ᠸᠠᠩ ᠯᠢ ᠰᠢᠶᠠ ︽ᠬᠤᠶᠠᠷ ᠪᠠᠶᠠᠷ︾ ᠤᠨ ᠡᠮᠦᠨ᠎ᠡ ᠠᠶᠤᠯᠭᠦᠢ ᠦᠢᠯᠡᠳᠪᠦᠷᠢᠯᠡᠯ ᠪᠠ ᠠᠮᠤᠷ ᠢ ᠬᠠᠮᠠᠭᠠᠯᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠠᠶᠤᠯᠭᠦᠢ ᠶᠢᠨ ᠬᠦᠪᠴᠢ ᠶᠢ ᠴᠢᠩᠭᠠᠯᠠᠨ  ᠠᠷᠠᠳ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ  ᠠᠮᠤᠷ ᠲᠦᠪᠰᠢᠨ ᠪᠠ ᠨᠡᠶᠢᠭᠡᠮ ᠤᠨ ᠡᠶ᠎ᠡ ᠵᠣᠬᠢᠴᠠᠯ ᠠᠮᠤᠷ ᠲᠣᠭᠲᠠᠭᠤᠨ ᠢ ᠡᠷᠡᠰ ᠬᠠᠮᠠᠭᠠᠯᠠᠬᠤ ᠬᠡᠷᠡᠭᠲᠡᠢ
ᠨᠡᠶᠢᠲᠡᠯᠡᠭᠰᠡᠨ ᠴᠠᠭ᠄
2020/9/30
      9 ᠳ᠋ᠦ᠋ᠭᠡᠷ ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ᠂ ᠤᠯᠤᠰ ᠤᠨ ᠪᠠᠶᠠᠷ᠂ ᠨᠠᠢᠮᠠᠨ ᠰᠠᠷ᠎ᠠ ᠶᠢᠨ ᠠᠷᠪᠠᠨ ᠲᠠᠪᠤᠨ ᠬᠦᠷᠴᠦ ᠢᠷᠡᠬᠦ ᠲᠠᠰᠢᠷᠠᠮ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠠᠶᠤᠯᠲᠠᠢ ᠬᠢᠮᠢ ᠶᠢᠨ ᠪᠣᠳᠠᠰ ᠤᠨ ᠠᠵᠤ ᠠᠬᠤᠶᠢᠯᠠᠯ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠭᠠᠯ ᠤᠨᠲᠠᠷᠠᠭᠠᠬᠤ ᠰᠠᠯᠠᠭ᠎ᠠ ᠮᠥᠴᠢᠷ᠂ ᠵᠡᠭᠡᠯᠢ ᠭᠤᠳᠤᠮᠵᠢ ᠶᠢᠨ ᠲᠣᠮᠢᠯᠠᠭᠰᠠᠨ ᠰᠠᠯᠪᠤᠷᠢ ᠨᠤᠭᠤᠳ ᠢᠶᠠᠷ ᠬᠦᠷᠴᠦ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ᠂ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠯ ᠰᠡᠷᠭᠡᠶᠢᠯᠡᠯᠲᠡ ᠶᠢᠨ ᠠᠮᠤᠷ ᠲᠦᠪᠰᠢᠨ᠂ ᠰᠤᠷᠭᠠᠭᠤᠯᠢ ᠶᠢᠨ ᠡᠷᠭᠢᠨ ᠲᠤᠭᠤᠷᠢᠨ ᠤ ᠠᠮᠤᠷ ᠲᠦᠪᠰᠢᠨ ᠵᠡᠷᠭᠡ ᠠᠵᠢᠯ ᠢ ᠲᠤᠬᠠᠢ ᠶᠢᠨ ᠭᠠᠵᠠᠷ ᠨᠢ ᠬᠦᠷᠴᠦ ᠪᠠᠶᠢᠴᠠᠭᠠᠨ ᠰᠤᠳᠤᠯᠪᠠ᠃ ᠠᠮᠤᠷ ᠲᠦᠪᠰᠢᠨ ᠪᠣᠯ ᠠᠯᠢᠪᠠ ᠠᠵᠢᠯ ᠤᠨ ᠰᠠᠭᠤᠷᠢ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠠᠵᠤ ᠠᠬᠤᠶᠢᠯᠠᠯ ᠤᠳ ᠠᠵᠢᠯ ᠦᠢᠯᠡᠰ ᠲᠤ᠂ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠠᠶᠤᠯᠭᠦᠢ ᠶᠢᠨ ᠬᠦᠪᠴᠢ ᠶᠢ ᠴᠢᠩᠭᠠᠯᠠᠨ᠂ ᠠᠵᠢᠯ ᠤᠨ ᠬᠦᠴᠦᠯᠡᠴᠡ ᠪᠠᠨ ᠴᠢᠩᠭᠠᠳᠬᠠᠨ᠂  ᠠᠶᠤᠯᠭᠦᠢ ᠶᠢᠨ ᠪᠠᠶᠢᠴᠠᠭᠠᠯᠲᠠ ᠶᠢ ᠴᠢᠩᠭᠠᠳᠬᠠᠵᠤ᠂ ᠦᠨᠡᠨᠬᠦ ᠤᠷᠢᠳ ᠠᠴᠠ ᠨᠢ ᠰᠡᠷᠭᠡᠶᠢᠯᠡᠵᠦ᠂ ᠠᠷᠠᠳ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠡᠶ᠎ᠡ ᠵᠣᠬᠢᠴᠠᠯ ᠠᠮᠤᠷ ᠲᠣᠭᠲᠠᠭᠤᠨ ᠢ ᠡᠷᠡᠰ ᠬᠠᠮᠠᠭᠠᠯᠠᠬᠤ ᠬᠡᠷᠡᠭᠲᠡᠢ ᠭᠡᠪᠡ᠃      ᠸᠠᠩ ᠯᠢ ᠰᠢᠶᠠ ᠶᠠᠭᠤᠨ ᠤ ᠡᠮᠦᠨ᠎ᠡ ᠵᠦᠩ ᠬᠠᠢ ᠴᠢᠯᠠᠭᠤᠨ ᠲᠣᠰᠣᠨ ᠤ ᠲᠢᠶᠠᠨ ᠶᠧ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ ᠢᠷᠡᠵᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ᠂ ᠮᠡᠷᠭᠡᠵᠢᠯ ᠤᠨ ᠰᠢᠨ᠎ᠡ ᠡᠭᠦᠳᠦᠯᠲᠡ᠂ ᠭᠥᠸᠧᠯᠦ ᠶᠢᠨ ᠤᠲᠤᠭ᠎ᠠ ᠬᠡᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ ᠥᠭᠡᠷᠡᠴᠢᠯᠡᠬᠦ ᠲᠥᠷᠥᠯ ᠵᠦᠢᠯ ᠤᠨ ᠠᠬᠢᠭᠤᠯᠤᠯᠲᠠ ᠶᠢᠨ ᠪᠠᠶᠢᠳᠠᠯ ᠵᠡᠷᠭᠡ ᠶᠢ ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠬᠤ ᠳᠠᠭᠠᠨ᠂ ᠠᠶᠤᠯᠭᠦᠢ ᠦᠢᠯᠡᠳᠪᠦᠷᠢᠯᠡᠯ   ᠴᠢᠬᠤᠯᠠ ᠠᠴᠠ ᠴᠢᠬᠤᠯᠠ᠂ ᠬᠠᠷᠢᠭᠤᠴᠠᠯᠭ᠎ᠠ ᠠᠭᠤᠯᠠᠨ ᠠᠴᠠ ᠬᠦᠨᠳᠦ᠂ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠵᠦ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠭᠦᠯᠦᠯᠲᠡ ᠶᠢᠨ ᠬᠥᠭᠵᠢᠯᠲᠡ ᠶᠢᠨ ᠰᠡᠳᠬᠢᠮᠵᠢ ᠪᠠᠷ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠱᠠᠭᠠᠷᠳᠠᠯᠭ᠎ᠠ ᠶᠢ  ᠨᠠᠷᠢᠯᠢᠭ ᠪᠤᠳᠠᠳᠠᠢ ᠨᠠᠶᠢᠳᠠᠪᠤᠷᠢᠵᠢᠭᠤᠯᠵᠤ᠂  ᠠᠶᠤᠯᠭᠦᠢ ᠦᠢᠯᠡᠳᠪᠦᠷᠢᠯᠡᠯ ᠤᠨ ᠬᠦᠨᠳᠦ ᠣᠨᠴᠠ ᠶᠡᠭᠡ ᠠᠳᠡᠯ ᠬᠡᠷᠡᠭ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠭᠡᠪᠡ᠃     ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ  ᠰᠠᠯᠪᠤᠷᠢ ᠠᠩᠭᠢ ᠶᠢᠨ ᠵᠢᠯᠣᠭᠤᠳᠬᠤ ᠲᠥᠪ ᠲᠤ᠂ ᠸᠠᠩ ᠯᠢ ᠰᠢᠶᠠ ᠳᠦᠷᠰᠦ ᠪᠢᠴᠢᠯᠭᠡ ᠪᠠᠷ ᠬᠢᠨᠠᠨ ᠡᠵᠡᠮᠳᠡᠬᠦ   ᠲᠠᠪᠴᠠᠩ ᠢᠶᠠᠷ ᠳᠠᠮᠵᠢᠨ ᠬᠥᠬᠡᠬᠤᠲᠠ ᠶᠢᠨ ᠵᠠᠮ ᠬᠠᠷᠢᠯᠴᠠᠭᠠᠨ ᠤ ᠪᠠᠶᠢᠳᠠᠯ᠂ ᠵᠠᠮ ᠤᠨ ᠠᠶᠤᠯᠬᠦᠢ ᠪᠠᠶᠢᠳᠠᠯ ᠤᠨ ᠶᠡᠷᠦᠩᠬᠡᠶᠢᠯᠡᠭᠰᠡᠨ ᠦᠨᠡᠯᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠵᠢᠭᠠᠬᠤ ᠳᠠᠭᠠᠨ᠂ ᠵᠠᠮ ᠬᠠᠷᠢᠯᠴᠠᠭᠠᠨ ᠤ ᠠᠶᠤᠯᠭᠦᠢ ᠶᠢᠨ ᠬᠠᠷᠢᠭᠤᠴᠠᠯᠭ᠎ᠠ ᠬᠦᠨᠳᠦ ᠶᠡᠭᠡ᠂ ᠥᠷᠭᠡᠨ ᠣᠯᠠᠨ ᠵᠠᠮ ᠬᠠᠷᠢᠯᠴᠠᠭᠠᠨ ᠤ ᠴᠠᠭᠳᠠᠭ᠎ᠠ ᠵᠠᠮ ᠬᠠᠷᠢᠯᠴᠠᠭ᠎ᠠ ᠶᠢ ᠰᠢᠯᠤᠭᠤᠳᠬᠠᠵᠤ᠂ ᠠᠮᠤᠷ ᠲᠦᠪᠰᠢᠨ ᠢ ᠬᠠᠮᠠᠭᠠᠯᠠᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠤᠶᠤᠨᠳᠤ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠮᠤᠷ ᠠᠮᠤᠭᠤᠯᠠᠩ ᠲᠥᠪ ᠬᠤᠲᠠ ᠶᠢ ᠦᠨᠡᠨᠬᠦ ᠴᠤᠭᠴᠠᠯᠠᠨ᠂ ᠠᠮᠤᠷ ᠲᠣᠭᠲᠠᠭᠤᠨ ᠡᠶ᠎ᠡ ᠵᠣᠬᠢᠴᠠᠯ ᠲᠠᠢ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃      ᠬᠥᠬᠡᠬᠤᠲᠠ ᠶᠢᠨ ᠭᠠᠯ ᠤᠨᠲᠠᠷᠠᠭᠠᠬᠤ ᠣᠨᠴᠠ ᠡᠭᠦᠷᠭᠡ ᠬᠦᠢᠴᠡᠳᠭᠡᠬᠦ ᠶᠡᠭᠡ ᠠᠩᠭᠢ ᠶᠢᠨ ᠨᠢᠭᠡᠳᠦᠭᠡᠷ ᠥᠷᠲᠡᠭᠡᠨ ᠳᠤ᠂ ᠸᠠᠩ ᠯᠢ ᠰᠢᠶᠠ ᠭᠠᠯ ᠤᠨᠲᠠᠷᠠᠭᠠᠬᠤ ᠳᠠᠷᠤᠭ᠎ᠠ ᠪᠠᠶᠢᠯᠳᠤᠭᠴᠢᠳ ᠢ ᠪᠣᠯᠭᠤᠭᠠᠨ ᠦᠵᠡᠵᠦ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠭᠠᠯ ᠤᠨᠲᠠᠷᠠᠭᠠᠬᠤ ᠪᠡᠯᠡᠳᠬᠡᠮᠵᠢ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠡᠯᠡᠳᠬᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠬᠤ ᠳᠠᠭᠠᠨ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠳᠤ ᠴᠡᠷᠢᠭ ᠢ ᠮᠢᠩᠭᠠᠨ ᠡᠳᠦᠷ ᠬᠠᠳᠠᠭᠤᠵᠢᠭᠤᠯᠵᠤ ᠨᠢᠭᠡ ᠡᠳᠦᠷ ᠬᠡᠷᠡᠭᠯᠡᠳᠡᠭ᠂ ᠥᠷᠭᠡᠨ ᠣᠯᠠᠨ ᠭᠠᠯ ᠤᠨᠲᠠᠷᠠᠭᠠᠬᠤ ᠳᠠᠷᠤᠭ᠎ᠠ ᠪᠠᠶᠢᠯᠳᠤᠭᠴᠢ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠦᠯ ᠦᠭᠡᠢ᠂ ᠭᠠᠯ ᠤᠨᠲᠠᠷᠠᠭᠠᠬᠤ ᠴᠡᠷᠢᠭ ᠠᠩᠭᠢ ᠶᠢᠨ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ ᠪᠠ ᠵᠢᠩᠬᠢᠨᠢ ᠪᠠᠶᠢᠯᠳᠤᠭᠠᠨ ᠤ ᠰᠣᠷᠢᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠦᠨᠡᠨᠬᠦ ᠳᠠᠭᠤᠳᠠᠭᠰᠠᠨ ᠳᠠᠷᠤᠢ ᠢᠷᠡᠵᠦ᠂ ᠢᠷᠡᠭᠰᠡᠨ ᠳᠠᠷᠤᠢ ᠪᠠᠶᠢᠯᠳᠤᠵᠤ᠂ ᠪᠠᠶᠢᠯᠳᠤᠭᠰᠠᠨ ᠳᠠᠷᠤᠢ ᠢᠯᠠᠯᠲᠠ ᠣᠯᠬᠤ ᠬᠡᠷᠡᠭᠲᠡᠢ ᠭᠡᠪᠡ᠃      ᠶᠡᠭᠡ ᠰᠤᠷᠭᠠᠭᠤᠯᠢ ᠪᠠᠷᠠᠭᠤᠨ ᠵᠠᠮ ᠤᠨ ᠲᠣᠮᠢᠯᠠᠭᠰᠠᠨ ᠰᠠᠯᠪᠤᠷᠢ ᠶᠢᠨ ᠬᠠᠷᠢᠶ᠎ᠠ ᠣᠷᠣᠨ ᠨᠢ ᠰᠠᠶᠢᠬᠠᠨ ᠲᠣᠭᠤᠷᠢᠭ ᠤᠨ ᠰᠣᠶᠣᠯ ᠰᠤᠷᠭᠠᠨ ᠬᠥᠮᠥᠵᠢᠯ ᠤᠨ ᠲᠥᠪ ᠣᠷᠣᠨ ᠳᠤ ᠪᠠᠶᠢᠷᠢᠯᠠᠵᠤ᠂ ᠰᠤᠷᠭᠠᠭᠤᠯᠢ ᠣᠯᠠᠨ ᠪᠠᠶᠢᠳᠠᠭ᠃ ᠸᠠᠩ ᠯᠢ ᠰᠢᠶᠠ ᠶᠡᠭᠡ ᠰᠤᠷᠭᠠᠭᠤᠯᠢ ᠪᠠᠷᠠᠭᠤᠨ ᠵᠠᠮ ᠤᠨ ᠲᠣᠮᠢᠯᠠᠭᠰᠠᠨ ᠰᠠᠯᠪᠤᠷᠢ ᠲᠤ ᠬᠠᠷᠢᠶ᠎ᠠ ᠣᠷᠣᠨ ᠤ ᠴᠠᠭᠳᠠᠭᠠᠨ ᠤ ᠶᠠᠪᠤᠳᠠᠯ ᠵᠢᠴᠢ ᠡᠯ᠎ᠡ ᠰᠤᠷᠭᠠᠭᠤᠯᠢ ᠶᠢᠨ ᠡᠷᠭᠢᠨ ᠲᠣᠭᠤᠷᠢᠨ ᠤ ᠠᠮᠤᠷ ᠤᠨ ᠬᠠᠮᠠᠭᠠᠯᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠵᠢᠭᠠᠬᠤ ᠳᠠᠭᠠᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠥᠷᠭᠡᠨ ᠣᠯᠠᠨ ᠰᠤᠷᠤᠭᠴᠢ ᠶᠢᠨ ᠡᠷᠡᠭᠦᠯ ᠴᠢᠭᠢᠷᠠᠭ ᠢᠶᠠᠷ ᠦᠰᠦᠨ ᠪᠣᠶᠢᠵᠢᠬᠤ ᠳᠤ ᠬᠤᠯᠪᠣᠭᠳᠠᠨ᠎ᠠ᠂ ᠲᠣᠮᠢᠯᠠᠭᠰᠠᠨ  ᠰᠠᠯᠪᠤᠷᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠤᠷᠭᠠᠭᠤᠯᠢ ᠵᠢᠴᠢ ᠰᠤᠷᠭᠠᠭᠤᠯᠢ ᠶᠢᠨ ᠡᠷᠭᠢᠨ ᠲᠣᠭᠤᠷᠢᠨ ᠤ ᠠᠶᠤᠯᠭᠦᠢ ᠶᠢᠨ ᠠᠵᠢᠯ ᠢ ᠯᠠᠪᠳᠠᠭᠤᠨ ᠪᠣᠳᠠᠲᠠᠢ ᠰᠠᠶᠢᠲᠤᠷ ᠠᠳᠬᠤᠵᠤ᠂ ᠥᠷᠭᠡᠨ ᠣᠯᠠᠨ ᠰᠤᠷᠤᠭᠴᠢᠳ ᠲᠤ ᠠᠮᠤᠷ ᠲᠦᠪᠰᠢᠨ ᠡᠶ᠎ᠡ ᠵᠣᠬᠢᠴᠠᠯ ᠲᠠᠢ ᠠᠮᠢᠳᠤᠷᠠᠯ ᠰᠤᠷᠤᠯᠴᠠᠯᠭ᠎ᠠ ᠶᠢᠨ ᠣᠷᠴᠢᠨ ᠲᠣᠭᠤᠷᠢᠨ ᠢ ᠴᠢᠷᠮᠠᠶᠢᠨ ᠪᠣᠢ ᠪᠣᠯᠭᠠᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠬᠤᠪᠢ ᠪᠡᠶ᠎ᠡ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠪᠡ᠃     ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠦ᠋ ᠸᠧᠨ ᠮᠢᠩ᠂ ᠮᠠᠤ ᠪᠣᠣ ᠹᠧᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号