ᠬᠥᠬᠡᠬᠤᠲᠠ ᠶᠢᠨ ᠰᠢᠯᠵᠢᠮᠡᠯ ᠬᠤᠯᠪᠣᠭ᠎ᠠ ᠨᠢ ᠰᠦᠯᠵᠢᠶ᠎ᠡ ᠪᠠᠷ ᠶᠠᠳᠠᠭᠤ ᠶᠢ ᠲᠡᠳᠬᠦᠬᠦ ᠵᠠᠮ ᠳᠡᠭᠡᠷ᠎ᠡ ᠡᠷᠡᠰ ᠪᠠᠲᠤ ᠣᠷᠣᠭᠰᠢᠯᠠᠵᠣ ᠪᠠᠶᠢᠨ᠎ᠠ
ᠨᠡᠶᠢᠲᠡᠯᠡᠭᠰᠡᠨ ᠴᠠᠭ᠄
2020/9/4
      ᠢᠨᠲ᠋ᠧᠷ ᠰᠦᠯᠵᠢᠶ᠎ᠡ ᠨᠢᠰᠬᠦ ᠮᠡᠲᠦ ᠲᠦᠷᠭᠡᠨ ᠬᠥᠭᠵᠢᠵᠦ  ᠪᠠᠶᠢᠭ᠎ᠠ ᠡᠨᠡ ᠬᠦ ᠴᠠᠭ ᠣᠶᠢᠶ᠎ᠠ ᠳᠤ ᠰᠦᠯᠵᠢᠶ᠎ᠡ ᠨᠡᠪᠲᠡᠷᠡᠬᠦ ᠨᠢ ᠨᠢᠭᠡᠨᠲᠡ ᠰᠢᠨ᠎ᠡ ᠴᠢᠬᠤᠯᠠ ᠰᠠᠭᠤᠷᠢ ᠲᠥᠬᠦᠭᠡᠷᠦᠮᠵᠢ ᠪᠠ ᠬᠥᠭᠵᠢᠯᠲᠡ ᠶᠢᠨ ᠬᠤᠯᠪᠣᠭᠠᠰᠤ ᠪᠣᠯᠤᠭᠰᠠᠨ ᠪᠠᠶᠢᠨ᠎ᠠ᠃      ᠬᠦᠬᠡᠬᠤᠳᠠ ᠶᠢᠨ ᠪᠤᠢ ᠪᠦᠬᠦᠢ ᠠᠶᠢᠯ ᠲᠣᠰᠬᠤᠨ ᠳᠤ ᠴᠥᠮ ᠰᠦᠯᠵᠢᠶᠡᠨ ᠤ ᠳᠥᠭᠦᠮ ᠳᠥᠲᠡ ᠶᠢ ᠡᠳᠡᠯᠡᠬᠦᠯᠬᠦ ᠶᠢᠨ ᠲᠥᠯᠥᠭᠡ᠂ ᠬᠥᠬᠡᠬᠤᠲᠠ ᠶᠢᠨ ᠰᠢᠯᠵᠢᠮᠡᠯ ᠬᠤᠯᠪᠣᠭ᠎ᠠ ᠪᠥᠬᠦ ᠬᠤᠲᠠ ᠶᠢᠨ ᠠᠶᠢᠯ ᠲᠣᠰᠬᠤᠨ ᠤ ᠰᠦᠯᠵᠢᠶᠡᠨ ᠤ ᠳᠣᠬᠢᠶ᠎ᠠ ᠶᠢ ᠬᠠᠮᠤᠷᠤᠭᠰᠠᠨ ᠪᠠᠶᠢᠳᠠᠯ ᠢ ᠤᠶᠢᠯᠠᠭᠠᠨ ᠵᠢᠭᠰᠠᠭᠠᠵᠤ᠂ ᠲᠤᠰᠬᠠᠶ ᠮᠡᠷᠭᠡᠵᠢᠯ ᠤᠨ ᠬᠠᠮᠠᠭᠠᠯᠠᠯᠲᠠ ᠶᠢᠨ ᠠᠵᠢᠯᠲᠠᠨ ᠢ ᠲᠣᠮᠢᠯᠠᠨ ᠲᠣᠭᠲᠠᠭᠰᠠᠨ ᠬᠤᠭᠤᠴᠠᠭ᠎ᠠ ᠲᠠᠢ ᠪᠠᠷ ᠲᠣᠰᠬᠤᠨ ᠳᠤ ᠰᠦᠯᠵᠢᠶᠡᠨ ᠤ ᠳᠣᠬᠢᠶᠠᠨ ᠤ ᠠᠰᠠᠭᠤᠳᠠᠯ ᠢ ᠰᠢᠢᠳᠪᠣᠷᠢᠯᠡᠪᠡ᠃ 2018 ᠣᠨ ᠠᠴᠠ ᠤᠳᠤ ᠪᠣᠯᠲᠠᠯ᠎ᠠ᠂ ᠨᠢᠭᠡᠨᠲᠡ ᠵᠠᠯᠭᠠᠭ᠎ᠠ ᠪᠠᠷ 4600 ᠭᠠᠷᠤᠶ ᠲᠦᠮᠡᠨ ᠲᠥᠭᠦᠷᠢᠭ ᠤᠨ ᠪᠡᠯᠡ ᠣᠷᠣᠭᠤᠯᠣᠯᠳᠠ ᠬᠢᠵᠦ᠂ ᠬᠥᠳᠡᠭᠡ ᠲᠣᠰᠬᠤᠨ ᠤ ᠣᠷᠣᠨ ᠪᠦᠰᠡ ᠳᠤ 2000 ᠭᠠᠷᠤᠶ ᠰᠠᠭᠤᠷᠢ  4G ᠥᠷᠲᠡᠭᠡ ᠪᠠᠶᠢᠭᠤᠯᠵᠤ᠂  10 ᠭᠠᠷᠤᠶ ᠶᠠᠳᠠᠭᠤ ᠬᠦᠴᠢᠷᠳᠡᠯᠲᠡᠶ ᠲᠣᠰᠬᠤᠨ ᠢ ᠬᠠᠪᠰᠤᠷᠤᠨ ︽ᠲᠣᠰᠬᠤᠨ ᠪᠣᠯᠭᠠᠨ ᠳᠤ ᠰᠦᠯᠵᠢᠶᠡᠨ ᠤ ᠲᠤᠬᠢᠶ᠎ᠠ ᠲᠠᠢ ᠪᠣᠯᠵᠤ  ᠂ ᠡᠷᠦᠬᠡ  ᠪᠣᠯᠭᠠᠨ ᠰᠦᠯᠵᠢᠶᠡᠨ ᠳᠤ ᠭᠠᠷᠴᠤ  ᠪᠣᠯᠬᠤ︾  ᠬᠦᠰᠡᠯ ᠡᠷᠡᠮᠡᠯᠵᠡᠯ   ᠢ  ᠪᠡᠶᠡᠯᠡᠬᠦᠯᠵᠠᠢ᠃      ᠠᠷᠠᠳ ᠢᠷᠭᠡᠳ ᠢ ᠰᠠᠨᠠᠭ᠎ᠠ ᠠᠮᠤᠷ ᠲᠣᠣᠷ  ᠰᠦᠯᠵᠢᠶ᠎ᠡ  ᠬᠡᠷᠡᠭᠯᠡᠬᠦᠯᠬᠦ  ᠶᠢᠨ ᠲᠥᠯᠥᠭᠡ᠂ ᠬᠥᠬᠡᠬᠤᠲᠠ ᠶᠢᠨ  ᠰᠢᠯᠵᠢᠮᠡᠯ ᠬᠤᠯᠪᠣᠭ᠎ᠠ ᠨᠢ ᠲᠤᠰᠬᠠᠶᠢᠯᠠᠨ ᠶᠠᠳᠠᠭᠤ ᠬᠦᠴᠢᠷᠳᠡᠯᠲᠡᠢ ᠲᠣᠰᠬᠤᠨ ᠤ ᠠᠷᠠᠳ ᠲᠤ 4  ᠵᠣᠶᠢᠯ ᠤᠨ ᠶᠠᠳᠠᠭᠤ ᠶᠢ ᠲᠡᠳᠬᠦᠬᠦ ᠲᠤᠰᠬᠠᠢ ᠵᠠᠷᠤᠳᠠᠯ ᠪᠠ 5 ᠨᠤᠭᠤᠯᠵᠤ ᠪᠤᠳᠤᠬᠤ ᠬᠠᠷᠠᠭᠠᠯᠵᠠᠯ ᠦᠵᠡᠭᠦᠯᠬᠦ ᠠᠵᠢᠯᠯᠠᠭ᠎ᠠ ᠶᠢ ᠶᠠᠪᠣᠭᠤᠯᠵᠣ᠂ ᠲᠣᠰᠬᠤᠨ ᠤ ᠠᠷᠠᠳ ᠤᠨ ᠰᠣᠩᠭᠤᠯᠲᠠ ᠳᠤ ᠲᠦᠬᠦᠮ ᠦᠵᠡᠭᠦᠯᠪᠡ︔ ᠡᠭᠦᠨ ᠤ ᠬᠠᠮᠲᠤ ᠪᠠᠰᠠ ᠣᠶᠤᠨᠴᠢ ᠦᠵᠦᠭᠦᠷ ᠲᠤ ᠬᠠᠷᠠᠭᠠᠯᠵᠠᠯ ᠦᠵᠡᠭᠦᠯᠵᠦ  ᠂  ᠬᠦᠷᠭᠡᠬᠦ ᠠᠵᠢᠯᠯᠠᠭ᠎ᠠ ᠶᠢ ᠲᠣᠭᠲᠠᠭᠠᠵᠤ᠂  ᠨᠦᠬᠦᠪᠣᠷᠢ ᠨᠢ  ᠬᠠᠮᠤᠭ   ᠤᠨ ᠦᠨᠳᠣᠷ ᠲᠡᠭᠡᠨ 50% ᠳᠤ ᠬᠦᠷᠴᠡᠶ᠃ ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠶᠠᠳᠠᠭᠤ ᠬᠦᠴᠢᠷᠳᠡᠯᠲᠡᠶ ᠡᠷᠦᠬᠡ ᠳᠤ ︽ᠦᠨ᠎ᠡ ᠲᠥᠯᠥᠪᠦᠷᠢ  ᠦᠬᠡᠢ ᠪᠠᠷ ᠲᠠᠷᠢᠶᠠᠯᠠᠩ ᠢ ᠲᠤᠰᠠᠯᠠᠵᠤ ᠶᠠᠳᠠᠭᠤ ᠶᠢ ᠲᠡᠳᠬᠦᠬᠦ ᠣᠶᠤᠨᠯᠢᠭ ᠭᠠᠷ ᠤᠲᠠᠰᠤᠨ ᠤ ᠠᠵᠢᠯᠯᠠᠭ᠎ᠠ︾ ᠳᠤ  ᠴᠢᠭᠯᠡᠭᠦᠯᠥᠨ᠂ ᠨᠡᠶᠢᠲᠡ 6400 ᠭᠠᠷᠤᠶ ᠭᠠᠷ ᠤᠲᠠᠰᠤ ᠲᠠᠷᠬᠠᠭᠠᠵᠤ᠂ 300 ᠲᠦᠮᠡᠨ ᠲᠥᠭᠦᠷᠢᠭ ᠤᠨ ᠮᠠᠰᠢᠨ ᠬᠤᠳᠠᠯᠳᠤᠨ ᠠᠪᠬᠤ ᠳᠤ  ᠨᠦᠬᠦᠪᠣᠷᠢ ᠥᠭᠴᠡᠶ᠃    ᠡᠭᠦᠨ ᠠᠴᠠ ᠭᠠᠳᠠᠨ᠎ᠠ᠂ ᠬᠥᠬᠡᠬᠤᠲᠠ ᠶᠢᠨ ᠰᠢᠯᠵᠢᠮᠡᠯ ᠬᠤᠯᠪᠣᠭ᠎ᠠ ᠨᠢ ᠠᠵᠢᠯᠲᠠᠨ ᠠᠵᠢᠯᠴᠢᠨ ᠤ ᠳᠣᠲᠣᠭᠠᠳᠤ ᠳᠠᠭᠠᠨ ᠬᠤᠳᠠᠯᠳᠤᠨ ᠠᠪᠬᠤ  ᠲᠠᠪᠴᠠᠩ ᠪᠠ ᠥᠪᠥᠷ ᠮᠣᠩᠭᠤᠯ ᠤᠨ ᠰᠢᠯᠵᠢᠮᠡᠯ ᠬᠤᠯᠪᠣᠭᠠᠨ ᠤ ︽ᠬᠠᠷ᠎ᠠ ᠺᠠᠷᠲ PLUS︾ ᠤᠨ ᠥᠪᠡᠷ ᠤᠨ ᠡᠯᠧᠺᠲᠷᠣᠨ  ᠬᠤᠳᠠᠯᠳᠣᠭᠠᠨ ᠤ ᠲᠠᠪᠴᠠᠩ ᠢᠶᠠᠷ ᠳᠡᠮᠵᠢᠨ᠂ ︽ᠶᠠᠳᠠᠭᠤ ᠶᠢ ᠲᠡᠳᠬᠦᠬᠦ ᠲᠠᠸᠠᠷ︾ ᠤᠨ ᠲᠤᠰᠬᠠᠶ ᠲᠣᠭᠤᠷᠢᠭ ᠢ  ᠨᠡᠬᠡᠬᠡᠵᠣ  ᠂  ᠲᠣᠰᠬᠤᠨ ᠤ ᠠᠷᠠᠳ ᠢ ᠬᠠᠪᠰᠤᠷᠤᠨ ᠶᠤᠤᠮᠠᠢ ᠶᠢᠨ ᠭᠤᠯᠢᠷ᠂ ᠲᠠᠷᠢᠶᠠᠴᠢᠨ ᠠᠶᠢᠯ ᠤᠨ ᠲᠠᠬᠢᠶᠠᠨ ᠥᠨᠳᠡᠭᠡ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ︔ ᠡᠭᠦᠨ ᠤ ᠬᠠᠮᠲᠤ ᠵᠣᠭᠤᠰ ᠥᠭᠬᠦ ᠲᠡᠮᠳᠡᠭᠲᠦ ᠲᠠᠷᠬᠠᠭᠠᠬᠤ᠂ ᠰᠦᠯᠵᠢᠶᠡᠨ ᠭᠠᠳᠠᠨᠠᠬᠢ ᠲᠤᠬᠠᠶ ᠶᠢᠨ ᠲᠠᠯᠠᠪᠠᠢ  ᠶᠢᠨ ᠪᠡᠶᠡᠴᠢᠯᠡᠨ ᠣᠶᠢᠯᠠᠭᠠᠬᠤ ᠠᠵᠢᠯᠯᠠᠭ᠎ᠠ ᠵᠡᠷᠭᠡ ᠠᠷᠭ᠎ᠠ ᠮᠠᠶ᠋ᠢᠭ ᠢᠶᠠᠷ ᠬᠡᠷᠡᠭᠯᠡᠭᠴᠢᠳ ᠢ ᠲᠡᠳᠡᠨ  ᠣᠷᠣᠯᠴᠠᠭᠤᠯᠵᠤ  ᠂ ︽ᠢᠨᠲ᠋ᠤᠷ ᠰᠦᠯᠵᠢᠶᠡᠨ ᠤ ᠬᠡᠷᠡᠭᠯᠡᠭᠡ ᠪᠠᠷ ᠶᠠᠳᠠᠭᠤ ᠶᠢ ᠲᠡᠳᠬᠦᠬᠦ︾ ᠪᠣᠷᠣᠯᠠᠭᠤᠯᠭ᠎ᠠ ᠶᠢᠨ ᠠᠷᠭ᠎ᠠ ᠵᠠᠮ ᠢ  ᠦᠷᠬᠡᠳᠬᠡᠵᠠᠢ  ᠃ ᠡᠭᠦᠨ ᠠᠴᠠ ᠭᠠᠳᠠᠨ᠎ᠠ᠂ ᠬᠥᠬᠡᠬᠤᠲᠠ ᠶᠢᠨ  ᠰᠢᠯᠵᠢᠮᠡᠯ ᠬᠤᠯᠪᠣᠭ᠎ᠠ ᠬᠢᠭᠡᠳ  ᠮᠧᠩ ᠴᠢᠩ ︽5G + ᠤᠶᠤᠨᠲᠤ ᠲᠠᠷᠢᠶᠠᠯᠠᠩ︾ ᠤᠨ ᠲᠥᠷᠥᠯ  ᠵᠣᠶᠢᠯ ᠳᠤ ᠭᠠᠷ ᠤᠨ ᠥᠰᠥᠭ ᠵᠢᠷᠤᠬᠤ ᠶᠢ ᠪᠡᠶᠡᠯᠡᠭᠦᠯᠪᠡ  ᠃ ︵ᠬᠤᠸᠠᠩ ᠷᠦᠩ ᠵᠧᠩ ᡁᠢ ᠵᠢᠶᠦ᠋ᠨ︶      http://mongol.people.com.cn/15823083.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号