9 ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ | ᠰᠤᠷᠭᠠᠨ ᠬᠥᠮᠦᠵᠢᠯ ᠤᠨ ᠲᠣᠪᠴᠢᠶ᠎ᠠ ᠨᠢ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠳᠤ ︽ | ᠳᠤᠮᠳᠠᠳᠤ ᠶᠢᠨ ᠦᠨᠳᠦᠰᠦᠲᠡᠨ ᠪᠣᠯ ᠨᠢᠭᠡ ᠭᠡᠷ ᠪᠦᠯᠢ᠂ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠦᠶ᠎ᠡ︾ | — — ᠬᠥᠬᠡᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ︽ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠬᠥᠮᠦᠵᠢᠯ ᠢ ᠪᠦᠬᠦ ᠲᠠᠯ᠎ᠠ ᠪᠠᠷ ᠭᠦᠨᠵᠡᠭᠡᠶ ᠤᠳᠠᠭᠠᠨ ᠲᠠᠭᠠᠭᠠᠮᠠᠭᠠᠢ ᠥᠷᠨᠢᠭᠦᠯᠵᠦ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠶ᠎ᠠ︾ ᠭᠤᠤᠯ ᠰᠡᠳᠦᠪᠲᠦ ᠬᠥᠮᠦᠵᠢᠯ ᠤᠨ | ᠠᠵᠢᠯᠯᠠᠭ᠎ᠠ ᠶᠢ ᠥᠷᠨᠢᠭᠦᠯᠪᠡ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ ᠭᠠᠩᠪᠦ᠋ᠭᠡ ᠣᠷᠣᠯᠴᠠᠪᠠ᠃ | ᠲᠤᠰ ᠤᠳᠠᠭᠠᠨ ᠤ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠥᠷᠭᠡᠨ ᠣᠯᠠᠨ ᠵᠠᠯᠠᠭᠤᠴᠤᠳ ᠪᠠᠭᠠᠴᠤᠳ ᠢ | ᠬᠥᠲᠥᠯᠥᠨ ᠵᠢᠯᠣᠭᠤᠳᠴᠤ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠢᠳᠡᠪᠬᠢᠲᠡᠶ ᠪᠠᠷ | ᠪᠤᠶᠢᠵᠢᠭᠤᠯᠤᠨ ᠣᠶᠢᠯᠡᠳᠣᠯᠬᠡᠵᠢᠭᠦᠯᠵᠤ᠂ ᠦᠨᠳᠦᠰᠦᠲᠡᠨ ᠤ ᠢᠲᠡᠭᠡᠯ ᠢᠶᠠᠨ ᠪᠠᠲᠤᠳᠬᠠᠵᠤ᠂ ᠤᠯᠤᠰ ᠢᠶᠠᠨ | ᠬᠠᠶᠢᠷᠠᠯᠠᠬᠤ ᠰᠡᠳᠬᠢᠯᠭᠡ ᠪᠠᠨ ᠢᠯᠡᠳᠬᠡᠵᠦ᠂ ᠪᠠᠰᠠ ᠪᠦᠬᠦ ᠬᠤᠲᠠ ᠶᠢᠨ ᠵᠠᠯᠠᠭᠤᠴᠤᠳ ᠪᠠᠭᠠᠴᠤᠳ ᠢ ᠤᠯᠤᠰ ᠤᠨ | ᠪᠠᠶᠠᠷ ᠤᠨ ᠬᠤᠭᠤᠴᠠᠭᠠᠨ ᠳᠤ ︽ᠤᠯᠤᠰ ᠢᠶᠠᠨ ᠬᠠᠶᠢᠷᠠᠯᠠᠬᠤ ᠰᠡᠳᠬᠢᠯᠭᠡ᠂ ᠤᠯᠤᠰ ᠢᠶᠠᠨ ᠬᠦᠴᠦᠷᠬᠡᠭᠵᠢᠭᠦᠯᠬᠦ ᠵᠣᠷᠢᠭ | · ᠤᠯᠤᠰ ᠲᠠᠭᠠᠨ ᠵᠢᠳᠬᠦᠬᠦ ᠠᠵᠢᠯᠯᠠᠭ᠎ᠠ︾ ᠤᠨ ᠭᠤᠣᠯ ᠰᠡᠳᠦᠪᠲᠦ ᠬᠦᠮᠣᠵᠢᠯ ᠤᠨ ᠠᠵᠢᠯᠯᠠᠭ᠎ᠠ ᠶᠢ ᠥᠷᠭᠡᠨ ᠢᠶᠠᠷ | ᠥᠷᠨᠢᠭᠦᠯᠪᠡ᠃ | ᠠᠵᠢᠯᠯᠠᠭᠠᠨ ᠤ ᠠᠬᠤᠶ ᠲᠠᠯᠠᠪᠠᠶ ᠳᠤ ᠬᠥᠬᠡᠬᠤᠲᠠ ᠶᠢᠨ ᠳᠥᠷᠪᠡᠨ ᠲᠣᠭᠤᠷᠢᠭ ᠠᠴᠠ ᠢᠷᠡᠭᠰᠡᠨ ᠰᠤᠷᠤᠭᠴᠢᠳ | ᠪᠥᠵᠢᠭ᠂ ᠨᠠᠶᠢᠷᠠᠯ ᠳᠠᠭᠤᠤ᠂ ᠤᠷᠠᠨ ᠤᠩᠰᠢᠯᠠᠭ᠎ᠠ ᠵᠡᠷᠭᠡ ᠪᠠᠶᠠᠯᠢᠭ ᠰᠠᠶᠢᠬᠠᠨ ᠤᠷᠠᠨ ᠰᠠᠶᠢᠬᠠᠨ ᠤ ᠲᠣᠭᠯᠠᠯᠲᠠ | ᠭᠠᠷᠭᠠᠵᠤ᠂ ᠬᠥᠬᠡᠬᠤᠲᠠ ᠶᠢᠨ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠡᠬᠡ ᠣᠯᠣᠰ ᠡᠬᠡ | ᠨᠤᠲᠤᠭ ᠢᠶᠠᠨ ᠬᠠᠶᠢᠷᠠᠯᠠᠬᠤ᠂ ᠴᠢᠩ ᠦᠨᠡᠨᠴᠢ ᠪᠠᠷ ᠬᠠᠷᠢᠯᠴᠠᠨ ᠬᠠᠪᠰᠤᠷᠤᠯᠴᠠᠬᠤ᠂ ᠰᠢᠯᠢᠳᠡᠭ ᠰᠣᠶᠣᠯ ᠢ | ᠤᠯᠠᠮᠵᠢᠯᠠᠨ ᠵᠠᠯᠭᠠᠮᠵᠢᠯᠠᠬᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠥᠲᠥᠭᠡᠨ ᠪᠠᠶᠢᠭᠤᠯᠬᠤ ᠭᠦᠨ | ᠵᠤᠵᠠᠭᠠᠨ ᠬᠠᠶᠢᠷ᠎ᠠ ᠰᠡᠳᠬᠢᠯᠭᠡ ᠪᠠ ᠡᠷᠡᠯᠬᠡᠭ ᠵᠣᠷᠢᠭ ᠢ ᠬᠦᠢᠴᠡᠳ ᠢᠯᠡᠷᠡᠬᠦᠯᠪᠡ᠃ | ᠤᠶᠢᠷ᠎ᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ | ᠰᠤᠷᠭᠠᠨ ᠬᠥᠮᠦᠵᠢᠯ ᠤᠨ ᠲᠣᠪᠴᠢᠶ᠎ᠠ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠳᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠰᠤᠷᠭᠠᠨ ᠬᠦᠮᠣᠵᠢᠯ ᠤᠨ ᠠᠵᠢᠯ ᠢ ᠪᠦᠬᠦ ᠲᠠᠯ᠎ᠠ ᠪᠠᠷ ᠭᠦᠨᠵᠡᠭᠡᠶ ᠤᠳᠠᠭᠠᠨ | ᠳᠠᠭᠠᠭᠠᠮᠠᠭᠠᠶ ᠥᠷᠨᠢᠭᠦᠯᠵᠦ᠂ ︽ᠬᠠᠮᠲᠤ ᠪᠠᠷ ᠨᠢᠭᠡ ᠲᠤᠭ ᠢ ᠮᠠᠨᠳᠣᠭᠤᠯᠵᠤ᠂ ᠡᠬᠡ ᠤᠯᠤᠰ ᠢᠶᠠᠨ ᠬᠠᠶᠢᠷᠠᠯᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠴᠤᠭᠴᠠᠯᠠᠶ᠎ᠠ︾ ᠭᠤᠤᠯ | ᠰᠡᠳᠣᠪᠳᠤ ᠲᠤᠭ ᠮᠠᠨᠳᠤᠭᠤᠯᠬᠤ ᠶᠣᠰᠣᠯᠠᠯ᠂ ᠭᠡᠷ ᠪᠦᠯᠢ ᠰᠤᠷᠭᠠᠭᠤᠯᠢ ᠬᠠᠮᠲᠤᠪᠠᠷ ᠬᠠᠮᠲᠣᠪᠠᠷ ᠦᠰᠦᠨ | ᠪᠣᠶᠢᠵᠢᠭᠤᠯᠣᠶᠡ︾ ᠭᠤᠤᠯ ᠰᠡᠳᠦᠪᠲᠦ ᠭᠡᠷ ᠤᠨ ᠠᠶᠢᠯᠴᠢᠯᠠᠯᠲᠠ ᠶᠢᠨ ᠠᠵᠢᠯᠯᠠᠭ᠎ᠠ᠂ ᠬᠥᠬᠡᠬᠤᠲᠠ ᠶᠢᠨ ᠲᠦᠮᠡᠳ | ᠲᠣᠮᠳᠠᠳᠣ ᠰᠤᠷᠭᠠᠭᠤᠯᠢ ᠨᠢ ︽ᠳᠤᠮᠳᠠᠳᠤ ᠣᠯᠣᠰ ᠢᠶᠠᠨ ᠬᠡᠵᠢᠶᠡᠳᠡ ᠰᠡᠳᠬᠢᠯ ᠵᠢᠷᠣᠭᠡᠨ ᠳᠡᠭᠡᠨ ᠬᠠᠶᠢᠷᠠᠯᠡᠶᠡ︾ | ᠭᠤᠣᠯ ᠰᠡᠳᠦᠪᠲᠦ ᠠᠩᠭᠢ ᠶᠢᠨ ᠡᠲᠦᠷᠯᠢᠭ ᠤᠨ ᠠᠵᠢᠯᠯᠠᠭ᠎ᠠ ᠵᠡᠷᠭᠡ ᠶᠢ ᠥᠷᠨᠢᠭᠦᠯᠵᠦ᠂ ᠰᠤᠷᠭᠠᠭᠤᠯᠢ᠂ ᠭᠡᠷ ᠪᠦᠯᠢ᠂ | ᠨᠡᠶᠢᠭᠡᠮ ᠭᠤᠷᠪᠠ ᠶᠢ ᠨᠢᠭᠡ ᠴᠣᠭᠴᠠᠵᠢᠭᠤᠯᠤᠭᠰᠠᠨ ᠰᠤᠷᠭᠠᠨ ᠬᠥᠮᠦᠵᠢᠯ ᠤᠨ ᠵᠠᠭᠪᠤᠷ ᠢ ᠪᠠᠶᠢᠭᠤᠯᠬᠤ ᠪᠠᠷ | ᠳᠠᠮᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠤᠨ ᠪᠠᠲᠤ ᠴᠢᠩᠭ᠎ᠠ ᠨᠡᠶᠢᠯᠡᠯ ᠬᠦᠴᠦᠨ ᠢ | ᠪᠦᠷᠢᠯᠳᠣᠭᠦᠯᠪᠡ᠃ ︵ᠬᠦᠬᠡᠬᠤᠳᠠ ᠶᠢᠨ ᠡᠳᠣᠷ ᠰᠣᠨᠢᠨ ᠤ ᠰᠤᠷᠪᠤᠯᠵᠢᠯᠠᠭᠴᠢ ᠮᠢᠶᠣᠣ ᠴᠢᠩ ᠳᠠᠳᠤᠯᠭ᠎ᠠ ᠶᠢᠨ | ᠰᠤᠷᠤᠭᠴᠢ ᠱᠧᠨ ᠵᠢᠶᠠᠩ ᠵᠢᠶᠠᠩ︶ | http://mongol.people.com.cn/15825890.html |