ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠱᠠ ᠱᠠ︶ 9 ᠰᠠᠷ᠎ᠠ ᠶᠢᠨ | 2 ᠤᠨ ᠡᠳᠦᠷ᠂ ᠰᠤᠷᠪᠤᠯᠵᠢᠯᠠᠭᠴᠢ ᠬᠤᠲᠠ ᠶᠢᠨ ᠠᠷᠠᠳ ᠤᠨ ᠵᠥᠪᠯᠡᠯ ᠠᠴᠠ ᠣᠶᠢᠯᠠᠭᠠᠭᠰᠠᠨ ᠢᠶᠠᠷ᠂ ᠬᠥᠬᠡᠬᠤᠲᠠ | ︽ᠬᠥᠬᠡᠬᠤᠲᠠ ᠶᠢᠨ 37 ᠳ᠋ᠤᠭᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ | ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠪᠥᠬᠦ ᠬᠤᠲᠠ ᠶᠢᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠠᠵᠢᠯ ᠤᠨ ᠲᠤᠬᠠᠶ ᠪᠠᠶᠢᠷᠢᠯᠠᠭᠤᠯᠤᠯᠲᠠ ᠬᠢᠪᠠ᠃ | ᠣᠶᠢᠯᠠᠭᠠᠭᠰᠠᠨ ᠢᠶᠠᠷ᠂ ᠡᠨᠡ ᠵᠢᠯ ᠤᠨ 9 ᠰᠠᠷ᠎ᠠ ᠪᠣᠯ ᠬᠥᠬᠡᠬᠤᠲᠠ ᠶᠢᠨ 37 ᠳ᠋ᠤᠭᠠᠷ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠪᠣᠯᠤᠨ᠎ᠠ᠂ ᠡᠨᠡ ᠵᠢᠯ ᠤᠨ ᠠᠵᠢᠯᠯᠠᠭᠠᠨ ᠤ ᠰᠠᠷ᠎ᠠ ᠨᠢ ︽ | ᠦᠨᠳᠦᠰᠦᠲᠡᠨ ᠤ ᠪᠦᠯᠬᠦᠮᠳᠡᠯ ᠶᠠᠳᠠᠭᠠᠣ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠵᠦ | ᠂ ᠦᠨᠳᠦᠰᠦᠲᠡᠨ ᠨᠦᠭᠦᠳ ᠤᠨ ᠠᠷᠠᠳ ᠲᠦᠮᠡᠨ ᠭᠠᠷ ᠬᠤᠯᠪᠣᠨ ᠬᠠᠮᠲᠤᠪᠠᠷ ᠴᠢᠨᠡᠭᠡᠯᠢᠭᠵᠢᠬᠦ︾ ᠪᠠᠷ ᠭᠤᠤᠯ ᠰᠡᠳᠦᠪ | ᠪᠣᠯᠭᠠᠵᠤ᠂ ᠲᠤᠯᠤᠭᠠᠨ ᠲᠠᠯ᠎ᠠ ᠪᠠᠷ ᠭᠤᠤᠯᠳᠠᠯᠭ᠎ᠠ ᠲᠠᠢ ᠬᠦᠴᠦᠲᠡᠶ ᠳᠥᠯᠭᠢᠨ ᠠᠬᠢᠭᠤᠯᠤᠨ᠎ᠠ᠄ ᠨᠢᠭᠡ ᠳᠤ ᠪᠥᠬᠦ | ᠬᠤᠲᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠳᠤ ᠶᠡᠷᠦᠩᠬᠡᠶ ᠱᠦᠵᠢ | ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠬᠤ ᠬᠤᠷᠠᠯ ᠢ ᠨᠢᠭᠡ | ᠤᠳᠠᠭ᠎ᠠ ᠦᠷᠨᠢᠬᠦᠯᠣᠨᠡ︔ ᠬᠤᠶᠠᠷ ᠲᠤ ᠡᠯ᠎ᠡ ᠭᠠᠵᠠᠷ ᠣᠷᠣᠨ᠂ ᠡᠯ᠎ᠡ ᠨᠢᠭᠡᠴᠢ ᠶᠢᠨ ᠺᠠᠳ᠋ᠷ ᠠᠵᠢᠯᠳᠠᠨ | ᠠᠵᠢᠯᠴᠢᠨ ᠤ ᠳᠤᠮᠳᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ | ᠪᠣᠯᠭᠠᠬᠤ︾ ᠪᠠᠷ ᠭᠤᠤᠯ ᠰᠡᠳᠦᠪ ᠪᠣᠯᠭᠠᠭᠰᠠᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠨᠢᠭᠡ ᠤᠳᠠᠭ᠎ᠠ | ᠦᠷᠨᠢᠬᠦᠯᠣᠨᠡ︔ ᠭᠤᠷᠪᠠ ᠳᠤ ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ | ᠬᠠᠤᠯᠢ ᠴᠠᠭᠠᠵᠠ ᠶᠢᠨ ᠪᠦᠯᠬᠦᠮ ᠳᠤ ︽ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠶᠢ | ᠤᠬᠠᠭᠤᠯᠬᠤ ᠠᠵᠢᠯᠯᠠᠭ᠎ᠠ ᠶᠢ ᠨᠢᠭᠡ ᠤᠳᠠᠭ᠎ᠠ ᠦᠷᠨᠢᠬᠦᠯᠣᠨᠡ︔ ᠲᠦᠷᠪᠡ ᠳᠤ᠂ ᠶᠡᠭᠡ ᠳᠡᠭᠡᠳᠦ ᠰᠤᠷᠭᠠᠭᠤᠯᠢ᠂ | ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ︽ ᠲᠣᠮᠳᠠᠳᠣ ᠤᠯᠤᠰ ᠢᠶᠠᠨ ᠬᠠᠶᠢᠷᠠᠯᠠᠬᠤ | ᠦᠵᠡᠯ ᠢ ᠬᠡᠦᠬᠡᠳ ᠨᠢᠭᠡᠪᠦᠷᠢ ᠶᠢᠨ ᠰᠡᠳᠬᠢᠯ ᠤᠨ ᠭᠦᠨ ᠳᠤ ᠬᠠᠲᠠᠩᠰᠢᠭᠤᠯᠬᠤ︾ ᠦᠨᠳᠦᠰᠦᠲᠡᠨ ᠤ ᠪᠦᠯᠬᠦᠮᠳᠡᠯ ᠤᠨ | ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠦᠷᠨᠢᠬᠦᠯᠣᠨᠡ︔ ᠲᠠᠪᠤ ᠳᠤ᠂ ︽ᠦᠨᠳᠦᠰᠦᠲᠡᠨ ᠤ ᠪᠦᠯᠬᠦᠮᠳᠡᠯ | ᠳᠠᠪᠰᠢᠯᠲᠠ︾ ᠶᠢᠨ ᠲᠣᠭᠤᠷᠢᠨ ᠳᠤ ᠡᠯ᠎ᠡ ᠠᠷᠠᠳᠴᠢᠯᠠᠭᠰᠠᠨ ᠨᠠᠮ ᠪᠦᠯᠦᠭ ᠪᠠ ᠡᠯ᠎ᠡ ᠳᠠᠪᠬᠤᠷᠭ᠎ᠠ᠂ ᠡᠯ᠎ᠡ | ᠦᠨᠳᠦᠰᠦᠲᠡᠨ᠂ ᠱᠠᠰᠢᠨ ᠰᠤᠷᠲᠠᠬᠤᠨ ᠤ ᠡᠲᠡᠭᠡᠳ ᠤᠨ ᠲᠥᠯᠥᠭᠡᠯᠡᠭᠴᠢ ᠬᠥᠮᠦᠰ ᠢ ᠣᠷᠢᠵᠣ ᠨᠢᠭᠡ ᠤᠳᠠᠭ᠎ᠠ | ᠶᠠᠷᠢᠯᠴᠠᠬᠤ ᠬᠤᠷᠠᠯ ᠬᠤᠷᠠᠯᠳᠤᠭᠤᠯᠪᠠ᠃ ᠰᠤᠳᠤᠯᠤᠨ ᠶᠠᠷᠢᠯᠴᠠᠭᠰᠠᠨ ᠦᠷ᠎ᠡ ᠪᠦᠲᠦᠭᠡᠯ ᠢ ᠲᠧᠯᠸᠢᠰ᠂ ᠰᠣᠨᠢᠨ᠂ | ᠰᠦᠯᠵᠢᠶᠡᠨ ᠳᠡᠭᠡᠷ᠎ᠡ ᠣᠬᠠᠭᠤᠯᠭ᠎ᠠ ᠬᠢᠨ᠎ᠡ ︔ ᠵᠢᠷᠭᠤᠭ᠎ᠠ ᠳᠤ ᠪᠦᠬᠦ ᠬᠤᠲᠠ ᠶᠢᠨ ᠡᠯ᠎ᠡ ᠰᠢᠶᠠᠩ ᠪᠠᠯᠭᠠᠰᠤ᠂ | ᠵᠡᠭᠡᠯᠢ ᠭᠤᠳᠤᠮᠵᠢ᠂ ᠬᠥᠳᠡᠭᠡ ᠲᠣᠰᠬᠤᠨ᠂ ᠨᠡᠶᠢᠬᠡᠮ ᠲᠣᠭᠤᠷᠢᠭ ᠲᠤ᠂ ᠨᠢᠭᠡ ᠤᠳᠠᠭᠠᠨ ᠤ ᠦᠨᠳᠦᠰᠦᠲᠡᠨ ᠤ | ᠪᠦᠯᠬᠦᠮᠳᠡᠯ ᠤᠨ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ | ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠤᠷᠢᠶ᠎ᠠ ᠯᠣᠽᠦ᠋ᠩ ᠨᠠᠭᠠᠬᠤ᠂ ᠬᠥᠨᠳᠡᠯᠡᠨ ᠪᠢᠴᠢᠭᠡᠰᠦ ᠡᠯᠭᠦᠬᠦ᠂ | LED ᠳᠡᠯᠭᠡᠴᠡ ᠵᠡᠷᠭᠡ ᠠᠴᠢᠶᠠᠯᠠᠪᠤᠷᠢ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠥᠷᠭᠡᠨ ᠢᠶᠠᠷ | ᠣᠬᠠᠭᠤᠯᠣᠨ᠎ᠠ︔ ᠳᠣᠯᠤᠭ᠎ᠠ ᠳᠤ ᠨᠠᠮ ᠤᠨ ᠪᠠᠶᠢᠭᠤᠯᠤᠯᠲᠠ ᠪᠠᠷ ᠨᠡᠶᠢᠭᠡᠮ ᠤᠨ ᠵᠠᠰᠠᠯᠲᠠ ᠶᠢ ᠬᠥᠲᠥᠯᠥᠨ ᠳᠠᠭᠠᠭᠤᠯᠵᠤ | ᠂ ᠬᠤᠲᠠ ᠶᠢᠨ ᠦᠨᠳᠦᠰᠦᠲᠡᠨ ᠤ ᠠᠵᠢᠯ ᠪᠠ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠦᠨ ᠠᠮᠠ ᠶᠢᠨ | ᠣᠶᠢᠯᠡᠴᠢᠯᠡᠭᠡ ᠬᠠᠮᠢᠶᠠᠷᠣᠯᠳᠠ ᠶᠢ ᠦᠷᠭᠦᠯᠵᠢᠯᠡᠨ ᠰᠠᠶᠢᠲᠤᠷ ᠬᠢᠨ᠎ᠡ᠃ | ᠡᠭᠦᠨ ᠤ ᠬᠠᠮᠲᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠨᠦᠭᠦᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠪᠣᠯᠤᠨ | ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠵᠦ᠂ ᠴᠥᠭᠡᠨ ᠲᠣᠭᠠᠲᠤ ᠦᠨᠳᠦᠰᠦᠲᠡᠨ ᠪᠣᠯᠤᠨ ᠴᠥᠭᠡᠨ | ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭ᠎ᠠ ᠭᠠᠵᠠᠷ ᠣᠷᠣᠨ ᠤ ᠶᠠᠳᠠᠭᠤ ᠠᠴᠠ ᠠᠩᠭᠢᠵᠢᠷᠠᠵᠤ ᠴᠢᠨᠡᠭᠡᠯᠢᠭᠵᠢᠬᠦ | ᠠᠯᠬᠤᠴᠠ ᠶᠢ ᠲᠦᠷᠬᠡᠳᠬᠡᠨ᠎ᠡ᠃ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠴᠥᠭᠡᠨ ᠲᠣᠭᠠᠲᠤ ᠦᠨᠳᠦᠰᠦᠲᠡᠨ | ᠲᠥᠪᠯᠡᠷᠡᠨ ᠰᠠᠭᠤᠷᠢᠰᠢᠭᠰᠠᠨ ᠲᠣᠰᠬᠤᠨ ᠳᠤ ᠭᠦᠨᠵᠡᠭᠡᠶᠢᠷᠡᠵᠦ᠂ ︽ᠵᠢᠷᠭᠤᠭ᠎ᠠ ᠶᠢ ᠪᠠᠲᠤᠯᠠᠬᠤ︾ ︽ᠵᠢᠷᠭᠤᠭ᠎ᠠ ᠶᠢ | ᠲᠣᠭᠲᠠᠭᠤᠨ ᠪᠠᠶᠢᠯᠭᠠᠬᠤ︾ ᠠᠵᠢᠯ ᠢ ᠰᠠᠶᠢᠲᠤᠷ ᠬᠢᠬᠦ ᠲᠣᠭᠤᠷᠢᠨ ᠳᠤ᠂ ᠦᠨᠳᠦᠰᠦᠲᠡᠨ ᠨᠦᠭᠦᠳ ᠤᠨ ᠣᠯᠠᠨ | ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ᠂ ᠬᠦᠴᠢᠷ ᠠᠰᠠᠭᠤᠳᠠᠯ ᠢ ᠰᠢᠢᠳᠪᠣᠷᠢᠯᠡᠬᠦ ᠠᠵᠢᠯᠯᠠᠭ᠎ᠠ ᠶᠢ ᠢᠳᠡᠪᠬᠢᠲᠡᠶ | ᠵᠣᠬᠢᠶᠠᠨ ᠪᠠᠶᠢᠭᠤᠯᠤᠨ ᠥᠷᠨᠢᠭᠦᠯᠵᠦ᠂ ᠢᠯᠠᠩᠭᠤᠶ᠎ᠠ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠳᠤ | ᠲᠤᠯᠭᠠᠷᠠᠵᠤ ᠪᠠᠶᠢᠭ᠎ᠠ ᠠᠵᠢᠯ ᠣᠯᠭᠤᠯᠲᠠ᠂ ᠰᠣᠷᠭᠠᠨ ᠬᠥᠮᠦᠵᠢᠯ᠂ ᠡᠮ ᠡᠮᠨᠡᠯᠭᠡ ᠵᠡᠷᠭᠡ ᠬᠦᠴᠢᠷ ᠠᠰᠠᠭᠤᠳᠠᠯ ᠢ | ᠨᠠᠷᠢᠨ ᠬᠢᠨᠠᠮᠠᠭᠠᠶ ᠰᠤᠳᠤᠯᠤᠨ ᠰᠡᠢᠳᠪᠦᠷᠢᠯᠡᠵᠦ ᠦᠭᠭᠦᠨ᠎ᠡ ᠃ ᠴᠥᠭᠡᠨ ᠲᠣᠭᠠᠲᠤ ᠦᠨᠳᠦᠰᠦᠲᠡᠨ ᠤ ᠨᠡᠭᠦᠳᠡᠯ | ᠬᠥᠮᠦᠨ ᠠᠮᠠ ᠶᠢᠨ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠢᠳᠡᠪᠬᠢᠳᠠᠢ ᠰᠠᠶᠢᠲᠤᠷ ᠬᠢᠵᠦ᠂ ᠦᠨᠡᠮᠯᠡᠯ ᠢᠶᠠᠨ | ᠳᠠᠩᠰᠠᠯᠠᠬᠤ᠂ ᠠᠵᠢᠯ ᠣᠯᠭᠤᠬᠤ᠂ ᠦᠷ᠎ᠡ ᠬᠡᠤᠬᠡᠳ ᠤᠨ ᠬᠢᠨᠢ ᠰᠤᠷᠭᠠᠭᠤᠯᠢ ᠳᠤ ᠣᠷᠣᠬᠤ᠂ ᠬᠠᠤᠯᠢ ᠴᠠᠭᠠᠵᠠ | ᠶᠢᠨ ᠲᠤᠰᠠᠯᠠᠮᠵᠢ ᠦᠵᠡᠭᠦᠯᠬᠦ ᠵᠡᠷᠭᠡ ᠲᠠᠯ᠎ᠠ ᠪᠠᠷ ᠵᠣᠬᠢᠴᠠᠭᠤᠯᠭ᠎ᠠ ᠪᠠᠨ ᠴᠢᠩᠭᠠᠳᠬᠠᠵᠤ ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠪᠠᠳᠤᠵᠢᠭᠤᠯᠤᠨ᠂ᠣᠷᠣᠨ ᠤ ᠲᠥᠪ ᠬᠤᠲᠠ ᠶᠢᠨ | ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠤ ᠣᠶᠤᠨ ᠰᠠᠨᠠᠭᠠᠨ ᠤ ᠬᠦᠴᠦᠨ ᠢ ᠨᠢᠭᠲᠠᠷᠠᠭᠤᠯᠣᠨᠠ᠃ | http://mongol.people.com.cn/15823082.html |