ᠬᠤᠪᠢᠰᠬᠠᠯ ᠤᠨ ᠬᠠᠭᠤᠴᠢᠨ ᠤᠷᠤᠨ ᠬᠡᠮᠡᠭᠳᠡᠳᠡᠭ ᠦᠴᠣᠸᠠᠨ ᠨᠢ ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ | ᠭᠠᠵᠠᠷ ᠤᠨ ᠲᠥᠪ ᠤᠷᠤᠨ ᠪᠠᠶᠢᠵᠤ᠂ ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠤᠨ ᠬᠠᠭᠤᠴᠢᠨ ᠪᠠᠭᠤᠷᠢ ᠨᠢ ᠶᠠᠭ | ᠰᠠᠶᠢᠬᠠᠨ ᠬᠦᠬᠡᠬᠤᠲᠠ ᠶᠢᠨ ᠦᠴᠦᠸᠠᠨ ᠰᠢᠶᠠᠨ ᠳᠤ ᠪᠠᠶᠢᠳᠠᠭ᠃ ᠵᠠᠯᠭᠠᠭᠠᠳ ᠪᠢᠳᠡ ᠶᠠᠫᠤᠨ ᠶᠢ ᠡᠰᠡᠷᠭᠦᠴᠡᠬᠦ ᠲᠠᠶᠢᠨ ᠤ ᠦᠶ᠎ᠡ ᠶᠢᠨ ᠬᠠᠳᠠᠭᠤᠵᠢᠯᠳᠠᠢ | ᠲᠡᠮᠡᠴᠡᠯ ᠤᠨ ᠤᠯᠠ ᠮᠦᠷ ᠪᠣᠯᠵᠤ ᠦᠯᠡᠳᠡᠭᠰᠡᠨ ᠡᠨᠡᠬᠦ ᠬᠠᠭᠤᠴᠢᠨ ᠪᠠᠭᠤᠷᠢ ᠦᠯᠡᠳᠡᠭᠳᠡᠯ ᠲᠠᠢ ᠲᠠᠨᠢᠯᠴᠠᠶ᠎ᠠ᠃ | | | 1938 ᠣᠨ ᠤ ᠨᠠᠮᠤᠷ᠂ ᠨᠠᠢᠮᠠᠳᠤᠭᠠᠷ ᠵᠠᠮ ᠤᠨ ᠴᠡᠷᠢᠭ ᠤᠨ ᠳᠠᠯᠠᠨ ᠬᠠᠷ᠎ᠠ ᠠᠭᠤᠯᠠ ᠶᠢᠨ ᠰᠠᠯᠪᠤᠷᠢ ᠠᠩᠭᠢ ᠲᠠᠯᠠᠨ ᠬᠠᠷ᠎ᠠ ᠠᠭᠤᠯᠠᠨ ᠳᠤ ᠤᠷᠤᠵᠤ | ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠬᠦᠴᠡᠬᠦ ᠫᠠᠷᠲ᠋ᠢᠽᠠᠨ ᠤ ᠰᠠᠭᠤᠷᠢᠨ ᠭᠠᠵᠠᠷ ᠢ ᠪᠠᠶᠢᠭᠤᠯᠵᠠᠢ᠃ ᠡᠨᠡᠬᠦ ᠰᠠᠭᠤᠷᠢᠨ ᠭᠠᠵᠠᠷ ᠨᠢ ᠲᠤᠬᠠᠢ ᠶᠢᠨ ᠦᠶ᠎ᠡ ᠶᠢᠨ | ᠪᠦᠬᠦ ᠤᠯᠤᠰ ᠤᠨ19 ᠰᠠᠭᠤᠷᠢᠨ ᠭᠠᠵᠠᠷ ᠤᠨ ᠨᠢᠭᠡ ᠪᠤᠯᠤᠨ᠎ᠠ᠃ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠤᠨ | ᠭᠤᠤᠯᠳᠠᠯᠭ᠎ᠠ ᠲᠠᠢ ᠲᠦᠷᠦᠯ ᠵᠦᠢᠯ ᠤᠨ ᠲᠤᠭᠤᠷᠢᠭ ᠨᠢ ᠦᠴᠤᠸᠠᠨ ᠰᠢᠶᠠᠨ ᠤ ᠲᠡᠷᠡᠰᠦᠳᠦ ᠭᠤᠤ ︵ᠳ᠋ᠧ ᠱᠧᠩ ᠭᠧᠦ︶ ᠰᠢᠶᠠᠩ ᠤᠨ ᠡᠮᠦᠨ᠎ᠡ | ᠦᠵᠦᠭᠦᠷ ᠲᠤ ᠳᠠᠯᠠᠨ ᠬᠠᠷ᠎ᠠ ᠠᠭᠤᠯᠠ ᠶᠢᠨ ᠭᠦᠨ ᠳᠤ ᠪᠠᠶᠢᠷᠢᠯᠠᠵᠤ᠂ ᠪᠠᠷᠠᠭᠤᠨᠰᠢ ᠪᠠᠨ ᠯᠢ ᠴᠢ ᠭᠸᠦ ᠬᠦᠷᠴᠦ᠂ ᠵᠡᠭᠦᠨᠰᠢ ᠪᠠᠨ ᠵᠢᠩ ᠡᠯ ᠭᠸᠦ ᠬᠦᠷᠴᠦ᠂ | ᠪᠦᠬᠦ ᠤᠷᠳᠤ ᠨᠢ100 ᠭᠠᠷᠤᠢ ᠺᠢᠯᠤᠮᠧᠲᠷ᠃ ᠬᠠᠷᠢᠶ᠎ᠠ ᠤᠷᠤᠨ ᠤ ᠲᠠᠯᠠᠪᠠᠢ ᠨᠢ496.2 ᠲᠡᠭᠰᠢ ᠲᠦᠷᠪᠡᠯᠵᠢᠨ ᠺᠢᠯᠤᠮᠧᠲᠷ ᠬᠦᠷᠴᠦ᠂ ᠶᠠᠫᠤᠨ ᠢ ᠡᠰᠡᠷᠭᠦᠴᠡᠬᠦ | ᠲᠠᠶᠢᠨ ᠤ ᠲᠤᠮᠳᠠ ᠲᠠᠯᠠᠨ ᠬᠠᠷ᠎ᠠ ᠠᠭᠤᠯᠠ ᠶᠢᠨ ᠤᠷᠤᠨ ᠨᠢ ᠤᠷᠤᠨ ᠪᠠᠶᠢᠷᠢ ᠶᠢᠨ ᠤᠨᠴᠠᠭᠠᠢ ᠨᠦᠬᠦᠴᠡᠯ ᠪᠠᠶᠢᠳᠠᠯ ᠪᠠᠷ ᠢᠶᠠᠨ ᠲᠠᠯᠠᠨ ᠬᠠᠷ᠎ᠠ ᠠᠭᠤᠯᠠᠨ ᠤ | ᠶᠠᠫᠤᠨ ᠢ ᠡᠰᠡᠷᠬᠦᠴᠡᠬᠦ ᠫᠠᠷᠲ᠋ᠢᠽᠠᠨ ᠤ ᠰᠠᠭᠤᠷᠢᠨ ᠭᠠᠵᠠᠷ ᠤᠨ ᠲᠥᠪ ᠣᠷᠤᠨ ᠪᠣᠯᠵᠤ᠂ ᠬᠦᠮᠦᠰ ᠲᠤ ︽ᠠᠷᠤ ᠭᠠᠵᠠᠷ ᠤᠨ ᠪᠠᠭ᠎ᠠ ᠶᠠᠨ ᠠᠨ︾ ᠬᠡᠮᠡᠭᠳᠡᠵᠦ | ᠪᠠᠶᠢᠵᠠᠢ᠃ | | | 1964 ᠣᠨ ᠳᠤ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠠᠴᠠ ᠲᠡᠷᠡᠰᠦᠲᠦ ᠭᠤᠤ ᠶᠢᠨ ᠰᠧᠯᠢᠩᠪᠦ᠋ ᠶᠢᠨ ᠬᠠᠭᠤᠴᠢᠨ ᠪᠠᠭᠤᠷᠢ ᠶᠢ | ᠭᠤᠤᠯᠳᠠᠯᠭ᠎ᠠ ᠲᠠᠢ ᠲᠡᠦᠭᠡᠨ ᠲᠤᠷᠠᠰᠬᠠᠯᠳᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠪᠠ ᠡᠬᠡ ᠤᠷᠤᠨᠴᠢ ᠦᠵᠡᠯ ᠤᠨ ᠬᠦᠮᠦᠵᠢᠯ ᠤᠨ ᠰᠠᠭᠤᠷᠢᠨ | ᠭᠠᠵᠠᠷ ᠢᠶᠠᠷ ᠲᠣᠭᠲᠠᠭᠠᠪᠠ᠃2005 ᠣᠨ ᠳᠤ᠂ ᠲᠥᠪ ᠦᠨᠤᠬᠠᠭᠤᠯᠬᠤ ᠬᠡᠯᠲᠡᠰ᠂ ᠤᠯᠤᠰ ᠤᠨ ᠬᠦᠭᠵᠢᠬᠦᠯᠦᠯᠲᠡ ᠦᠭᠡᠷᠡᠴᠢᠯᠡᠯᠲᠡ ᠶᠢᠨ ᠵᠦᠪᠯᠡᠯ ᠵᠡᠷᠭᠡ | 13 ᠵᠦᠪᠯᠡᠯ ᠬᠡᠯᠲᠡᠰ ᠠᠴᠠ ᠪᠦᠬᠦ ᠤᠯᠤᠰ ᠤᠨ100 ᠬᠤᠪᠢᠰᠬᠠᠯ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠤ ᠨᠢᠭᠡ ᠪᠠᠷ ᠨᠡᠷᠡᠶᠢᠳᠪᠡ᠃2008 | ᠣᠨ ᠳᠤ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠰᠠᠬᠢᠯᠭ᠎ᠠ ᠪᠠᠲᠤ ᠪᠠᠶᠢᠴᠠᠭᠠᠵᠤ ᠬᠤᠷᠢᠶ᠎ᠠ᠂ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ | ᠬᠡᠯᠲᠡᠰ ᠠᠴᠠ ᠲᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠵᠢᠭᠤᠯᠴᠢᠯᠠᠯ ᠤᠨ ᠤᠷᠤᠨ ᠢ ᠪᠦᠬᠦ ᠤᠷᠤᠨ ᠤ ᠴᠢᠭᠡᠴᠢ ᠵᠠᠰᠠᠭ ᠤᠨ ᠬᠦᠮᠦᠵᠢᠯ ᠤᠨ ᠰᠠᠭᠤᠷᠢᠨ | ᠭᠠᠵᠠᠷ᠂ ᠪᠦᠬᠦ ᠤᠷᠤᠨ ᠤ ᠤᠯᠤᠰ ᠤᠨ ᠪᠠᠳᠤᠯᠠᠨ ᠬᠠᠮᠠᠭᠠᠯᠠᠯᠲᠠ ᠶᠢᠨ ᠬᠦᠮᠦᠵᠢᠯ ᠤᠨ ᠰᠠᠭᠤᠷᠢᠨ ᠭᠠᠵᠠᠷ᠂ ᠨᠠᠮ ᠤᠨ ᠭᠡᠰᠢᠭᠦᠨ ᠤ ᠪᠤᠯᠪᠠᠰᠤᠷᠠᠭᠤᠯᠤᠯ ᠤᠨ | ᠰᠠᠭᠤᠷᠢᠨ ᠭᠠᠵᠠᠷ ᠪᠠ ᠡᠬᠡ ᠤᠷᠤᠨᠴᠢ ᠦᠵᠡᠯ ᠤᠨ ᠬᠦᠮᠦᠵᠢᠯ ᠤᠨ ᠰᠠᠭᠤᠷᠢᠨ ᠭᠠᠵᠠᠷ ᠢᠶᠠᠷ ᠨᠡᠷᠡᠶᠢᠳᠪᠡ᠃2009 ᠣᠨ ᠳᠤ ᠲᠥᠪ ᠤᠨ ᠤᠬᠠᠭᠤᠯᠬᠤ | ᠬᠡᠯᠲᠡᠰ ᠠᠴᠠ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠢ ᠲᠠᠬᠢᠨᠳᠠ ᠲᠦᠷᠪᠡᠳᠦᠭᠡᠷ ᠪᠦᠯᠦᠭ ᠪᠦᠬᠦ | ᠤᠯᠤᠰ ᠤᠨ87 ᠡᠬᠡ ᠤᠷᠤᠨᠴᠢ ᠦᠵᠡᠯ ᠤᠨ ᠬᠦᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠨᠢᠭᠡ ᠪᠠᠷ ᠨᠡᠷᠡᠶᠢᠳᠪᠡ᠃ | | | ᠦᠨᠦᠳᠦᠷ ᠪᠣᠯᠬᠤ ᠳᠤ ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠤᠨ ᠬᠤᠪᠢᠰᠬᠠᠯ ᠤᠨ ᠵᠢᠭᠤᠯᠴᠢᠯᠠᠯ ᠤᠨ | ᠤᠷᠤᠨ ᠨᠢ ᠨᠢᠭᠡᠨᠲᠡ ᠬᠤᠯᠠ ᠤᠶᠢᠷ᠎ᠠ ᠳᠤ ᠪᠠᠨ ᠠᠯᠳᠠᠷᠲᠠᠢ ᠡᠬᠡ ᠤᠷᠤᠨᠴᠢ ᠦᠵᠡᠯ ᠤᠨ ᠬᠦᠮᠦᠵᠢᠯ ᠤᠨ ᠰᠠᠭᠤᠷᠢᠨ ᠭᠠᠵᠠᠷ ᠪᠤᠯᠵᠤ᠂ ᠦᠪᠡᠷᠨᠮᠢᠴᠡ | ᠰᠤᠶᠤᠯ ᠤᠨ ᠬᠦᠴᠦᠨ ᠢᠶᠠᠷ ᠢᠶᠠᠨ ᠣᠷᠤᠨ ᠤ ᠲᠤᠳᠤᠨ᠎ᠠ ᠭᠠᠳᠠᠨᠠᠬᠢ ᠵᠢᠭᠤᠯᠴᠢᠳ ᠤᠨ ᠠᠩᠬᠠᠷᠤᠯ ᠢ ᠲᠠᠳᠠᠵᠤ᠂ ᠵᠢᠯ ᠪᠤᠯᠭᠠᠨ ᠮᠠᠰᠢ ᠤᠯᠠᠨ ᠵᠢᠭᠤᠯᠴᠢᠳ ᠠᠳᠡ | ᠬᠦᠷᠦᠯᠴᠡᠨ ᠢᠷᠡᠵᠦ᠂ ᠬᠤᠪᠢᠰᠬᠠᠯᠴᠢ ᠠᠬᠠᠮᠠᠳ ᠨᠢᠭᠡ ᠦᠶ᠎ᠡ ᠶᠢᠨ ᠬᠢᠨ ᠤ ᠶᠠᠫᠤᠨ ᠢ ᠡᠰᠡᠷᠭᠦᠴᠡᠭᠰᠡᠨ ᠪᠠᠭᠠᠳᠤᠷᠯᠢᠭ ᠦᠢᠯᠡ ᠶᠠᠪᠤᠳᠠᠯ᠂ ᠲᠡᠦᠭᠡ ᠶᠢ | ᠡᠷᠭᠢᠴᠡᠭᠦᠯᠦᠨ ᠬᠦᠨᠳᠦᠳᠭᠡᠯ ᠢᠶᠠᠨ ᠳᠡᠪᠰᠢᠭᠦᠯᠳᠡᠭ᠃ | | | ᠢᠷᠡᠯᠲᠡ᠄ ᠠᠷᠠᠳ ᠤᠨ ᠰᠦᠯᠵᠢᠶ᠎ᠡ | ᠵᠢᠷᠤᠭ ᠢ ᠰᠦᠯᠵᠢᠶ᠎ᠡ ᠠᠴᠠ ᠪᠠᠭᠤᠯᠭᠠᠪᠠ |