ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠦᠨᠲᠦᠰᠦᠲᠡᠨ ᠤ ᠪᠦᠯᠬᠦᠮᠲᠡᠯ ᠲᠠᠪᠰᠢᠯᠲᠠ ᠶᠢᠨ ᠭᠤᠤᠯ ᠰᠡᠳᠦᠪᠲᠦ  ᠬᠦᠮᠦᠵᠢᠯ ᠤᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2020/9/30
    9 ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠨᠢ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠳᠤ ︽ᠳᠤᠮᠳᠠᠳᠤ ᠶᠢᠨ ᠦᠨᠳᠦᠰᠦᠲᠡᠨ ᠪᠣᠯ ᠨᠢᠭᠡ ᠭᠡᠷ ᠪᠦᠯᠢ᠂ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠦᠶ᠎ᠡ︾ — — ᠬᠥᠬᠡᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ︽ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠪᠦᠬᠦ ᠲᠠᠯ᠎ᠠ ᠪᠠᠷ ᠭᠦᠨᠵᠡᠭᠡᠶ ᠤᠳᠠᠭᠠᠨ  ᠲᠠᠭᠠᠭᠠᠮᠠᠭᠠᠢ  ᠥᠷᠨᠢᠭᠦᠯᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ  ᠪᠣᠯᠭᠠᠶ᠎ᠠ︾ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ  ᠶᠢ ᠥᠷᠨᠢᠭᠦᠯᠪᠡ᠃     ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ  ᠭᠠᠩᠪᠦ᠋ᠭᠡ ᠣᠷᠣᠯᠴᠠᠪᠠ᠃    ᠲᠤᠰ ᠤᠳᠠᠭᠠᠨ ᠤ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠥᠷᠭᠡᠨ ᠣᠯᠠᠨ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠢᠳᠡᠪᠬᠢᠲᠡᠶ ᠪᠠᠷ ᠪᠤᠶᠢᠵᠢᠭᠤᠯᠤᠨ ᠣᠶᠢᠯᠡᠳᠣᠯᠬᠡᠵᠢᠭᠦᠯᠵᠤ᠂ ᠦᠨᠳᠦᠰᠦᠲᠡᠨ ᠤ ᠢᠲᠡᠭᠡᠯ ᠢᠶᠠᠨ ᠪᠠᠲᠤᠳᠬᠠᠵᠤ᠂ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠢᠯᠡᠳᠬᠡᠵᠦ᠂ ᠪᠠᠰᠠ ᠪᠦᠬᠦ ᠬᠤᠲᠠ ᠶᠢᠨ ᠵᠠᠯᠠᠭᠤᠴᠤᠳ ᠪᠠᠭᠠᠴᠤᠳ ᠢ ᠤᠯᠤᠰ ᠤᠨ ᠪᠠᠶᠠᠷ ᠤᠨ ᠬᠤᠭᠤᠴᠠᠭᠠᠨ ᠳᠤ ︽ᠤᠯᠤᠰ ᠢᠶᠠᠨ ᠬᠠᠶᠢᠷᠠᠯᠠᠬᠤ ᠰᠡᠳᠬᠢᠯᠭᠡ᠂ ᠤᠯᠤᠰ ᠢᠶᠠᠨ ᠬᠦᠴᠦᠷᠬᠡᠭᠵᠢᠭᠦᠯᠬᠦ ᠵᠣᠷᠢᠭ · ᠤᠯᠤᠰ ᠲᠠᠭᠠᠨ ᠵᠢᠳᠬᠦᠬᠦ ᠠᠵᠢᠯᠯᠠᠭ᠎ᠠ︾ ᠤᠨ ᠭᠤᠣᠯ ᠰᠡᠳᠦᠪᠲᠦ  ᠬᠦᠮᠣᠵᠢᠯ  ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ᠃    ᠠᠵᠢᠯᠯᠠᠭᠠᠨ ᠤ ᠠᠬᠤᠶ ᠲᠠᠯᠠᠪᠠᠶ   ᠳᠤ  ᠬᠥᠬᠡᠬᠤᠲᠠ ᠶᠢᠨ ᠳᠥᠷᠪᠡᠨ ᠲᠣᠭᠤᠷᠢᠭ ᠠᠴᠠ ᠢᠷᠡᠭᠰᠡᠨ ᠰᠤᠷᠤᠭᠴᠢᠳ ᠪᠥᠵᠢᠭ᠂ ᠨᠠᠶᠢᠷᠠᠯ ᠳᠠᠭᠤᠤ᠂ ᠤᠷᠠᠨ ᠤᠩᠰᠢᠯᠠᠭ᠎ᠠ ᠵᠡᠷᠭᠡ ᠪᠠᠶᠠᠯᠢᠭ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠬᠥᠬᠡᠬᠤᠲᠠ ᠶᠢᠨ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠡᠬᠡ  ᠣᠯᠣᠰ ᠡᠬᠡ ᠨᠤᠲᠤᠭ ᠢᠶᠠᠨ ᠬᠠᠶᠢᠷᠠᠯᠠᠬᠤ᠂ ᠴᠢᠩ ᠦᠨᠡᠨᠴᠢ ᠪᠠᠷ ᠬᠠᠷᠢᠯᠴᠠᠨ ᠬᠠᠪᠰᠤᠷᠤᠯᠴᠠᠬᠤ᠂ ᠰᠢᠯᠢᠳᠡᠭ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠥᠲᠥᠭᠡᠨ ᠪᠠᠶᠢᠭᠤᠯᠬᠤ ᠭᠦᠨ ᠵᠤᠵᠠᠭᠠᠨ ᠬᠠᠶᠢᠷ᠎ᠠ ᠰᠡᠳᠬᠢᠯᠭᠡ ᠪᠠ ᠡᠷᠡᠯᠬᠡᠭ ᠵᠣᠷᠢᠭ ᠢ  ᠬᠦᠢᠴᠡᠳ ᠢᠯᠡᠷᠡᠬᠦᠯᠪᠡ᠃     ᠤᠶᠢᠷ᠎ᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ  ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ  ᠬᠦᠮᠣᠵᠢᠯ ᠤᠨ ᠠᠵᠢᠯ ᠢ ᠪᠦᠬᠦ ᠲᠠᠯ᠎ᠠ ᠪᠠᠷ ᠭᠦᠨᠵᠡᠭᠡᠶ ᠤᠳᠠᠭᠠᠨ ᠳᠠᠭᠠᠭᠠᠮᠠᠭᠠᠶ ᠥᠷᠨᠢᠭᠦᠯᠵᠦ᠂ ︽ᠬᠠᠮᠲᠤ ᠪᠠᠷ ᠨᠢᠭᠡ  ᠲᠤᠭ ᠢ ᠮᠠᠨᠳᠣᠭᠤᠯᠵᠤ᠂ ᠡᠬᠡ ᠤᠯᠤᠰ ᠢᠶᠠᠨ ᠬᠠᠶᠢᠷᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ  ᠴᠤᠭᠴᠠᠯᠠᠶ᠎ᠠ︾ ᠭᠤᠤᠯ ᠰᠡᠳᠣᠪᠳᠤ ᠲᠤᠭ ᠮᠠᠨᠳᠤᠭᠤᠯᠬᠤ ᠶᠣᠰᠣᠯᠠᠯ᠂ ᠭᠡᠷ ᠪᠦᠯᠢ ᠰᠤᠷᠭᠠᠭᠤᠯᠢ ᠬᠠᠮᠲᠤᠪᠠᠷ  ᠬᠠᠮᠲᠣᠪᠠᠷ ᠦᠰᠦᠨ ᠪᠣᠶᠢᠵᠢᠭᠤᠯᠣᠶ᠎ᠡ︾ ᠭᠤᠤᠯ ᠰᠡᠳᠦᠪᠲᠦ ᠭᠡᠷ ᠤᠨ ᠠᠶᠢᠯᠴᠢᠯᠠᠯᠲᠠ ᠶᠢᠨ ᠠᠵᠢᠯᠯᠠᠭ᠎ᠠ᠂  ᠬᠥᠬᠡᠬᠤᠲᠠ ᠶᠢᠨ ᠲᠦᠮᠡᠳ ᠲᠣᠮᠳᠠᠳᠣ ᠰᠤᠷᠭᠠᠭᠤᠯᠢ  ᠨᠢ ︽ᠳᠤᠮᠳᠠᠳᠤ  ᠣᠯᠣᠰ ᠢᠶᠠᠨ ᠬᠡᠵᠢᠶᠡᠳᠡ ᠰᠡᠳᠬᠢᠯ ᠵᠢᠷᠣᠭᠡᠨ ᠳᠡᠭᠡᠨ ᠬᠠᠶᠢᠷᠠᠯᠡᠶ᠎ᠡ︾ ᠭᠤᠣᠯ ᠰᠡᠳᠦᠪᠲᠦ ᠠᠩᠭᠢ ᠶᠢᠨ ᠡᠲᠦᠷᠯᠢᠭ ᠤᠨ ᠠᠵᠢᠯᠯᠠᠭ᠎ᠠ ᠵᠡᠷᠭᠡ ᠶᠢ ᠥᠷᠨᠢᠭᠦᠯᠵᠦ᠂ ᠰᠤᠷᠭᠠᠭᠤᠯᠢ᠂ ᠭᠡᠷ ᠪᠦᠯᠢ᠂ ᠨᠡᠶᠢᠭᠡᠮ ᠭᠤᠷᠪᠠ ᠶᠢ ᠨᠢᠭᠡ ᠴᠣᠭᠴᠠᠵᠢᠭᠤᠯᠤᠭᠰᠠᠨ ᠰᠤᠷᠭᠠᠨ ᠬᠥᠮᠦᠵᠢᠯ ᠤᠨ ᠵᠠᠭᠪᠤᠷ ᠢ ᠪᠠᠶᠢᠭᠤᠯᠬᠤ ᠪᠠᠷ ᠳᠠᠮᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠤᠨ ᠪᠠᠲᠤ ᠴᠢᠩᠭ᠎ᠠ ᠨᠡᠶᠢᠯᠡᠯ ᠬᠦᠴᠦᠨ ᠢ  ᠪᠦᠷᠢᠯᠳᠣᠭᠦᠯᠪᠡ᠃  ︵ᠬᠦᠬᠡᠬᠤᠳᠠ ᠶᠢᠨ ᠡᠳᠣᠷ ᠰᠣᠨᠢᠨ ᠤ  ᠰᠤᠷᠪᠤᠯᠵᠢᠯᠠᠭᠴᠢ ᠮᠢᠶᠣᠣ ᠴᠢᠩ ᠳᠠᠳᠤᠯᠭ᠎ᠠ ᠶᠢᠨ ᠰᠤᠷᠤᠭᠴᠢ  ᠱᠧᠨ ᠵᠢᠶᠠᠩ ᠵᠢᠶᠠᠩ︶  http://mongol.people.com.cn/15825890.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ