ᠥᠪᠥᠷ ᠮᠣᠩᠭᠤᠯ ᠤᠨ ᠴᠢᠬᠤᠯᠠ ᠶᠡᠭᠡ ᠭᠤᠤᠯ ᠰᠡᠳᠦᠪᠲᠦ ᠤᠳᠬ᠎ᠠ ᠤᠷᠠᠯᠢᠭ ᠤᠨ ᠰᠣᠳᠣᠨ ᠪᠦᠲᠦᠭᠡᠯ ᠤᠨ ᠵᠣᠬᠢᠶᠠᠨ ᠪᠦᠲᠦᠭᠡᠯᠭᠡ ᠶᠢᠨ ᠲᠤᠬᠠᠢ ᠵᠢᠯᠣᠭᠤᠳᠬᠤ ᠰᠠᠨᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2020/9/4
      ᠦᠪᠦᠷ ᠮᠤᠩᠭᠤᠯ ᠤᠨ ᠡᠳᠦᠷ ᠤᠨ ᠰᠤᠨᠢᠨ ᠤ ᠮᠡᠳᠡᠭᠡ ︵ᠰᠤᠷᠪᠤᠯᠵᠢᠯᠠᠭᠴᠢ ᠰᠤ᠋ ᠶᠦᠩ ᠱᠧᠩ︶ 8 ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠴᠢᠬᠤᠯᠠ ᠶᠡᠭᠡ ᠭᠤᠤᠯ ᠰᠡᠳᠦᠪᠲᠦ ᠤᠳᠬ᠎ᠠ ᠤᠷᠠᠯᠢᠭ ᠤᠨ ᠰᠣᠳᠣᠨ ᠪᠦᠲᠦᠭᠡᠯ ᠤᠨ ᠵᠤᠬᠢᠶᠠᠨ ᠪᠦᠲᠦᠭᠡᠯᠭᠡ ᠶᠢᠨ ᠲᠤᠬᠠᠢ ᠵᠢᠯᠣᠭᠤᠳᠬᠤ ᠰᠠᠨᠠᠯ ︵2019 — 2022 ᠣᠨ︶ ᠢ ᠬᠥᠬᠡᠬᠤᠲᠠ ᠳᠤ ᠨᠡᠶᠢᠲᠡᠯᠡᠪᠡ᠃      ᠥᠪᠥᠷ ᠮᠣᠩᠭᠤᠯ ᠤᠨ ᠴᠢᠬᠤᠯᠠ ᠶᠡᠭᠡ ᠭᠤᠤᠯ ᠰᠡᠳᠦᠪᠲᠦ ᠤᠳᠬ᠎ᠠ ᠤᠷᠠᠯᠢᠭ ᠤᠨ ᠰᠣᠳᠣᠨ ᠪᠦᠲᠦᠭᠡᠯ ᠤᠨ ᠵᠤᠬᠢᠶᠠᠨ ᠪᠦᠲᠦᠭᠡᠯᠭᠡ ᠶᠢᠨ ᠵᠢᠯᠣᠭᠤᠳᠬᠤ ᠰᠠᠨᠠᠯ ︵2019 — 2022 ᠣᠨ︶ ᠢ ᠪᠤᠯ ᠲᠥᠪ ᠬᠤᠷᠢᠶᠠᠨ ᠤ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠢᠯᠡᠳᠦᠯᠭᠡ ᠲᠠᠢ ᠤᠶᠠᠯᠳᠤᠭᠤᠯᠤᠨ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠵᠢᠮ᠎ᠡ ᠶᠣᠰᠣ ᠶᠢ ᠵᠢᠷᠤᠮᠯᠠᠨ᠂ ᠪᠦᠬᠦ ᠨᠡᠶᠢᠭᠡᠮ ᠤᠨ ᠤᠳᠬ᠎ᠠ ᠤᠷᠠᠯᠢᠭ ᠤᠨ ᠰᠣᠳᠣᠨ ᠪᠦᠲᠦᠭᠡᠯ ᠤᠨ ᠵᠣᠬᠢᠶᠠᠨ ᠪᠦᠲᠦᠭᠡᠬᠦ ᠬᠦᠴᠦᠨ ᠢ ᠲᠥᠪᠯᠡᠷᠡᠭᠦᠯᠦᠨ᠂ ᠰᠤᠷᠲᠠᠯ ᠤᠬᠠᠭᠤᠯᠭ᠎ᠠ ᠰᠣᠶᠣᠯ ᠤᠨ ᠰᠠᠯᠠᠭ᠎ᠠ ᠮᠥᠴᠢᠷ ᠤᠨ ᠬᠢᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ᠂ ᠦᠢᠯᠡᠴᠢᠯᠡᠭᠡᠨ ᠤ ᠪᠠᠲᠤᠯᠠᠭ᠎ᠠ ᠪᠠᠨ ᠴᠢᠩᠭᠠᠷᠠᠭᠤᠯᠬᠤ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ ᠨᠡᠶᠢᠳᠡᠯᠡᠭᠰᠡᠨ ᠶᠤᠮ᠃      ᠵᠢᠯᠣᠭᠤᠳᠬᠤ ᠰᠠᠨᠠᠯ ᠤᠨ ᠭᠤᠤᠯ ᠠᠭᠤᠯᠭ᠎ᠠ ᠳᠤ ᠴᠢᠬᠤᠯᠠ ᠶᠡᠭᠡ ᠵᠠᠩᠭᠢᠯᠠᠭ᠎ᠠ ᠶᠢᠨ ᠴᠠᠬ ᠤᠨ ᠭᠤᠤᠯ ᠰᠡᠳᠦᠪᠲᠦ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ᠂  ᠤᠯᠠᠭᠠᠨᠮᠦ᠋ᠴᠢᠷ ᠤᠨ ᠭᠤᠤᠯ ᠰᠡᠳᠦᠪᠲᠦ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠭᠤᠤᠯ ᠰᠡᠳᠦᠪᠲᠦ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠵᠣᠷᠢᠭ ᠰᠠᠨᠠᠭ᠎ᠠ ᠶᠢ ᠪᠠᠳᠠᠷᠠᠭᠤᠯᠬᠤ ᠭᠤᠤᠯ ᠰᠡᠳᠦᠪᠲᠦ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ᠂ ᠰᠢᠯᠢᠳᠡᠭ ᠤᠯᠠᠮᠵᠢᠯᠠᠯᠲᠤ ᠰᠣᠶᠣᠯ ᠤᠷᠠᠯᠢᠭ ᠤᠨ ᠤᠯᠠᠷᠢᠭᠤᠯᠤᠬᠰᠠᠨ ᠵᠣᠬᠢᠶᠠᠨ ᠪᠦᠲᠦᠭᠡᠯᠭᠡ ᠵᠡᠷᠭᠡ ᠪᠠᠭᠲᠠᠨ᠎ᠠ᠃      ᠵᠢᠯᠣᠭᠤᠳᠬᠤ ᠰᠠᠨᠠᠯ ᠤᠨ ᠭᠤᠤᠯ ᠬᠠᠷᠠᠯᠲᠠ ᠳᠤ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠤᠯᠠᠮ ᠨᠢᠭᠡ ᠠᠯᠬᠤᠮ ᠴᠡᠴᠡᠭᠯᠡᠭᠦᠯᠦᠨ ᠬᠦᠭᠵᠢᠭᠦᠯᠭᠦ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠲᠠᠰᠤᠷᠠᠯᠲᠠ ᠦᠭᠡᠢ ᠴᠣᠯᠭᠤᠷᠠᠭᠤᠯᠬᠤ᠂ ᠤᠯᠠᠨ ᠲᠦᠮᠡᠨ ᠤ ᠰᠣᠶᠣᠯ ᠤᠨ ᠬᠦᠷᠲᠡᠮᠵᠢ ᠶᠢᠨ ᠲᠥᠷᠥᠭᠳᠡᠯ ᠵᠤᠯ ᠵᠢᠷᠭᠠᠯᠲᠤ ᠲᠥᠷᠥᠭᠳᠡᠯ ᠢ ᠢᠯᠡᠳᠲᠡ ᠴᠢᠩᠭᠠᠷᠠᠭᠤᠯᠬᠤ᠂ ᠤᠳᠬ᠎ᠠ ᠤᠷᠠᠯᠢᠭ ᠤᠨ ᠴᠢᠳᠠᠪᠤᠷᠢᠲᠠᠨ ᠤ ᠡᠩᠨᠡᠭᠡ ᠶᠢ ᠤᠯᠠᠮ ᠨᠢᠭᠡ ᠠᠯᠬᠤᠮ ᠪᠤᠵᠠᠭᠠᠢᠢᠷᠠᠭᠤᠯᠬᠤ ᠵᠡᠷᠭᠡ ᠪᠠᠭᠲᠠᠨ᠎ᠠ᠃ ᠲᠥᠷᠥᠯ ᠵᠦᠢᠯ ᠤᠨ ᠬᠡᠷᠡᠭᠵᠢᠭᠦᠯᠦᠯᠲᠡ ᠳᠤ ᠢᠯᠡ ᠪᠠᠷ ᠰᠡᠳᠦᠪ ᠰᠣᠩᠭᠤᠬᠤ ᠂ ᠲᠥᠷᠥᠯ ᠵᠦᠢᠯ ᠢ ᠥᠷᠭᠡᠨ ᠢᠶᠠᠷ ᠴᠤᠭᠯᠠᠭᠤᠯᠬᠤ᠂ ᠬᠢᠨᠠᠨ ᠲᠣᠭᠲᠠᠭᠠᠬᠤ ᠳᠡᠰ ᠳᠠᠷᠠᠭᠠᠯᠠᠯ ᠢ ᠴᠢᠩᠳᠠᠯᠠᠬᠤ᠂ ᠵᠣᠬᠢᠶᠠᠨ ᠪᠦᠲᠦᠭᠡᠬᠦ ᠪᠦᠯᠬᠦᠮ ᠨᠡᠶᠢᠲᠡ ᠶᠢ ᠲᠣᠭᠲᠠᠭᠠᠬᠤ᠂ ︽ᠭᠦᠨ ᠬᠠᠳᠬᠤᠬᠤ︾ ᠲᠣᠭᠲᠠᠴᠠ ᠶᠢ ᠲᠡᠭᠦᠯᠳᠡᠷᠵᠢᠭᠦᠯᠬᠦ᠂ ᠴᠠᠭ ᠲᠤᠬᠠᠶ ᠳᠤᠨᠢ ᠬᠥᠳᠡᠯᠦᠩᠭᠦᠢ ᠲᠣᠬᠢᠷᠠᠭᠤᠯᠤᠯᠲᠠ ᠬᠢᠬᠦ᠂ ᠮᠥᠷᠳᠡᠨ ᠪᠠᠶᠢᠴᠠᠭᠠᠵᠤ ᠰᠢᠯᠭᠠᠨ ᠠᠪᠬᠤ᠂ ᠳᠡᠯᠭᠡᠨ ᠦᠵᠡᠭᠦᠯᠬᠦ ᠲᠠᠪᠴᠠᠩ ᠢ ᠥᠷᠭᠡᠳᠬᠡᠬᠦ ᠵᠡᠷᠭᠡ ᠪᠠᠭᠲᠠᠨ᠎ᠠ᠃      ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ ᠶᠢᠨ ᠲᠥᠯᠥᠭᠡ᠂ ᠵᠢᠯᠣᠭᠤᠳᠬᠤ ᠰᠠᠨᠠᠯ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠣᠷᠣᠭᠤᠯᠤᠯᠲᠠ ᠶᠢᠨ ᠪᠦᠲᠦᠴᠡ ᠶᠢ ᠰᠠᠶᠢᠵᠢᠷᠠᠭᠤᠯᠬᠤ᠂ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠶᠢ ᠵᠣᠷᠢᠭᠵᠢᠭᠤᠯᠬᠤ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠬᠤ᠂ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠬᠤ᠂ ᠰᠢᠭᠦᠮᠵᠢ ᠬᠢᠵᠦ ᠬᠥᠲᠥᠯᠥᠨ ᠵᠢᠯᠣᠭᠤᠳᠬᠤ ᠶᠢ ᠴᠢᠩᠭᠠᠳᠬᠠᠬᠤ᠂ ᠤᠬᠠᠭᠤᠯᠤᠨ ᠲᠠᠨᠢᠯᠴᠠᠭᠤᠯᠬᠤ ᠶᠢ ᠴᠢᠩᠭᠠᠳᠬᠠᠬᠤ ᠵᠡᠷᠭᠡ ᠲᠠᠯ᠎ᠠ ᠪᠠᠷ ᠲᠣᠭᠲᠠᠭᠠᠯ ᠭᠠᠷᠭᠠᠵᠠᠶ᠃      ᠵᠢᠯᠣᠭᠤᠳᠬᠤ ᠰᠠᠨᠠᠯ ᠳᠤ ᠪᠠᠰᠠ ᠥᠪᠥᠷ ᠮᠣᠩᠭᠤᠯ ᠤᠨ ᠴᠢᠬᠤᠯᠠ ᠶᠡᠭᠡ ᠭᠤᠤᠯ ᠰᠡᠳᠦᠪᠲᠦ ᠤᠳᠬ᠎ᠠ ᠤᠷᠠᠯᠢᠭ ᠤᠨ ᠰᠣᠳᠣᠨ ᠪᠦᠲᠦᠭᠡᠯ ᠤᠨ ᠵᠣᠬᠢᠶᠠᠨ ᠪᠦᠲᠦᠭᠡᠯᠭᠡ ︵2019 — 2022 ᠣᠨ︶ ᠶᠢᠨ ᠠᠩᠬᠠᠳᠤᠭᠠᠷ ᠪᠦᠯᠦᠭ ᠤᠨ ᠲᠥᠷᠥᠯ ᠵᠦᠢᠯ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠪᠡ᠃ 2019 ᠣᠨ ᠳᠤ ᠵᠣᠬᠢᠶᠠᠨ ᠪᠦᠲᠦᠭᠡᠵᠦ ᠳᠠᠭᠤᠰᠬᠠᠭᠰᠠᠨ ᠲᠦᠷᠦᠯ ᠵᠦᠢᠯ ᠳᠤ ᠺᠢᠨᠣ᠋ ᠶᠢᠨ ᠲᠥᠷᠥᠯ᠂ ᠲᠧᠯᠸᠢᠰ ᠵᠦᠴᠦᠭᠡ ᠶᠢᠨ ᠲᠥᠷᠥᠯ᠂ ᠲᠠᠶᠢᠰᠠᠨ ᠤ ᠵᠦᠴᠦᠭᠡ ᠶᠢᠨ ᠲᠦᠷᠦᠯ᠂ ᠪᠠᠷᠢᠮᠲᠠᠲᠤ ᠺᠢᠨᠣ᠋ ᠶᠢᠨ ᠲᠥᠷᠥᠯ᠂ ᠤᠷᠠᠨ ᠵᠢᠷᠤᠭ ᠤᠨ ᠲᠥᠷᠥᠯ᠂ ᠨᠣᠮ ᠪᠢᠴᠢᠭ ᠤᠨ ᠲᠥᠷᠥᠯ ᠤᠨ ᠨᠡᠶᠢᠲᠡ 13 ᠵᠦᠢᠯ ᠪᠠᠭᠲᠠᠵᠤ ᠪᠤᠢ᠃ 2019 ᠣᠨ ᠤ ᠶᠠᠭ ᠬᠡᠷᠡᠭᠵᠢᠭᠦᠯᠵᠦ ᠪᠠᠶᠢᠭ᠎ᠠ ᠲᠥᠷᠥᠯ ᠵᠦᠢᠯ ᠳᠤ ᠤᠳᠬ᠎ᠠ ᠵᠣᠬᠢᠶᠠᠯ ᠤᠨ ᠲᠥᠷᠥᠯ᠂ ᠺᠢᠨᠣ᠋ ᠶᠢᠨ ᠲᠥᠷᠥᠯ᠂ ᠲᠧᠯᠸᠢᠰ ᠵᠦᠴᠦᠭᠡ ᠶᠢᠨ ᠲᠥᠷᠥᠯ᠂ ᠪᠠᠷᠢᠮᠲᠠᠲᠤ ᠺᠢᠨᠣ᠋ ᠶᠢᠨ ᠲᠥᠷᠥᠯ᠂ ᠲᠠᠶᠢᠰᠠᠨ ᠤ ᠵᠦᠴᠦᠭᠡ ᠶᠢᠨ ᠲᠥᠷᠥᠯ ᠤᠨ ᠨᠡᠶᠢᠲᠡ 8 ᠵᠦᠢᠯ ᠪᠠᠭᠲᠠᠵᠤ ᠪᠤᠢ᠃ 2019 ᠣᠨ ᠳᠤ ᠡᠬᠢᠯᠡᠭᠦᠯᠬᠦ ᠪᠠᠷ ᠲᠦᠯᠦᠪᠯᠡᠭᠰᠡᠡ ᠲᠥᠷᠥᠯ ᠵᠦᠢᠯ ᠳᠤ ᠬᠤᠪᠢᠰᠬᠠᠯ ᠤᠨ ᠵᠠᠭᠤᠨ ᠵᠢᠯ ᠤᠨ ᠥᠪᠥᠷ ᠮᠣᠩᠭᠤᠯ ᠤᠨ ᠰᠢᠷᠢᠰ ᠪᠦᠲᠦᠭᠡᠯ᠂ ᠺᠢᠨᠣ᠋ ᠶᠢᠨ ᠲᠥᠷᠥᠯ᠂ ᠲᠧᠯᠸᠢᠰ ᠵᠦᠴᠦᠭᠡ ᠶᠢᠨ ᠲᠥᠷᠥᠯ᠂ ᠪᠠᠷᠢᠮᠲᠠᠲᠤ ᠺᠢᠨᠣ᠋ ᠶᠢᠨ ᠲᠥᠷᠥᠯ᠂ ᠤᠷᠠᠨ ᠵᠢᠷᠤᠭ ᠤᠨ ᠲᠥᠷᠥᠯ᠂ ᠳᠠᠭᠤᠤ ᠬᠥᠭᠵᠢᠮ ᠪᠥᠵᠢᠭ ᠳᠠᠭᠤᠷᠢᠯᠢᠭ ᠤᠨ ᠲᠦᠷᠦᠯ᠂ ᠼᠢᠷᠺ ᠤᠨ ᠲᠥᠷᠥᠯ ᠤᠨ ᠨᠡᠶᠢᠲᠡ 22 ᠵᠦᠢᠯ ᠪᠠᠭᠲᠠᠵᠤ ᠪᠤᠢ᠃ 2020 ᠣᠨ ᠳᠤ ᠡᠬᠢᠯᠡᠭᠦᠯᠬᠦ ᠪᠠᠷ ᠲᠦᠯᠦᠪᠯᠡᠭᠰᠡᠨ ᠲᠥᠷᠥᠯ ᠵᠦᠢᠯ ᠳᠤ ᠤᠳᠬ᠎ᠠ ᠵᠣᠬᠢᠶᠠᠯ ᠤᠨ ᠲᠥᠷᠥᠯ᠂ ᠺᠢᠨᠣ᠋ ᠶᠢᠨ ᠲᠥᠷᠥᠯ᠂ ᠵᠢᠩᠭᠠᠷ᠂ ᠭᠡᠰᠡᠷ ᠤᠨ ᠰᠢᠷᠢᠰ ᠭᠡᠭᠦ 5 ᠵᠦᠢᠯ ᠪᠠᠭᠲᠠᠵᠤ ᠪᠤᠢ᠂ ᠦᠷᠭᠡᠨ ᠢᠶᠠᠷ ᠴᠤᠬᠯᠠᠭᠤᠯᠵᠤ ᠨᠤᠳᠠᠯᠠᠬᠤ ᠲᠦᠷᠦᠯ ᠵᠦᠢᠯ ᠳᠤ ᠺᠢᠨᠣ᠋ ᠶᠢᠨ ᠲᠥᠷᠥᠯ᠂ ᠲᠧᠯᠸᠢᠰ ᠵᠦᠴᠦᠭᠡ ᠶᠢᠨ ᠲᠥᠷᠥᠯ᠂ ᠲᠠᠶᠢᠰᠠᠨ ᠤ ᠵᠦᠴᠦᠭᠡ ᠶᠢᠨ ᠲᠦᠷᠦᠯ᠂ ᠤᠷᠠᠨ ᠵᠢᠷᠤᠭ ᠤᠨ ᠲᠥᠷᠥᠯ᠂ ᠰᠦᠯᠵᠢᠶᠡᠨ ᠤ ᠤᠳᠬ᠎ᠠ ᠵᠣᠬᠢᠶᠠᠯ ᠤᠨ ᠲᠥᠷᠥᠯ ᠤᠨ 10 ᠵᠦᠢᠯ ᠪᠠᠭᠳᠠᠵᠤ ᠪᠤᠢ᠃http://mongol.people.com.cn/15822900.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号