2020 ᠣᠨ ᠤ 9 ᠳ᠋ᠦ᠋ᠭᠡᠷ ᠰᠠᠷ᠎ᠠ ᠶᠢᠨ 17 ᠤ ᠡᠳᠦᠷ᠂ ︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠶᠡᠷᠦᠩᠬᠡᠢ ᠬᠡᠯᠲᠡᠰ ᠤᠨ ᠠᠵᠤ | ᠠᠬᠤᠢ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ | ᠲᠥᠷᠥ ᠶᠢᠨ ᠪᠣᠳᠣᠯᠭ᠎ᠠ︾ ᠬᠡᠮᠡᠨ ᠳᠥᠭᠦᠮᠴᠢᠯᠡᠨ᠎ᠡ︶ ᠶᠢ ᠬᠥᠬᠡᠬᠤᠲᠠ ᠶᠢᠨ ᠵᠠᠰᠠᠭ ᠤᠨ ᠣᠷᠳᠣᠨ ᠪᠣᠯᠣᠨ ᠥᠪᠥᠷ ᠮᠣᠩᠭᠤᠯ ᠤᠨ ᠬᠤᠷᠢᠨᠭᠡᠷ ᠰᠢᠨ᠎ᠡ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠬᠠᠮᠲᠤᠷᠠᠨ ᠳᠠᠷᠤᠮᠠᠯᠯᠠᠨ ᠲᠠᠷᠬᠠᠭᠠᠪᠠ᠃ | | ᠲᠣᠭᠲᠠᠭᠠᠭᠰᠠᠨ ᠠᠬᠤᠢ ᠪᠠᠶᠢᠳᠠᠯ | | ᠲᠤᠰ ᠲᠥᠷᠥ ᠶᠢᠨ ᠪᠣᠳᠣᠯᠭ᠎ᠠ ᠪᠣᠯ ︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠬᠠᠷᠠᠭᠠᠯᠵᠠᠯ ᠤᠨ ᠲᠥᠷᠥ ᠶᠢᠨ ᠪᠣᠳᠣᠯᠭ᠎ᠠ︾᠂ ︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠮᠥᠩᠭᠦᠨ ᠭᠦᠢᠯᠭᠡᠭᠡᠨ ᠤ ᠵᠢᠵᠢᠭ ᠪᠠᠯᠭᠠᠰᠤ ᠶᠢᠨ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ᠶᠢ ᠲᠣᠭᠲᠠᠭᠠᠭᠰᠠᠨ ᠤ ᠳᠠᠷᠠᠭᠠᠬᠢ᠂ ᠥᠪᠥᠷ ᠮᠣᠩᠭᠤᠯ ᠤᠨ | ᠬᠤᠷᠢᠨᠭᠡᠷ ᠰᠢᠨ᠎ᠡ ᠲᠣᠭᠤᠷᠢᠭ ᠤᠨ ᠲᠣᠭᠲᠠᠭᠠᠨ ᠨᠡᠶᠢᠲᠡᠯᠡᠭᠰᠡᠨ ᠪᠠᠰᠠ ᠨᠢᠭᠡ ᠴᠢᠬᠤᠯᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ | ᠪᠣᠯᠣᠨ᠎ᠠ᠃ ᠲᠤᠰ ᠲᠥᠷᠥ ᠶᠢᠨ ᠪᠣᠳᠣᠯᠭ᠎ᠠ ᠶᠢᠨ ᠨᠡᠶᠢᠲᠡᠯᠡᠭᠳᠡᠭᠰᠡᠨ ᠨᠢ᠂ ᠨᠢᠭᠡ ᠲᠠᠯ᠎ᠠ ᠪᠠᠷ ᠰᠢᠨ᠎ᠡ ᠲᠣᠭᠤᠷᠢᠭ ᠤᠨ ᠣᠳᠣ ᠶᠢᠨ ᠪᠠᠶᠢᠭ᠎ᠠ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ ᠳᠤ ᠠᠰᠢᠭᠲᠠᠢ ᠪᠠᠶᠢᠵᠤ᠂ ᠨᠡᠩ ᠣᠯᠠᠨ ︽ᠶᠡᠷᠦᠩᠬᠡᠢ᠂ ᠶᠡᠭᠡ᠂ | ᠰᠢᠨ᠎ᠡ᠂ ᠳᠡᠭᠡᠳᠦ︾ ᠠᠵᠤ ᠠᠬᠤᠶᠢᠯᠠᠯ ᠢ ᠲᠠᠲᠠᠨ ᠨᠤᠲᠤᠭᠰᠢᠭᠤᠯᠤᠨ ᠬᠥᠭᠵᠢᠭᠦᠯᠵᠦ᠂ ᠠᠵᠤ ᠠᠬᠤᠢ ᠶᠢᠨ ᠬᠤᠪᠢ ᠨᠡᠮᠡᠷᠢ ᠶᠢᠨ ᠬᠡᠮᠵᠢᠶ᠎ᠡ ᠶᠢ ᠳᠡᠭᠡᠭᠰᠢᠯᠡᠭᠦᠯᠬᠦ | ᠪᠣᠯᠣᠨ᠎ᠠ︔ ᠨᠥᠭᠦᠭᠡ ᠲᠠᠯ᠎ᠠ ᠪᠠᠷ ᠲᠥᠪ ᠬᠤᠲᠠ ᠶᠢᠨ ᠭᠤᠣᠯ ᠬᠤᠲᠠ ᠶᠢᠨ ᠡᠷᠭᠢᠨ ᠲᠣᠭᠤᠷᠢᠨ ᠤ ᠭᠠᠵᠠᠷ ᠣᠷᠣᠨ ᠢ ᠨᠥᠯᠥᠭᠡᠯᠡᠵᠦ ᠳᠠᠶᠢᠴᠢᠯᠠᠬᠤ ᠬᠦᠴᠦᠨ ᠢ | ᠨᠡᠮᠡᠭᠳᠡᠭᠦᠯᠵᠦ᠂ ᠲᠥᠪ ᠬᠤᠲᠠ ᠪᠣᠯᠣᠨ ᠰᠢᠨ᠎ᠡ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ᠃ | ᠭᠤᠣᠯ ᠠᠭᠤᠯᠭ᠎ᠠ | | ᠨᠢᠭᠡ᠂ ᠳᠡᠮᠵᠢᠬᠦ ᠬᠦᠷᠢᠶ᠎ᠡ ᠬᠡᠪᠴᠢᠶ᠎ᠡ | ᠰᠢᠨ᠎ᠡ ᠲᠣᠭᠤᠷᠢᠭ ᠤᠨ ᠡᠳ᠋ ᠤᠨ ᠵᠠᠰᠠᠭ ᠭᠠᠶᠢᠯᠢ ᠶᠢᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠳᠠᠩᠰᠠᠯᠠᠭᠤᠯᠤᠨ ᠪᠠᠶᠢᠭᠤᠯᠤᠭᠰᠠᠨ ᠪᠦᠭᠡᠳ ᠰᠢᠨ᠎ᠡ | ᠲᠣᠭᠤᠷᠢᠭ ᠤᠨ ᠳᠣᠲᠣᠷ᠎ᠠ ᠬᠠᠤᠯᠢ ᠶᠣᠰᠣᠨ ᠤ ᠡᠵᠡᠩᠨᠡᠯᠲᠡ ᠶᠢᠨ ᠠᠵᠢᠯᠯᠠᠭ᠎ᠠ ᠴᠢᠳᠠᠬᠤ᠂ ᠲᠡᠭᠦᠨ ᠤ ᠬᠤᠪᠢ ᠡᠵᠡᠮᠳᠡᠭᠰᠡᠨ ᠠᠵᠤ ᠠᠬᠤᠶᠢᠯᠠᠯ ᠪᠣᠶᠤ ᠰᠠᠯᠪᠤᠷᠢ | ᠪᠠᠶᠢᠭᠤᠯᠤᠮᠵᠢ ᠳᠤ ᠪᠡᠯᠡ ᠣᠷᠣᠭᠤᠯᠤᠨ ᠬᠤᠪᠢ ᠡᠵᠡᠮᠳᠡᠬᠦ᠂ ᠡᠵᠡᠩᠨᠡᠯᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠨᠡᠭᠡᠭᠡᠨ ᠬᠥᠭᠵᠢᠭᠦᠯᠵᠦ ᠵᠢᠷᠤᠨ | ᠲᠥᠯᠥᠪᠯᠡᠬᠦ᠂ ᠪᠣᠷᠣᠯᠠᠭᠤᠯᠤᠨ ᠳᠡᠯᠭᠡᠷᠡᠭᠦᠯᠬᠦ᠂ ᠡᠳ᠋ ᠤᠨ ᠶᠠᠪᠤᠳᠠᠯ ᠢ ᠲᠠᠰᠤᠯᠠᠨ ᠪᠣᠳᠣᠬᠤ ᠵᠡᠷᠭᠡ ᠬᠠᠮᠢᠶᠠᠷᠤᠯᠲᠠ ᠪᠠ ᠦᠢᠯᠡᠴᠢᠯᠡᠭᠡ ᠶᠢᠨ ᠡᠭᠦᠷᠭᠡ | ᠬᠠᠷᠢᠭᠤᠴᠠᠯᠭ᠎ᠠ ᠲᠠᠢ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ᠃ ᠡᠭᠦᠨ ᠳᠤ᠄ | ※ ᠡᠷᠬᠡ ᠰᠦᠷᠲᠦ ᠪᠠᠶᠢᠭᠤᠯᠤᠮᠵᠢ ᠠᠴᠠ ᠨᠡᠶᠢᠲᠡᠯᠡᠭᠰᠡᠨ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠪᠦᠯᠦᠭᠯᠡᠯ᠂ ᠬᠥᠷᠥᠩᠭᠡ ᠶᠢᠨ ᠵᠠᠬ᠎ᠠ ᠳᠤ | ᠭᠠᠷᠤᠭᠰᠠᠨ ᠺᠣᠮᠫᠠᠨᠢ᠂ ᠲᠥᠪ ᠤᠨ ᠠᠵᠤ ᠠᠬᠤᠶᠢᠯᠠᠯ ᠤᠨ ᠪᠠᠶᠢᠭᠤᠯᠤᠭᠰᠠᠨ ᠶᠡᠷᠦᠩᠬᠡᠢ ᠬᠡᠯᠲᠡᠰ ᠤᠨ ᠠᠵᠤ ᠠᠬᠤᠶᠢᠯᠠᠯ᠃ | ※ ᠡᠵᠡᠩᠨᠡᠯᠲᠡ ᠶᠢᠨ ᠣᠷᠣᠯᠭ᠎ᠠ ᠪᠠ ᠭᠠᠶᠢᠯᠢ ᠶᠢᠨ ᠬᠤᠪᠢ ᠨᠡᠮᠡᠷᠢ ᠨᠢᠭᠡ ᠬᠡᠮᠵᠢᠶᠡᠨ ᠳᠤ ᠬᠦᠷᠦᠭᠰᠡᠨ ᠲᠣᠮᠣ ᠳ᠋ᠠᠶᠢᠲ᠋ᠠ᠂ ᠠᠮᠢᠳᠤ ᠪᠤᠳᠠᠰ ᠤᠨ | ᠮᠡᠷᠭᠡᠵᠢᠯ᠂ ᠳᠡᠭᠡᠳᠦ ᠲᠡᠰ ᠤᠨ ᠲᠤᠨᠤᠭᠯᠠᠯ ᠦᠢᠯᠡᠳᠬᠦ ᠵᠡᠷᠭᠡ ᠪᠠᠶᠢᠯᠳᠤᠬᠤ ᠪᠣᠳᠣᠯᠭ᠎ᠠ ᠶᠢᠨ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠶᠡᠷᠦᠩᠬᠡᠢ | ᠬᠡᠯᠲᠡᠰ ᠤᠨ ᠠᠵᠤ ᠠᠬᠤᠶᠢᠯᠠᠯ ᠪᠠᠭᠲᠠᠨ᠎ᠠ᠃ | ᠬᠤᠶᠠᠷ᠂ ᠱᠠᠩᠨᠠᠬᠤ ᠠᠭᠤᠯᠭ᠎ᠠ | ︵ᠨᠢᠭᠡ︶ ᠡᠵᠡᠩᠨᠡᠯᠲᠡ ᠶᠢᠨ ᠱᠠᠩᠨᠠᠯ | ※ ᠠᠯᠪᠠᠨ ᠳᠤ ᠬᠡᠷᠡᠭᠯᠡᠬᠦ ᠭᠡᠷ ᠪᠠᠶᠢᠰᠢᠩ ᠢ ᠥᠪᠡᠷᠲᠡᠭᠡᠨ ᠪᠠᠷᠢᠭᠰᠠᠨ ᠪᠤᠶᠤ ᠬᠤᠳᠠᠯᠳᠤᠨ ᠠᠪᠤᠭᠰᠠᠨ ᠳᠤ᠂ ᠠᠵᠤ ᠠᠬᠤᠶᠢᠯᠠᠯ ᠤᠨ ᠨᠡᠮᠡᠭᠳᠡᠯ | ᠥᠷᠲᠡᠭ ᠤᠨ ᠭᠠᠶᠢᠯᠢ ᠪᠠ ᠣᠷᠣᠯᠭ᠎ᠠ ᠶᠢᠨ ᠭᠠᠶᠢᠯᠢ ᠶᠢᠨ ᠭᠠᠵᠠᠷ ᠣᠷᠣᠨ ᠤ ᠦᠯᠡᠳᠡᠭᠡᠭᠰᠡᠨ ᠬᠡᠰᠡᠭ ᠢᠶᠠᠷ ᠱᠠᠩᠨᠠᠬᠤ ᠪᠠᠷᠢᠮᠵᠢᠶ᠎ᠠ ᠪᠣᠯᠭᠠᠵᠤ᠂ ᠡᠮᠦᠨ᠎ᠡ 3 | ᠵᠢᠯ ᠳᠤ 100% ᠶᠢᠨ ᠬᠠᠷᠢᠴᠠᠯ ᠢᠶᠠᠷ᠂ 4 ᠳ᠋ᠦ᠋ᠭᠡᠷ ᠵᠢᠯ 5 ᠳ᠋ᠤᠭᠠᠷ ᠵᠢᠯ ᠳᠤ 50% ᠶᠢᠨ ᠬᠠᠷᠢᠴᠠᠯ ᠢᠶᠠᠷ ᠱᠠᠩᠨᠠᠨ᠎ᠠ᠃ | ※ ᠠᠯᠪᠠᠨ ᠳᠤ ᠬᠡᠷᠡᠭᠯᠡᠬᠦ ᠭᠡᠷ ᠪᠠᠶᠢᠰᠢᠩ ᠢ ᠲᠦᠷᠢᠶᠡᠰᠦᠯᠡᠭᠰᠡᠨ ᠳᠤ᠂ ᠠᠵᠤ ᠠᠬᠤᠶᠢᠯᠠᠯ ᠤᠨ ᠨᠡᠮᠡᠭᠳᠡᠯ ᠥᠷᠲᠡᠭ ᠤᠨ ᠭᠠᠶᠢᠯᠢ ᠪᠠ ᠣᠷᠣᠯᠭ᠎ᠠ ᠶᠢᠨ | ᠭᠠᠶᠢᠯᠢ ᠶᠢᠨ ᠭᠠᠵᠠᠷ ᠣᠷᠣᠨ ᠤ ᠦᠯᠡᠳᠡᠭᠡᠭᠰᠡᠨ ᠬᠡᠰᠡᠭ ᠢᠶᠠᠷ ᠱᠠᠩᠨᠠᠬᠤ ᠪᠠᠷᠢᠮᠵᠢᠶ᠎ᠠ ᠪᠣᠯᠭᠠᠵᠤ᠂ ᠡᠮᠦᠨ᠎ᠡ 3 ᠵᠢᠯ ᠳᠤ 50% ᠶᠢᠨ ᠬᠠᠷᠢᠴᠠᠯ ᠢᠶᠠᠷ᠂ 4 | ᠳ᠋ᠦ᠋ᠭᠡᠷ ᠵᠢᠯ 5 ᠳ᠋ᠤᠭᠠᠷ ᠵᠢᠯ ᠳᠤ 25% ᠶᠢᠨ ᠬᠠᠷᠢᠴᠠᠯ ᠢᠶᠠᠷ ᠱᠠᠩᠨᠠᠨ᠎ᠠ᠃ | ︵ᠬᠤᠶᠠᠷ︶ ᠳᠡᠭᠡᠳᠦ ᠲᠡᠰ ᠤᠨ ᠬᠠᠮᠢᠶᠠᠷᠤᠯᠲᠠ ᠶᠢᠨ ᠠᠵᠢᠯᠲᠠᠨ ᠤ ᠱᠠᠩᠨᠠᠯ | ※ ᠠᠵᠤ ᠠᠬᠤᠶᠢᠯᠠᠯ ᠤᠨ ᠳᠡᠭᠡᠳᠦ ᠲᠡᠰ ᠤᠨ ᠬᠠᠮᠢᠶᠠᠷᠤᠯᠲᠠ ᠶᠢᠨ ᠠᠵᠢᠯᠳᠠᠨ ᠳᠤ ᠵᠠᠯᠭᠠᠪᠠᠷ 5 ᠵᠢᠯ ᠴᠢᠳᠠᠪᠤᠷᠢᠲᠠᠨ ᠤ ᠱᠠᠩᠨᠠᠯ ᠣᠯᠭᠤᠵᠤ᠂ ᠬᠤᠪᠢ | ᠬᠥᠮᠥᠨ ᠤ ᠣᠷᠣᠯᠭ᠎ᠠ ᠶᠢᠨ ᠭᠠᠶᠢᠯᠢ ᠶᠢᠨ ᠭᠠᠵᠠᠷ ᠣᠷᠣᠨ ᠤ ᠦᠯᠡᠳᠡᠭᠡᠭᠰᠡᠨ ᠬᠡᠰᠡᠭ ᠢᠶᠠᠷ ᠱᠠᠩᠨᠠᠬᠤ ᠪᠠᠷᠢᠮᠵᠢᠶ᠎ᠠ ᠪᠣᠯᠭᠠᠨ᠂ 100% ᠶᠢᠨ ᠬᠠᠷᠢᠴᠠᠯ ᠢᠶᠠᠷ | ᠱᠠᠩᠨᠠᠨ᠎ᠠ᠃ | ︵ᠭᠤᠷᠪᠠ︶ ᠭᠠᠵᠠᠷ ᠬᠤᠳᠠᠯᠳᠤᠨ ᠠᠪᠤᠭᠰᠠᠨ᠂ ᠭᠡᠷ ᠪᠠᠶᠢᠰᠢᠩ ᠬᠤᠳᠠᠯᠳᠤᠨ ᠠᠪᠤᠭᠰᠠᠨ ᠪᠤᠶᠤ ᠭᠡᠷ ᠪᠠᠶᠢᠰᠢᠩ ᠲᠦᠷᠢᠶᠡᠰᠦᠯᠡᠭᠰᠡᠨ ᠨᠥᠬᠦᠪᠦᠷᠢ | ※ ᠭᠠᠵᠠᠷ ᠬᠤᠳᠠᠯᠳᠤᠨ ᠠᠪᠴᠤ ᠥᠪᠡᠷᠲᠡᠭᠡᠨ ᠠᠯᠪᠠᠨ ᠳᠤ ᠬᠡᠷᠡᠭᠯᠡᠬᠦ ᠭᠡᠷ ᠪᠠᠶᠢᠰᠢᠩ ᠪᠠᠷᠢᠭᠰᠠᠨ ᠳᠤ᠂ ᠭᠠᠵᠠᠷ ᠬᠡᠷᠡᠭᠯᠡᠬᠦ ᠤᠴᠢᠷ ᠢ ︽ᠨᠢᠭᠡ | ᠤᠴᠢᠷ ᠢ ᠨᠢᠭᠡ ᠵᠥᠪᠯᠡᠨ᠎ᠡ︾᠃ | ※ ᠠᠯᠪᠠᠨ ᠳᠤ ᠬᠡᠷᠡᠭᠯᠡᠬᠦ ᠭᠡᠷ ᠪᠠᠶᠢᠰᠢᠩ ᠬᠤᠳᠠᠯᠳᠤᠨ ᠠᠪᠤᠭᠰᠠᠨ ᠳᠤ᠂ ᠲᠡᠭᠰᠢ ᠳᠥᠷᠪᠡᠯᠵᠢᠨ ᠮᠧᠲᠷ ᠪᠦᠷᠢ ᠳᠤ 300 ᠲᠥᠭᠦᠷᠢᠭ ᠤᠨ | ᠨᠥᠬᠦᠪᠦᠷᠢ ᠣᠯᠭᠤᠵᠤ᠂ ᠶᠡᠷᠦᠩᠬᠡᠢ ᠲᠤᠭ᠎ᠠ ᠶᠢ 100 ᠲᠦᠮᠡᠨ ᠲᠥᠭᠦᠷᠢᠭ ᠤᠨ ᠳᠣᠲᠣᠷ᠎ᠠ ᠬᠢᠵᠠᠭᠠᠷᠯᠠᠨ᠎ᠠ᠃ | ※ ᠠᠯᠪᠠᠨ ᠳᠤ ᠬᠡᠷᠡᠭᠯᠡᠬᠦ ᠭᠡᠷ ᠪᠠᠶᠢᠰᠢᠩ ᠲᠦᠷᠢᠶᠡᠰᠦᠯᠡᠭᠰᠡᠨ ᠳᠤ᠂ 300 ᠲᠡᠭᠰᠢ ᠳᠥᠷᠪᠡᠯᠵᠢᠨ ᠮᠧᠲᠷ ︵ᠪᠠᠭᠲᠠᠨ᠎ᠠ︶ ᠤᠨ ᠳᠣᠲᠣᠷᠠᠬᠢ ᠶᠢ | ᠵᠢᠯ ᠤᠨ ᠲᠦᠷᠢᠶᠡᠰᠦᠨ ᠮᠥᠩᠭᠦ ᠶᠢ ᠡᠮᠦᠨ᠎ᠡ 3 ᠵᠢᠯ ᠳᠤ 100% ᠪᠠᠷ ᠨᠥᠬᠦᠪᠦᠷᠢᠯᠡᠵᠦ᠂ 4 ᠳ᠋ᠦ᠋ᠭᠡᠷ ᠵᠢᠯ 5 ᠳ᠋ᠤᠭᠠᠷ ᠵᠢᠠᠯ ᠳᠤ 50% ᠪᠠᠷ | ᠨᠥᠬᠦᠪᠦᠷᠢᠯᠡᠨ᠎ᠡ᠃ |