ᠰᠦᠨ ᠵᠢᠶᠠᠨ ᠬᠤᠸᠠ ᠣᠷᠣᠯᠴᠠᠪᠠ | ︵ᠰᠤᠷᠪᠤᠯᠵᠢᠯᠠᠭᠴᠢ ᠹᠧᠩ ᠶᠠᠨ ᠫᠢᠩ︶ 9 ᠳ᠋ᠦ᠋ᠭᠡᠷ ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ | ᠯᠢ ᠰᠢᠶᠠ ᠮᠠᠨ ᠤ ᠬᠤᠲᠠ ᠶᠢᠨ ᠠᠷᠠᠳᠴᠢᠯᠠᠭᠰᠠᠨ ᠨᠠᠮ ᠪᠦᠯᠦᠭ᠂ ᠠᠵᠤ ᠦᠢᠯᠡᠳᠪᠦᠷᠢ ᠬᠤᠳᠠᠯᠳᠤᠭᠠᠨ ᠤ | ᠬᠤᠯᠪᠣᠭᠠᠨ ᠤ ᠠᠵᠢᠯ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠰᠤᠷᠪᠤᠯᠵᠢᠯᠠᠬᠤ ᠳᠠᠭᠠᠨ | ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠨᠬᠦ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ︽ᠳᠥᠷᠪᠡᠨ ᠤᠬᠠᠮᠰᠠᠷ︾ ᠢ ᠴᠢᠩᠭᠠᠳᠬᠠᠨ᠂ | ︽ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠤᠶᠢᠪᠢᠰᠢ ᠦᠭᠡᠢ ᠨᠠᠶᠢᠳᠠᠪᠤᠷᠢᠵᠢᠭᠤᠯᠤᠨ᠂ ᠤᠭ | ᠰᠠᠨᠠᠭ᠎ᠠ ᠪᠠᠨ ᠥᠯᠥ ᠮᠠᠷᠲᠠᠨ᠂ ᠭᠠᠷ ᠢᠶᠠᠨ ᠬᠤᠯᠪᠣᠨ ᠬᠠᠮᠲᠤ ᠠᠶᠠᠯᠠᠵᠤ᠂ ᠲᠥᠪ ᠬᠤᠲᠠ ᠶᠢᠨ ᠠᠵᠤ ᠠᠬᠤᠢ | ᠨᠡᠶᠢᠭᠡᠮ ᠤᠨ ᠬᠥᠭᠵᠢᠯᠲᠡ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠬᠤᠪᠢ ᠨᠡᠮᠡᠷᠢ ᠪᠠᠨ ᠦᠵᠡᠭᠦᠯᠦᠶ᠎ᠡ | ᠭᠡᠪᠡ᠃ | ᠬᠥᠬᠡᠬᠤᠲᠠ ᠶᠢᠨ ᠠᠷᠠᠳᠴᠢᠯᠠᠭᠰᠠᠨ ᠨᠠᠮ ᠪᠦᠯᠦᠭ ᠤᠨ ᠠᠰᠠᠷ ᠲᠤ᠂ ᠸᠠᠩ ᠯᠢ ᠰᠢᠶᠠ ᠡᠯ᠎ᠡ | ᠠᠷᠠᠳᠴᠢᠯᠠᠭᠰᠠᠨ ᠨᠠᠮ ᠪᠦᠯᠦᠭ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠲᠡᠦᠬᠡ ᠵᠢᠴᠢ | ᠠᠵᠢᠯ ᠥᠷᠨᠢᠭᠦᠯᠦᠭᠰᠡᠨ ᠪᠠᠶᠢᠳᠠᠯ ᠢ ᠨᠠᠷᠢᠨ ᠬᠢᠨᠠᠮᠠᠭᠠᠢ ᠲᠣᠭᠤᠷᠢᠨ ᠦᠵᠡᠵᠦ ᠨᠠᠷᠢᠨ ᠰᠣᠨᠣᠰᠤᠭᠰᠠᠨ ᠪᠥᠭᠡᠳ | ᠬᠤᠲᠠ ᠶᠢᠨ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠯᠪᠠᠨ ᠭᠡᠷ ᠲᠤ ᠣᠷᠣᠵᠤ᠂ ᠬᠥᠬᠡᠬᠤᠲᠠ ᠶᠢᠨ | ᠵᠠᠰᠠᠭ ᠠᠵᠤ ᠠᠬᠤᠶᠢᠯᠠᠯ ᠤᠨ ︽ᠰᠡᠳᠬᠢᠯ ᠤᠨ ᠬᠥᠭᠦᠷᠭᠡ︾ ᠶᠡᠷᠦᠩᠬᠡᠶᠢᠯᠡᠭᠰᠡᠨ ᠦᠢᠯᠡᠴᠢᠯᠡᠭᠡ ᠶᠢᠨ ᠲᠠᠪᠴᠠᠩ ᠤᠨ | ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ | ᠸᠠᠩ ᠯᠢ ᠰᠢᠶᠠ ᠵᠢᠭᠠᠬᠤ ᠳᠠᠭᠠᠨ᠂ ᠣᠳᠣᠬᠠᠨ ᠳᠤ᠂ ᠪᠦᠬᠦ ᠬᠤᠲᠠ ᠪᠠᠷ ᠢᠶᠠᠨ ᠶᠡᠷᠦᠩᠬᠡᠢ ᠱᠦᠵᠢ ᠰᠢ ᠶᠢᠨ | ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ | ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ | ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠵᠢᠷᠭᠤᠭ᠎ᠠ ᠶᠢ | ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ | ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠡᠷᠡᠰ ᠰᠢᠭᠤᠷᠬᠠᠢ ᠬᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠰᠢᠢᠳᠪᠦᠷᠢᠲᠡᠢ ᠪᠡᠶᠡᠯᠡᠭᠦᠯᠵᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠬᠠᠷᠠᠯᠲᠠ ᠶᠢ ᠪᠡᠶᠡᠯᠡᠭᠦᠯᠬᠦ ᠰᠢᠢᠳᠪᠦᠷᠢᠲᠦ ᠳᠠᠶᠢᠨ ᠢ ᠬᠢᠵᠦ | ᠪᠠᠶᠢᠨ᠎ᠠ ᠭᠡᠪᠡ᠃ | ᠸᠠᠩ ᠯᠢ ᠰᠢᠶᠠ ᠴᠢᠬᠤᠯᠠᠴᠢᠯᠠᠭᠰᠠᠨ ᠨᠢ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠵᠤ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠳᠤᠷᠠᠳᠤᠭᠰᠠᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ | ᠪᠠ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠲᠤ ᠪᠠᠬᠢ ᠪᠠᠶᠢᠭᠤᠯᠬᠤ | ᠴᠢᠬᠤᠯᠠ ᠨᠠᠶᠢᠳᠠᠯᠭ᠎ᠠ ᠶᠢ ᠴᠢᠩᠭ᠎ᠠ ᠴᠡᠭᠡᠵᠢᠯᠡᠵᠦ᠂ ᠪᠦᠲᠦᠭᠡᠯᠴᠢ ᠲᠥᠪ ᠬᠤᠲᠠ᠂ ᠴᠢᠨᠠᠷᠯᠢᠭ ᠲᠥᠪ ᠬᠤᠲᠠ᠂ ᠠᠮᠢ | ᠠᠬᠤᠢ ᠶᠢᠨ ᠲᠥᠪ ᠬᠤᠲᠠ᠂ ᠵᠣᠯ ᠵᠢᠷᠭᠠᠯᠲᠤ ᠲᠥᠪ ᠬᠤᠲᠠ᠂ ᠰᠣᠶᠣᠯ ᠤᠨ ᠲᠥᠪ ᠬᠤᠲᠠ ᠶᠢ ᠪᠠᠶᠢᠭᠤᠯᠬᠤ ᠶᠢᠨ | ᠲᠣᠭᠤᠷᠢᠨ ᠳᠤ ᠵᠠᠰᠠᠭ ᠲᠤ ᠣᠷᠣᠯᠴᠠᠵᠤ ᠵᠠᠰᠠᠭ ᠲᠤ ᠵᠥᠪᠯᠡᠬᠦ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ | ᠭᠦᠨᠵᠡᠭᠡᠢ ᠰᠤᠳᠤᠯᠤᠨ ᠪᠠᠶᠢᠴᠠᠭᠠᠯᠲᠠ ᠬᠢᠵᠦ᠂ ᠳᠡᠭᠡᠷ᠎ᠡ ᠳᠣᠣᠷ᠎ᠠ ᠬᠤᠯᠪᠣᠭᠠᠯᠠᠨ ᠬᠥᠳᠡᠯᠦᠯᠴᠡᠵᠦ᠂ ᠨᠠᠮ ᠪᠦᠯᠦᠭ | ᠬᠠᠮᠲᠤᠷᠠᠨ᠂ ᠠᠷᠠᠳ ᠲᠦᠮᠡᠨ ᠳᠤ ᠦᠢᠯᠡᠴᠢᠯᠡᠬᠦ ᠳᠤ ᠲᠤᠰᠠᠯᠠᠬᠤ ᠳᠡᠭᠡᠷ᠎ᠡ ᠠᠩᠬᠠᠷᠤᠨ ᠬᠦᠴᠦᠯᠡᠵᠦ᠂ | ᠬᠠᠷᠢᠭᠤᠴᠠᠯᠭ᠎ᠠ ᠪᠠᠨ ᠭᠦᠢᠴᠡᠳᠬᠡᠨ ᠨᠡᠮᠡᠷᠢ ᠦᠵᠡᠭᠦᠯᠵᠦ᠂ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠪᠡ | ᠃ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠦᠨ ᠵᠢᠶᠠᠨ ᠬᠤᠸᠠ᠂ ᠬᠤᠲᠠ ᠶᠢᠨ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠦ᠋ ᠸᠧᠨ ᠮᠢᠩ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠣᠷᠣᠯᠴᠠᠪᠠ᠃ |