ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠤᠨ ᠬᠠᠭᠤᠴᠢᠨ ᠪᠠᠭᠤᠷᠢ
ᠨᠡᠶᠢᠲᠡᠯᠡᠭᠰᠡᠨ ᠴᠠᠭ᠄
2020/9/30
     ᠬᠤᠪᠢᠰᠬᠠᠯ ᠤᠨ ᠬᠠᠭᠤᠴᠢᠨ ᠤᠷᠤᠨ ᠬᠡᠮᠡᠭᠳᠡᠳᠡᠭ ᠦᠴᠣᠸᠠᠨ ᠨᠢ ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠤᠨ ᠲᠥᠪ ᠤᠷᠤᠨ ᠪᠠᠶᠢᠵᠤ᠂ ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠤᠨ ᠬᠠᠭᠤᠴᠢᠨ ᠪᠠᠭᠤᠷᠢ ᠨᠢ ᠶᠠᠭ ᠰᠠᠶᠢᠬᠠᠨ ᠬᠦᠬᠡᠬᠤᠲᠠ ᠶᠢᠨ ᠦᠴᠦᠸᠠᠨ ᠰᠢᠶᠠᠨ ᠳᠤ ᠪᠠᠶᠢᠳᠠᠭ᠃ ᠵᠠᠯᠭᠠᠭᠠᠳ ᠪᠢᠳᠡ ᠶᠠᠫᠤᠨ ᠶᠢ ᠡᠰᠡᠷᠭᠦᠴᠡᠬᠦ ᠲᠠᠶᠢᠨ ᠤ ᠦᠶ᠎ᠡ ᠶᠢᠨ ᠬᠠᠳᠠᠭᠤᠵᠢᠯᠳᠠᠢ ᠲᠡᠮᠡᠴᠡᠯ ᠤᠨ ᠤᠯᠠ ᠮᠦᠷ ᠪᠣᠯᠵᠤ ᠦᠯᠡᠳᠡᠭᠰᠡᠨ ᠡᠨᠡᠬᠦ  ᠬᠠᠭᠤᠴᠢᠨ ᠪᠠᠭᠤᠷᠢ ᠦᠯᠡᠳᠡᠭᠳᠡᠯ ᠲᠠᠢ ᠲᠠᠨᠢᠯᠴᠠᠶ᠎ᠠ᠃
           1938 ᠣᠨ ᠤ ᠨᠠᠮᠤᠷ᠂ ᠨᠠᠢᠮᠠᠳᠤᠭᠠᠷ ᠵᠠᠮ ᠤᠨ ᠴᠡᠷᠢᠭ ᠤᠨ  ᠳᠠᠯᠠᠨ ᠬᠠᠷ᠎ᠠ ᠠᠭᠤᠯᠠ ᠶᠢᠨ ᠰᠠᠯᠪᠤᠷᠢ ᠠᠩᠭᠢ ᠲᠠᠯᠠᠨ ᠬᠠᠷ᠎ᠠ ᠠᠭᠤᠯᠠᠨ ᠳᠤ ᠤᠷᠤᠵᠤ ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠬᠦᠴᠡᠬᠦ ᠫᠠᠷᠲ᠋ᠢᠽᠠᠨ ᠤ ᠰᠠᠭᠤᠷᠢᠨ ᠭᠠᠵᠠᠷ ᠢ ᠪᠠᠶᠢᠭᠤᠯᠵᠠᠢ᠃ ᠡᠨᠡᠬᠦ ᠰᠠᠭᠤᠷᠢᠨ ᠭᠠᠵᠠᠷ ᠨᠢ ᠲᠤᠬᠠᠢ ᠶᠢᠨ ᠦᠶ᠎ᠡ ᠶᠢᠨ ᠪᠦᠬᠦ ᠤᠯᠤᠰ ᠤᠨ19 ᠰᠠᠭᠤᠷᠢᠨ ᠭᠠᠵᠠᠷ ᠤᠨ ᠨᠢᠭᠡ  ᠪᠤᠯᠤᠨ᠎ᠠ᠃ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠤᠨ ᠭᠤᠤᠯᠳᠠᠯᠭ᠎ᠠ ᠲᠠᠢ ᠲᠦᠷᠦᠯ  ᠵᠦᠢᠯ ᠤᠨ ᠲᠤᠭᠤᠷᠢᠭ ᠨᠢ ᠦᠴᠤᠸᠠᠨ ᠰᠢᠶᠠᠨ ᠤ ᠲᠡᠷᠡᠰᠦᠳᠦ ᠭᠤᠤ ︵ᠳ᠋ᠧ ᠱᠧᠩ ᠭᠧᠦ︶ ᠰᠢᠶᠠᠩ ᠤᠨ ᠡᠮᠦᠨ᠎ᠡ ᠦᠵᠦᠭᠦᠷ ᠲᠤ  ᠳᠠᠯᠠᠨ ᠬᠠᠷ᠎ᠠ ᠠᠭᠤᠯᠠ ᠶᠢᠨ ᠭᠦᠨ ᠳᠤ ᠪᠠᠶᠢᠷᠢᠯᠠᠵᠤ᠂ ᠪᠠᠷᠠᠭᠤᠨᠰᠢ ᠪᠠᠨ ᠯᠢ ᠴᠢ ᠭᠸᠦ  ᠬᠦᠷᠴᠦ᠂ ᠵᠡᠭᠦᠨᠰᠢ ᠪᠠᠨ ᠵᠢᠩ ᠡᠯ ᠭᠸᠦ ᠬᠦᠷᠴᠦ᠂ ᠪᠦᠬᠦ ᠤᠷᠳᠤ  ᠨᠢ100 ᠭᠠᠷᠤᠢ ᠺᠢᠯᠤᠮᠧᠲᠷ᠃ ᠬᠠᠷᠢᠶ᠎ᠠ ᠤᠷᠤᠨ ᠤ ᠲᠠᠯᠠᠪᠠᠢ ᠨᠢ496.2 ᠲᠡᠭᠰᠢ ᠲᠦᠷᠪᠡᠯᠵᠢᠨ ᠺᠢᠯᠤᠮᠧᠲᠷ ᠬᠦᠷᠴᠦ᠂ ᠶᠠᠫᠤᠨ ᠢ ᠡᠰᠡᠷᠭᠦᠴᠡᠬᠦ ᠲᠠᠶᠢᠨ ᠤ ᠲᠤᠮᠳᠠ ᠲᠠᠯᠠᠨ ᠬᠠᠷ᠎ᠠ ᠠᠭᠤᠯᠠ ᠶᠢᠨ ᠤᠷᠤᠨ ᠨᠢ ᠤᠷᠤᠨ ᠪᠠᠶᠢᠷᠢ ᠶᠢᠨ ᠤᠨᠴᠠᠭᠠᠢ  ᠨᠦᠬᠦᠴᠡᠯ ᠪᠠᠶᠢᠳᠠᠯ  ᠪᠠᠷ ᠢᠶᠠᠨ ᠲᠠᠯᠠᠨ ᠬᠠᠷ᠎ᠠ ᠠᠭᠤᠯᠠᠨ ᠤ ᠶᠠᠫᠤᠨ ᠢ ᠡᠰᠡᠷᠬᠦᠴᠡᠬᠦ ᠫᠠᠷᠲ᠋ᠢᠽᠠᠨ ᠤ ᠰᠠᠭᠤᠷᠢᠨ ᠭᠠᠵᠠᠷ ᠤᠨ  ᠲᠥᠪ ᠣᠷᠤᠨ ᠪᠣᠯᠵᠤ᠂ ᠬᠦᠮᠦᠰ ᠲᠤ ︽ᠠᠷᠤ ᠭᠠᠵᠠᠷ ᠤᠨ ᠪᠠᠭ᠎ᠠ ᠶᠠᠨ ᠠᠨ︾ ᠬᠡᠮᠡᠭᠳᠡᠵᠦ ᠪᠠᠶᠢᠵᠠᠢ᠃
           1964 ᠣᠨ ᠳᠤ᠂  ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ  ᠠᠴᠠ ᠲᠡᠷᠡᠰᠦᠲᠦ ᠭᠤᠤ ᠶᠢᠨ ᠰᠧᠯᠢᠩᠪᠦ᠋ ᠶᠢᠨ ᠬᠠᠭᠤᠴᠢᠨ ᠪᠠᠭᠤᠷᠢ ᠶᠢ ᠭᠤᠤᠯᠳᠠᠯᠭ᠎ᠠ ᠲᠠᠢ ᠲᠡᠦᠭᠡᠨ ᠲᠤᠷᠠᠰᠬᠠᠯᠳᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ  ᠪᠠ ᠡᠬᠡ ᠤᠷᠤᠨᠴᠢ ᠦᠵᠡᠯ ᠤᠨ ᠬᠦᠮᠦᠵᠢᠯ ᠤᠨ ᠰᠠᠭᠤᠷᠢᠨ ᠭᠠᠵᠠᠷ ᠢᠶᠠᠷ ᠲᠣᠭᠲᠠᠭᠠᠪᠠ ᠃2005 ᠣᠨ ᠳᠤ᠂ ᠲᠥᠪ ‍ᠦᠨ‌ᠤᠬᠠᠭᠤᠯᠬᠤ ᠬᠡᠯᠲᠡᠰ᠂ ᠤᠯᠤᠰ ᠤᠨ ᠬᠦᠭᠵᠢᠬᠦᠯᠦᠯᠲᠡ ᠦᠭᠡᠷᠡᠴᠢᠯᠡᠯᠲᠡ ᠶᠢᠨ ᠵᠦᠪᠯᠡᠯ ᠵᠡᠷᠭᠡ 13 ᠵᠦᠪᠯᠡᠯ ᠬᠡᠯᠲᠡᠰ ᠠᠴᠠ ᠪᠦᠬᠦ ᠤᠯᠤᠰ ᠤᠨ100 ᠬᠤᠪᠢᠰᠬᠠᠯ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠤ ᠨᠢᠭᠡ ᠪᠠᠷ ᠨᠡᠷᠡᠶᠢᠳᠪᠡ᠃2008 ᠣᠨ ᠳᠤ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠰᠠᠬᠢᠯᠭ᠎ᠠ  ᠪᠠᠲᠤ ᠪᠠᠶᠢᠴᠠᠭᠠᠵᠤ ᠬᠤᠷᠢᠶ᠎ᠠ᠂ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ  ᠠᠴᠠ ᠲᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠵᠢᠭᠤᠯᠴᠢᠯᠠᠯ ᠤᠨ ᠤᠷᠤᠨ ᠢ ᠪᠦᠬᠦ ᠤᠷᠤᠨ ᠤ ᠴᠢᠭᠡᠴᠢ ᠵᠠᠰᠠᠭ ᠤᠨ ᠬᠦᠮᠦᠵᠢᠯ ᠤᠨ ᠰᠠᠭᠤᠷᠢᠨ ᠭᠠᠵᠠᠷ᠂ ᠪᠦᠬᠦ ᠤᠷᠤᠨ ᠤ ᠤᠯᠤᠰ ᠤᠨ ᠪᠠᠳᠤᠯᠠᠨ ᠬᠠᠮᠠᠭᠠᠯᠠᠯᠲᠠ ᠶᠢᠨ ᠬᠦᠮᠦᠵᠢᠯ ᠤᠨ ᠰᠠᠭᠤᠷᠢᠨ ᠭᠠᠵᠠᠷ᠂ ᠨᠠᠮ ᠤᠨ ᠭᠡᠰᠢᠭᠦᠨ ᠤ ᠪᠤᠯᠪᠠᠰᠤᠷᠠᠭᠤᠯᠤᠯ ᠤᠨ ᠰᠠᠭᠤᠷᠢᠨ ᠭᠠᠵᠠᠷ ᠪᠠ ᠡᠬᠡ ᠤᠷᠤᠨᠴᠢ ᠦᠵᠡᠯ ᠤᠨ ᠬᠦᠮᠦᠵᠢᠯ ᠤᠨ ᠰᠠᠭᠤᠷᠢᠨ ᠭᠠᠵᠠᠷ ᠢᠶᠠᠷ ᠨᠡᠷᠡᠶᠢᠳᠪᠡ᠃2009 ᠣᠨ ᠳᠤ ᠲᠥᠪ ᠤᠨ ᠤᠬᠠᠭᠤᠯᠬᠤ  ᠬᠡᠯᠲᠡᠰ ᠠᠴᠠ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠢ ᠲᠠᠬᠢᠨᠳᠠ ᠲᠦᠷᠪᠡᠳᠦᠭᠡᠷ ᠪᠦᠯᠦᠭ ᠪᠦᠬᠦ ᠤᠯᠤᠰ ᠤᠨ87 ᠡᠬᠡ ᠤᠷᠤᠨᠴᠢ ᠦᠵᠡᠯ ᠤᠨ ᠬᠦᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠨᠢᠭᠡ ᠪᠠᠷ ᠨᠡᠷᠡᠶᠢᠳᠪᠡ᠃
         ᠦᠨᠦᠳᠦᠷ ᠪᠣᠯᠬᠤ ᠳᠤ ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠤᠨ ᠬᠤᠪᠢᠰᠬᠠᠯ ᠤᠨ ᠵᠢᠭᠤᠯᠴᠢᠯᠠᠯ ᠤᠨ ᠤᠷᠤᠨ ᠨᠢ ᠨᠢᠭᠡᠨᠲᠡ ᠬᠤᠯᠠ ᠤᠶᠢᠷ᠎ᠠ ᠳᠤ ᠪᠠᠨ ᠠᠯᠳᠠᠷᠲᠠᠢ ᠡᠬᠡ ᠤᠷᠤᠨᠴᠢ ᠦᠵᠡᠯ ᠤᠨ ᠬᠦᠮᠦᠵᠢᠯ ᠤᠨ ᠰᠠᠭᠤᠷᠢᠨ ᠭᠠᠵᠠᠷ ᠪᠤᠯᠵᠤ᠂ ᠦᠪᠡᠷᠨᠮᠢᠴᠡ ᠰᠤᠶᠤᠯ ᠤᠨ ᠬᠦᠴᠦᠨ ᠢᠶᠠᠷ ᠢᠶᠠᠨ ᠣᠷᠤᠨ ᠤ ᠲᠤᠳᠤᠨ᠎ᠠ ᠭᠠᠳᠠᠨᠠᠬᠢ ᠵᠢᠭᠤᠯᠴᠢᠳ ᠤᠨ ᠠᠩᠬᠠᠷᠤᠯ ᠢ ᠲᠠᠳᠠᠵᠤ᠂ ᠵᠢᠯ ᠪᠤᠯᠭᠠᠨ ᠮᠠᠰᠢ ᠤᠯᠠᠨ ᠵᠢᠭᠤᠯᠴᠢᠳ ᠠᠳᠡ ᠬᠦᠷᠦᠯᠴᠡᠨ ᠢᠷᠡᠵᠦ᠂ ᠬᠤᠪᠢᠰᠬᠠᠯᠴᠢ ᠠᠬᠠᠮᠠᠳ ᠨᠢᠭᠡ ᠦᠶ᠎ᠡ ᠶᠢᠨ ᠬᠢᠨ ᠤ ᠶᠠᠫᠤᠨ ᠢ ᠡᠰᠡᠷᠭᠦᠴᠡᠭᠰᠡᠨ ᠪᠠᠭᠠᠳᠤᠷᠯᠢᠭ ᠦᠢᠯᠡ ᠶᠠᠪᠤᠳᠠᠯ᠂ ᠲᠡᠦᠭᠡ ᠶᠢ ᠡᠷᠭᠢᠴᠡᠭᠦᠯᠦᠨ ᠬᠦᠨᠳᠦᠳᠭᠡᠯ ᠢᠶᠠᠨ ᠳᠡᠪᠰᠢᠭᠦᠯᠳᠡᠭ᠃                    ᠢᠷᠡᠯᠲᠡ᠄ ᠠᠷᠠᠳ ᠤᠨ ᠰᠦᠯᠵᠢᠶ᠎ᠡ                    ᠵᠢᠷᠤᠭ ᠢ ᠰᠦᠯᠵᠢᠶ᠎ᠡ ᠠᠴᠠ ᠪᠠᠭᠤᠯᠭᠠᠪᠠ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号