᠨ ᠰᠤᠨᠢᠨ ᠤ  ᠴᠢᠮᠡᠭᠡᠯᠡᠭᠴᠢ  ᠸᠠᠩ ᠷᠦᠢ︶http://mongol.people.com.cn/15825891.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号