ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠶᠡᠷᠦᠩᠬᠡᠢ ᠬᠡᠯᠲᠡᠰ ᠤᠨ ᠠᠵᠤ ᠠᠬᠤᠢ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ︵ᠲᠤᠷᠰᠢᠨ ᠬᠡᠷᠡᠭᠵᠢᠭᠦᠯᠬᠦ︶ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/9/30
      2020 ᠣᠨ ᠤ 9 ᠳ᠋ᠦ᠋ᠭᠡᠷ ᠰᠠᠷ᠎ᠠ ᠶᠢᠨ 17 ᠤ ᠡᠳᠦᠷ᠂ ︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠶᠡᠷᠦᠩᠬᠡᠢ ᠬᠡᠯᠲᠡᠰ ᠤᠨ ᠠᠵᠤ ᠠᠬᠤᠢ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠲᠥᠷᠥ ᠶᠢᠨ ᠪᠣᠳᠣᠯᠭ᠎ᠠ ︾ ᠬᠡᠮᠡᠨ ᠳᠥᠭᠦᠮᠴᠢᠯᠡᠨ᠎ᠡ︶ ᠶᠢ ᠬᠥᠬᠡᠬᠤᠲᠠ ᠶᠢᠨ ᠵᠠᠰᠠᠭ ᠤᠨ ᠣᠷᠳᠣᠨ ᠪᠣᠯᠣᠨ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠬᠠᠮᠲᠤᠷᠠᠨ ᠳᠠᠷᠤᠮᠠᠯᠯᠠᠨ ᠲᠠᠷᠬᠠᠭᠠᠪᠠ᠃      ᠲᠣᠭᠲᠠᠭᠠᠭᠰᠠᠨ ᠠᠬᠤᠢ ᠪᠠᠶᠢᠳᠠᠯ      ᠲᠤᠰ ᠲᠥᠷᠥ ᠶᠢᠨ ᠪᠣᠳᠣᠯᠭ᠎ᠠ ᠪᠣᠯ ︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾᠂ ︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠮᠥᠩᠭᠦᠨ ᠭᠦᠢᠯᠭᠡᠭᠡᠨ ᠤ ᠵᠢᠵᠢᠭ ᠪᠠᠯᠭᠠᠰᠤ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ᠶᠢ ᠲᠣᠭᠲᠠᠭᠠᠭᠰᠠᠨ ᠤ ᠳᠠᠷᠠᠭᠠᠬᠢ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠲᠣᠭᠲᠠᠭᠠᠨ ᠨᠡᠶᠢᠲᠡᠯᠡᠭᠰᠡᠨ ᠪᠠᠰᠠ ᠨᠢᠭᠡ ᠴᠢᠬᠤᠯᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠪᠣᠯᠣᠨ᠎ᠠ᠃ ᠲᠤᠰ ᠲᠥᠷᠥ ᠶᠢᠨ ᠪᠣᠳᠣᠯᠭ᠎ᠠ ᠶᠢᠨ ᠨᠡᠶᠢᠲᠡᠯᠡᠭᠳᠡᠭᠰᠡᠨ ᠨᠢ᠂ ᠨᠢᠭᠡ ᠲᠠᠯ᠎ᠠ ᠪᠠᠷ ᠰᠢᠨ᠎ᠡ ᠲᠣᠭᠤᠷᠢᠭ ᠤᠨ ᠣᠳᠣ ᠶᠢᠨ ᠪᠠᠶᠢᠭ᠎ᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ ᠳᠤ ᠠᠰᠢᠭᠲᠠᠢ ᠪᠠᠶᠢᠵᠤ᠂ ᠨᠡᠩ ᠣᠯᠠᠨ ︽ᠶᠡᠷᠦᠩᠬᠡᠢ᠂ ᠶᠡᠭᠡ᠂ ᠰᠢᠨ᠎ᠡ᠂ ᠳᠡᠭᠡᠳᠦ︾ ᠠᠵᠤ ᠠᠬᠤᠶᠢᠯᠠᠯ ᠢ ᠲᠠᠲᠠᠨ ᠨᠤᠲᠤᠭᠰᠢᠭᠤᠯᠤᠨ ᠬᠥᠭᠵᠢᠭᠦᠯᠵᠦ᠂ ᠠᠵᠤ ᠠᠬᠤᠢ ᠶᠢᠨ ᠬᠤᠪᠢ ᠨᠡᠮᠡᠷᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠪᠣᠯᠣᠨ᠎ᠠ︔ ᠨᠥᠭᠦᠭᠡ ᠲᠠᠯ᠎ᠠ ᠪᠠᠷ ᠲᠥᠪ ᠬᠤᠲᠠ ᠶᠢᠨ ᠭᠤᠣᠯ ᠬᠤᠲᠠ ᠶᠢᠨ ᠡᠷᠭᠢᠨ ᠲᠣᠭᠤᠷᠢᠨ ᠤ ᠭᠠᠵᠠᠷ ᠣᠷᠣᠨ ᠢ ᠨᠥᠯᠥᠭᠡᠯᠡᠵᠦ ᠳᠠᠶᠢᠴᠢᠯᠠᠬᠤ ᠬᠦᠴᠦᠨ ᠢ ᠨᠡᠮᠡᠭᠳᠡᠭᠦᠯᠵᠦ᠂ ᠲᠥᠪ ᠬᠤᠲᠠ ᠪᠣᠯᠣᠨ ᠰᠢᠨ᠎ᠡ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ᠃      ᠭᠤᠣᠯ ᠠᠭᠤᠯᠭ᠎ᠠ     ᠨᠢᠭᠡ᠂ ᠳᠡᠮᠵᠢᠬᠦ ᠬᠦᠷᠢᠶ᠎ᠡ ᠬᠡᠪᠴᠢᠶ᠎ᠡ      ᠰᠢᠨ᠎ᠡ ᠲᠣᠭᠤᠷᠢᠭ ᠤᠨ ᠡᠳ᠋ ᠤᠨ ᠵᠠᠰᠠᠭ ᠭᠠᠶᠢᠯᠢ ᠶᠢᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠳᠠᠩᠰᠠᠯᠠᠭᠤᠯᠤᠨ ᠪᠠᠶᠢᠭᠤᠯᠤᠭᠰᠠᠨ ᠪᠦᠭᠡᠳ ᠰᠢᠨ᠎ᠡ ᠲᠣᠭᠤᠷᠢᠭ ᠤᠨ ᠳᠣᠲᠣᠷ᠎ᠠ ᠬᠠᠤᠯᠢ ᠶᠣᠰᠣᠨ ᠤ ᠡᠵᠡᠩᠨᠡᠯᠲᠡ ᠶᠢᠨ ᠠᠵᠢᠯᠯᠠᠭ᠎ᠠ ᠴᠢᠳᠠᠬᠤ᠂ ᠲᠡᠭᠦᠨ ᠤ ᠬᠤᠪᠢ ᠡᠵᠡᠮᠳᠡᠭᠰᠡᠨ ᠠᠵᠤ ᠠᠬᠤᠶᠢᠯᠠᠯ ᠪᠣᠶᠤ ᠰᠠᠯᠪᠤᠷᠢ ᠪᠠᠶᠢᠭᠤᠯᠤᠮᠵᠢ ᠳᠤ ᠪᠡᠯᠡ ᠣᠷᠣᠭᠤᠯᠤᠨ ᠬᠤᠪᠢ ᠡᠵᠡᠮᠳᠡᠬᠦ᠂ ᠡᠵᠡᠩᠨᠡᠯᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠨᠡᠭᠡᠭᠡᠨ ᠬᠥᠭᠵᠢᠭᠦᠯᠵᠦ ᠵᠢᠷᠤᠨ ᠲᠥᠯᠥᠪᠯᠡᠬᠦ᠂ ᠪᠣᠷᠣᠯᠠᠭᠤᠯᠤᠨ ᠳᠡᠯᠭᠡᠷᠡᠭᠦᠯᠬᠦ᠂ ᠡᠳ᠋ ᠤᠨ ᠶᠠᠪᠤᠳᠠᠯ ᠢ ᠲᠠᠰᠤᠯᠠᠨ ᠪᠣᠳᠣᠬᠤ ᠵᠡᠷᠭᠡ ᠬᠠᠮᠢᠶᠠᠷᠤᠯᠲᠠ ᠪᠠ ᠦᠢᠯᠡᠴᠢᠯᠡᠭᠡ ᠶᠢᠨ ᠡᠭᠦᠷᠭᠡ ᠬᠠᠷᠢᠭᠤᠴᠠᠯᠭ᠎ᠠ ᠲᠠᠢ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ᠃ ᠡᠭᠦᠨ ᠳᠤ᠄       ※ ᠡᠷᠬᠡ ᠰᠦᠷᠲᠦ ᠪᠠᠶᠢᠭᠤᠯᠤᠮᠵᠢ ᠠᠴᠠ ᠨᠡᠶᠢᠲᠡᠯᠡᠭᠰᠡᠨ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠪᠦᠯᠦᠭᠯᠡᠯ᠂ ᠬᠥᠷᠥᠩᠭᠡ ᠶᠢᠨ ᠵᠠᠬ᠎ᠠ ᠳᠤ ᠭᠠᠷᠤᠭᠰᠠᠨ ᠺᠣᠮᠫᠠᠨᠢ᠂ ᠲᠥᠪ ᠤᠨ ᠠᠵᠤ ᠠᠬᠤᠶᠢᠯᠠᠯ ᠤᠨ ᠪᠠᠶᠢᠭᠤᠯᠤᠭᠰᠠᠨ ᠶᠡᠷᠦᠩᠬᠡᠢ ᠬᠡᠯᠲᠡᠰ ᠤᠨ ᠠᠵᠤ ᠠᠬᠤᠶᠢᠯᠠᠯ᠃       ※ ᠡᠵᠡᠩᠨᠡᠯᠲᠡ ᠶᠢᠨ ᠣᠷᠣᠯᠭ᠎ᠠ ᠪᠠ ᠭᠠᠶᠢᠯᠢ ᠶᠢᠨ ᠬᠤᠪᠢ ᠨᠡᠮᠡᠷᠢ ᠨᠢᠭᠡ ᠬᠡᠮᠵᠢᠶᠡᠨ ᠳᠤ ᠬᠦᠷᠦᠭᠰᠡᠨ ᠲᠣᠮᠣ ᠳ᠋ᠠᠶᠢᠲ᠋ᠠ᠂ ᠠᠮᠢᠳᠤ ᠪᠤᠳᠠᠰ ᠤᠨ ᠮᠡᠷᠭᠡᠵᠢᠯ᠂ ᠳᠡᠭᠡᠳᠦ ᠲᠡᠰ ᠤᠨ ᠲᠤᠨᠤᠭᠯᠠᠯ ᠦᠢᠯᠡᠳᠬᠦ ᠵᠡᠷᠭᠡ ᠪᠠᠶᠢᠯᠳᠤᠬᠤ ᠪᠣᠳᠣᠯᠭ᠎ᠠ ᠶᠢᠨ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠶᠡᠷᠦᠩᠬᠡᠢ ᠬᠡᠯᠲᠡᠰ ᠤᠨ ᠠᠵᠤ ᠠᠬᠤᠶᠢᠯᠠᠯ ᠪᠠᠭᠲᠠᠨ᠎ᠠ᠃      ᠬᠤᠶᠠᠷ᠂ ᠱᠠᠩᠨᠠᠬᠤ ᠠᠭᠤᠯᠭ᠎ᠠ       ︵ᠨᠢᠭᠡ︶ ᠡᠵᠡᠩᠨᠡᠯᠲᠡ ᠶᠢᠨ ᠱᠠᠩᠨᠠᠯ       ※  ᠠᠯᠪᠠᠨ ᠳᠤ ᠬᠡᠷᠡᠭᠯᠡᠬᠦ ᠭᠡᠷ ᠪᠠᠶᠢᠰᠢᠩ ᠢ ᠥᠪᠡᠷᠲᠡᠭᠡᠨ ᠪᠠᠷᠢᠭᠰᠠᠨ ᠪᠤᠶᠤ ᠬᠤᠳᠠᠯᠳᠤᠨ ᠠᠪᠤᠭᠰᠠᠨ ᠳᠤ᠂ ᠠᠵᠤ ᠠᠬᠤᠶᠢᠯᠠᠯ ᠤᠨ ᠨᠡᠮᠡᠭᠳᠡᠯ ᠥᠷᠲᠡᠭ ᠤᠨ ᠭᠠᠶᠢᠯᠢ ᠪᠠ ᠣᠷᠣᠯᠭ᠎ᠠ ᠶᠢᠨ ᠭᠠᠶᠢᠯᠢ ᠶᠢᠨ ᠭᠠᠵᠠᠷ ᠣᠷᠣᠨ ᠤ ᠦᠯᠡᠳᠡᠭᠡᠭᠰᠡᠨ ᠬᠡᠰᠡᠭ ᠢᠶᠠᠷ ᠱᠠᠩᠨᠠᠬᠤ ᠪᠠᠷᠢᠮᠵᠢᠶ᠎ᠠ ᠪᠣᠯᠭᠠᠵᠤ᠂ ᠡᠮᠦᠨ᠎ᠡ 3 ᠵᠢᠯ ᠳᠤ 100% ᠶᠢᠨ ᠬᠠᠷᠢᠴᠠᠯ ᠢᠶᠠᠷ᠂ 4 ᠳ᠋ᠦ᠋ᠭᠡᠷ ᠵᠢᠯ 5 ᠳ᠋ᠤᠭᠠᠷ ᠵᠢᠯ ᠳᠤ 50% ᠶᠢᠨ ᠬᠠᠷᠢᠴᠠᠯ ᠢᠶᠠᠷ ᠱᠠᠩᠨᠠᠨ᠎ᠠ᠃       ※ ᠠᠯᠪᠠᠨ ᠳᠤ ᠬᠡᠷᠡᠭᠯᠡᠬᠦ ᠭᠡᠷ ᠪᠠᠶᠢᠰᠢᠩ ᠢ ᠲᠦᠷᠢᠶᠡᠰᠦᠯᠡᠭᠰᠡᠨ ᠳᠤ᠂ ᠠᠵᠤ ᠠᠬᠤᠶᠢᠯᠠᠯ ᠤᠨ  ᠨᠡᠮᠡᠭᠳᠡᠯ ᠥᠷᠲᠡᠭ ᠤᠨ ᠭᠠᠶᠢᠯᠢ ᠪᠠ ᠣᠷᠣᠯᠭ᠎ᠠ ᠶᠢᠨ ᠭᠠᠶᠢᠯᠢ ᠶᠢᠨ ᠭᠠᠵᠠᠷ ᠣᠷᠣᠨ ᠤ ᠦᠯᠡᠳᠡᠭᠡᠭᠰᠡᠨ ᠬᠡᠰᠡᠭ ᠢᠶᠠᠷ ᠱᠠᠩᠨᠠᠬᠤ ᠪᠠᠷᠢᠮᠵᠢᠶ᠎ᠠ ᠪᠣᠯᠭᠠᠵᠤ᠂ ᠡᠮᠦᠨ᠎ᠡ 3 ᠵᠢᠯ ᠳᠤ 50% ᠶᠢᠨ ᠬᠠᠷᠢᠴᠠᠯ ᠢᠶᠠᠷ᠂ 4 ᠳ᠋ᠦ᠋ᠭᠡᠷ ᠵᠢᠯ 5 ᠳ᠋ᠤᠭᠠᠷ ᠵᠢᠯ ᠳᠤ 25% ᠶᠢᠨ ᠬᠠᠷᠢᠴᠠᠯ ᠢᠶᠠᠷ ᠱᠠᠩᠨᠠᠨ᠎ᠠ᠃       ︵ᠬᠤᠶᠠᠷ︶ ᠳᠡᠭᠡᠳᠦ ᠲᠡᠰ ᠤᠨ ᠬᠠᠮᠢᠶᠠᠷᠤᠯᠲᠠ ᠶᠢᠨ ᠠᠵᠢᠯᠲᠠᠨ ᠤ ᠱᠠᠩᠨᠠᠯ       ※ ᠠᠵᠤ ᠠᠬᠤᠶᠢᠯᠠᠯ ᠤᠨ ᠳᠡᠭᠡᠳᠦ ᠲᠡᠰ ᠤᠨ ᠬᠠᠮᠢᠶᠠᠷᠤᠯᠲᠠ ᠶᠢᠨ ᠠᠵᠢᠯᠳᠠᠨ ᠳᠤ ᠵᠠᠯᠭᠠᠪᠠᠷ 5 ᠵᠢᠯ ᠴᠢᠳᠠᠪᠤᠷᠢᠲᠠᠨ ᠤ ᠱᠠᠩᠨᠠᠯ ᠣᠯᠭᠤᠵᠤ᠂ ᠬᠤᠪᠢ ᠬᠥᠮᠥᠨ ᠤ ᠣᠷᠣᠯᠭ᠎ᠠ ᠶᠢᠨ ᠭᠠᠶᠢᠯᠢ ᠶᠢᠨ ᠭᠠᠵᠠᠷ ᠣᠷᠣᠨ ᠤ ᠦᠯᠡᠳᠡᠭᠡᠭᠰᠡᠨ ᠬᠡᠰᠡᠭ ᠢᠶᠠᠷ ᠱᠠᠩᠨᠠᠬᠤ ᠪᠠᠷᠢᠮᠵᠢᠶ᠎ᠠ ᠪᠣᠯᠭᠠᠨ᠂ 100% ᠶᠢᠨ ᠬᠠᠷᠢᠴᠠᠯ ᠢᠶᠠᠷ ᠱᠠᠩᠨᠠᠨ᠎ᠠ᠃       ︵ᠭᠤᠷᠪᠠ︶ ᠭᠠᠵᠠᠷ ᠬᠤᠳᠠᠯᠳᠤᠨ ᠠᠪᠤᠭᠰᠠᠨ᠂ ᠭᠡᠷ ᠪᠠᠶᠢᠰᠢᠩ ᠬᠤᠳᠠᠯᠳᠤᠨ ᠠᠪᠤᠭᠰᠠᠨ ᠪᠤᠶᠤ ᠭᠡᠷ ᠪᠠᠶᠢᠰᠢᠩ ᠲᠦᠷᠢᠶᠡᠰᠦᠯᠡᠭᠰᠡᠨ ᠨᠥᠬᠦᠪᠦᠷᠢ       ※ ᠭᠠᠵᠠᠷ ᠬᠤᠳᠠᠯᠳᠤᠨ ᠠᠪᠴᠤ ᠥᠪᠡᠷᠲᠡᠭᠡᠨ ᠠᠯᠪᠠᠨ ᠳᠤ ᠬᠡᠷᠡᠭᠯᠡᠬᠦ ᠭᠡᠷ ᠪᠠᠶᠢᠰᠢᠩ ᠪᠠᠷᠢᠭᠰᠠᠨ ᠳᠤ᠂ ᠭᠠᠵᠠᠷ ᠬᠡᠷᠡᠭᠯᠡᠬᠦ ᠤᠴᠢᠷ ᠢ ︽ᠨᠢᠭᠡ ᠤᠴᠢᠷ ᠢ ᠨᠢᠭᠡ ᠵᠥᠪᠯᠡᠨ᠎ᠡ︾᠃       ※ ᠠᠯᠪᠠᠨ ᠳᠤ ᠬᠡᠷᠡᠭᠯᠡᠬᠦ ᠭᠡᠷ ᠪᠠᠶᠢᠰᠢᠩ ᠬᠤᠳᠠᠯᠳᠤᠨ ᠠᠪᠤᠭᠰᠠᠨ ᠳᠤ᠂ ᠲᠡᠭᠰᠢ ᠳᠥᠷᠪᠡᠯᠵᠢᠨ ᠮᠧᠲᠷ ᠪᠦᠷᠢ ᠳᠤ 300 ᠲᠥᠭᠦᠷᠢᠭ ᠤᠨ ᠨᠥᠬᠦᠪᠦᠷᠢ ᠣᠯᠭᠤᠵᠤ᠂ ᠶᠡᠷᠦᠩᠬᠡᠢ ᠲᠤᠭ᠎ᠠ ᠶᠢ 100 ᠲᠦᠮᠡᠨ ᠲᠥᠭᠦᠷᠢᠭ ᠤᠨ ᠳᠣᠲᠣᠷ᠎ᠠ ᠬᠢᠵᠠᠭᠠᠷᠯᠠᠨ᠎ᠠ᠃       ※ ᠠᠯᠪᠠᠨ ᠳᠤ ᠬᠡᠷᠡᠭᠯᠡᠬᠦ ᠭᠡᠷ ᠪᠠᠶᠢᠰᠢᠩ ᠲᠦᠷᠢᠶᠡᠰᠦᠯᠡᠭᠰᠡᠨ ᠳᠤ᠂ 300 ᠲᠡᠭᠰᠢ ᠳᠥᠷᠪᠡᠯᠵᠢᠨ ᠮᠧᠲᠷ ︵ᠪᠠᠭᠲᠠᠨ᠎ᠠ︶ ᠤᠨ ᠳᠣᠲᠣᠷᠠᠬᠢ ᠶᠢ ᠵᠢᠯ ᠤᠨ ᠲᠦᠷᠢᠶᠡᠰᠦᠨ ᠮᠥᠩᠭᠦ ᠶᠢ ᠡᠮᠦᠨ᠎ᠡ 3 ᠵᠢᠯ ᠳᠤ 100% ᠪᠠᠷ ᠨᠥᠬᠦᠪᠦᠷᠢᠯᠡᠵᠦ᠂  4 ᠳ᠋ᠦ᠋ᠭᠡᠷ ᠵᠢᠯ 5 ᠳ᠋ᠤᠭᠠᠷ ᠵᠢᠠᠯ ᠳᠤ 50% ᠪᠠᠷ ᠨᠥᠬᠦᠪᠦᠷᠢᠯᠡᠨ᠎ᠡ᠃
 
ᠢᠷᠡᠯᠲᠡ᠄ ᠬᠥᠬᠡᠬᠤᠲᠠ ᠶᠢᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号