| | | | 9 ᠳ᠋ᠦ᠋ᠭᠡᠷ ᠰᠠᠷ᠎ᠠ ᠶᠢᠨ 2 ᠤᠨ ᠡᠳᠦᠷ᠂ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠶ ᠹᠧᠨ ᠪᠢᠩ ᠪᠦᠯᠬᠦᠮ | ᠳᠠᠭᠠᠭᠤᠯᠤᠭᠰᠠᠨ ᠪᠠᠶᠢᠴᠠᠭᠠᠨ ᠰᠤᠳᠤᠯᠬᠤ ᠳᠤᠭᠤᠶᠢᠯᠠᠩ ᠬᠠᠷᠢᠶ᠎ᠠ ᠲᠤᠭᠤᠷᠢᠭ ᠤᠨ ᠡᠯ᠎ᠡ ᠭᠠᠵᠠᠷ ᠤᠨ ᠲᠦᠯᠡᠰᠢᠨ | ᠨᠡᠭᠦᠷᠡᠰᠦ ᠴᠡᠪᠡᠷᠰᠢᠭᠦᠯᠦᠭᠰᠡᠨ ᠠᠵᠢᠯ ᠢ ᠥᠷᠨᠢᠭᠦᠯᠦᠭᠰᠡᠨ ᠪᠠᠶᠢᠳᠠᠯ ᠳᠤ ᠲᠤᠬᠠᠶ ᠶᠢᠨ ᠭᠠᠵᠠᠷ ᠲᠤᠨᠢ ᠪᠠᠶᠢᠴᠠᠭᠠᠨ | ᠰᠤᠳᠤᠯᠤᠯᠲᠠ ᠬᠢᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠬᠠᠶ ᠳ᠋ᠦᠩ ᠵᠠᠮ ᠤᠨ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ᠂ ᠰᠢᠯᠢ ᠶᠢᠨ ᠬᠤᠶᠢᠲᠤ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ | ᠪᠠᠷᠠᠭᠤᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠥᠩ ᠱᠠᠨ ᠵᠡᠭᠦᠨ ᠵᠠᠮ ᠤᠨ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠳ᠋ᠦᠩ ᠹᠧᠩ ᠵᠠᠮ ᠤᠨ ᠬᠡᠷᠡᠭ ᠡᠷᠬᠢᠯᠡᠬᠦ ᠭᠠᠵᠠᠷ᠂ ᠴᠢᠩᠭᠢᠰ ᠬᠠᠭᠠᠨ ᠤ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠤᠴᠢᠨ ᠤᠭᠲᠤᠬᠤ ᠰᠢᠨ᠎ᠡ ᠵᠠᠮ ᠤᠨ ᠬᠡᠷᠡᠭ ᠡᠷᠬᠢᠯᠡᠬᠦ ᠭᠠᠵᠠᠷ | ᠵᠡᠷᠭᠡ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠡᠶ᠃ ᠪᠠᠶᠢᠴᠠᠭᠠᠨ ᠰᠤᠳᠤᠯᠬᠤ ᠳᠤᠭᠤᠶᠢᠯᠠᠩ ᠨᠢ | ᠠᠵᠢᠯᠲᠠᠨ᠂ ᠬᠠᠷᠢᠶ᠎ᠠ ᠲᠤᠭᠤᠷᠢᠭ ᠤᠨ ᠰᠠᠭᠤᠭᠠᠯᠢ ᠠᠷᠠᠳ ᠵᠢᠴᠢ ᠪᠠᠷᠢᠯᠭ᠎ᠠ ᠪᠠᠷᠢᠬᠤ ᠨᠢᠭᠡᠴᠡ ᠶᠢᠨ ᠠᠵᠢᠯᠲᠠᠨ ᠠᠴᠠ | ᠪᠣᠳᠠᠲᠠᠶ ᠴᠡᠪᠡᠷᠰᠢᠭᠦᠯᠬᠦ ᠠᠷᠭ᠎ᠠ ᠮᠠᠶ᠋ᠢᠭ᠂ ᠪᠠᠷᠢᠯᠭ᠎ᠠ ᠪᠠᠷᠢᠬᠤ ᠠᠬᠢᠴᠠ᠂ ᠪᠠᠷᠢᠯᠭ᠎ᠠ ᠶᠢᠨ ᠬᠤᠭᠤᠴᠠᠭ᠎ᠠ ᠬᠢᠵᠠᠭᠠᠷ ᠵᠢᠴᠢ | ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠵᠢᠭᠠᠵᠤ ᠭᠠᠷᠭᠠᠭᠰᠠᠨ ᠨᠢ᠂ ᠲᠦᠯᠡᠰᠢᠨ ᠨᠡᠭᠦᠷᠡᠰᠦ ᠶᠢ ᠴᠡᠪᠡᠷᠰᠢᠭᠦᠯᠬᠦ | ᠪᠣᠯ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠪᠠᠶᠢᠵᠤ᠂ ᠰᠠᠭᠤᠭᠠᠯᠢ ᠠᠷᠠᠳ ᠤᠨ ᠡᠪᠦᠯ ᠢ ᠨᠡᠩ ᠳᠤᠯᠠᠭᠠᠨ᠂ | ᠨᠡᠩ ᠰᠠᠨᠠᠭ᠎ᠠ ᠠᠮᠤᠷ ᠦᠩᠭᠡᠷᠡᠭᠦᠯᠬᠦ ᠪᠠᠷ ᠪᠠᠷᠠᠬᠤ ᠦᠭᠡᠢ᠂ ᠠᠭᠠᠷ ᠮᠠᠨᠳᠠᠯ ᠤᠨ ᠪᠣᠬᠢᠷᠲᠤᠯ ᠢ ᠵᠠᠰᠠᠬᠤ ᠳᠤ ᠪᠠᠰᠠ | ᠨᠢᠭᠡ ᠬᠤᠪᠢ ᠬᠦᠴᠦ ᠭᠠᠷᠭᠠᠵᠤ᠂ ᠬᠦᠬᠡᠬᠤᠲᠠ ᠶᠢᠨ ᠣᠭᠲᠠᠷᠭᠤᠢ ᠶᠢ ᠨᠡᠩ ᠬᠥᠬᠡ᠂ ᠤᠰᠤ ᠶᠢ ᠨᠠᠩ ᠲᠤᠩᠭᠠᠯᠠᠭ | ᠪᠣᠯᠭᠠᠨ᠎ᠠ᠃ ᠪᠠᠶᠢᠴᠠᠭᠠᠨ ᠰᠤᠳᠤᠯᠬᠤ ᠳᠤᠭᠤᠶᠢᠯᠠᠩ ᠴᠢᠬᠤᠯᠠᠴᠢᠯᠠᠬᠤ ᠳᠠᠭᠠᠨ᠂ ᠠᠭᠤᠷ ᠠᠮᠢᠰᠬᠤᠯ ᠨᠢᠭᠡᠨᠲᠡ | ᠰᠡᠷᠢᠭᠦᠨ ᠪᠣᠯᠵᠤ ᠡᠬᠢᠯᠡᠪᠡ᠂ ᠶᠠᠰᠤ ᠴᠢᠨᠠᠷ ᠢ ᠪᠠᠲᠤᠯᠠᠬᠤ ᠶᠢᠨ ᠬᠠᠮᠲᠤ ᠪᠠᠷᠢᠯᠭ᠎ᠠ ᠶᠢᠨ ᠠᠬᠢᠴᠠ ᠶᠢ ᠴᠢᠩᠭ᠎ᠠ | ᠠᠳᠬᠤᠵᠤ᠂ ᠰᠠᠭᠤᠭᠠᠯᠢ ᠠᠷᠠᠳ ᠤᠨ ᠳᠤᠯᠠᠭᠠᠨ ᠢᠶᠠᠷ ᠡᠪᠦᠯᠵᠢᠬᠦ ᠶᠢ ᠪᠠᠲᠤᠯᠠᠬᠤ ᠬᠡᠷᠡᠭᠲᠡᠶ ᠭᠡᠪᠡ᠃ |