ᠬᠤᠲᠠ᠂ ᠲᠣᠭᠤᠷᠢᠭ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠰᠢᠨ᠎ᠡ ᠬᠤᠲᠠ ᠲᠤᠭᠤᠷᠢᠭ ᠤᠨ ᠬᠤᠳᠠᠯᠳᠤᠭ᠎ᠠ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/9/7
     9 ᠳ᠋ᠦ᠋ᠭᠡᠷ ᠰᠠᠷ᠎ᠠ ᠶᠢᠨ 4 ᠤ ᠡᠳᠦᠷ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠠᠩ ᠬᠤᠶ ᠯᠢ ᠪᠦᠯᠬᠦᠮ ᠳᠠᠭᠠᠭᠤᠯᠤᠭᠰᠠᠨ ᠬᠤᠲᠠ᠂ ᠲᠣᠭᠤᠷᠢᠭ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠰᠢᠨ᠎ᠡ ᠬᠤᠲᠠ ᠲᠣᠭᠤᠷᠢᠭ ᠤᠨ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠦᠢᠯᠡᠴᠢᠯᠡᠭᠡᠨ ᠤ ᠶᠡᠭᠡ ᠲᠢᠩᠬᠢᠮ᠂ ᠰᠢᠨ᠎ᠡ ᠬᠤᠲᠠ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠵᠢᠴᠢ ᠥᠪᠥᠷ ᠮᠣᠩᠭᠤᠯ ᠤᠨ ᠶᠦᠩ ᠽᠧ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠵᠥᠪᠯᠡᠯᠭᠡ ᠥᠭᠬᠦ ᠬᠢᠵᠠᠭᠠᠷᠲᠤ ᠬᠠᠷᠢᠭᠤᠴᠠᠯᠭᠠᠲᠣ ᠺᠣᠮᠫᠠᠨᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠪᠠᠶᠢᠴᠠᠭᠠᠨ ᠰᠤᠳᠤᠯᠤᠭᠰᠠᠨ ᠤ ᠲᠠᠷᠠᠭ᠎ᠠ ᠶᠠᠷᠢᠯᠴᠠᠬᠤ ᠬᠤᠷᠠᠯ ᠬᠤᠷᠠᠯᠳᠤᠭᠤᠯᠪᠠ᠃      ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠲᠣᠰ ᠭᠠᠵᠠᠷ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠣᠳᠣᠬᠢ ᠪᠠᠶᠢᠳᠠᠯ᠂ ᠣᠳᠣᠬᠠᠨ ᠤ ᠡᠵᠡᠩᠨᠡᠨ ᠪᠣᠷᠣᠯᠠᠭᠤᠯᠬᠤ ᠣᠷᠴᠢᠨ ᠨᠥᠬᠦᠴᠡᠯ ᠳᠤ ᠲᠤᠯᠭᠠᠷᠠᠵᠤ ᠪᠠᠶᠢᠭ᠎ᠠ ᠠᠰᠠᠭᠤᠳᠠᠯ ᠵᠢᠴᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠠᠯᠢ ᠬᠡᠳᠦᠨ ᠲᠠᠯ᠎ᠠ ᠠᠴᠠ ᠭᠠᠷᠳᠠᠬᠤ ᠵᠡᠷᠭᠡ ᠠᠰᠠᠭᠤᠳᠠᠯ ᠤᠨ ᠲᠤᠬᠠᠶ ᠭᠦᠨᠵᠡᠭᠡᠶ ᠰᠤᠳᠤᠯᠤᠨ ᠶᠠᠷᠢᠯᠴᠠᠪᠠ᠃ ᠰᠢᠨ᠎ᠡ ᠬᠤᠲᠠ ᠲᠣᠭᠤᠷᠢᠭ ᠤᠨ ᠡᠯ᠎ᠡ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠲᠣᠰ ᠲᠣᠰ ᠰᠢᠨ᠎ᠡ ᠬᠤᠲᠠ ᠲᠤᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠵᠢᠴᠢ ᠠᠵᠢᠯ ᠤᠨ ᠶᠠᠪᠤᠴᠠ ᠶᠢᠨ ᠲᠠᠯ᠎ᠠ ᠪᠠᠷ ᠬᠢ ᠳᠡᠭᠡᠭᠰᠢᠯᠡᠯᠲᠡ ᠶᠢ ᠬᠤᠲᠠ᠂ ᠲᠣᠭᠤᠷᠢᠭ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠳᠤ ᠲᠠᠨᠢᠯᠴᠠᠭᠤᠯᠪᠠ᠃      ᠪᠠᠶᠢᠴᠠᠭᠠᠨ ᠰᠤᠳᠤᠯᠬᠤ ᠳᠤᠭᠤᠶᠢᠯᠠᠩ ᠵᠢᠭᠠᠵᠤ ᠭᠠᠷᠭᠠᠭᠰᠠᠨ ᠨᠢ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠭᠦᠨᠵᠡᠭᠡᠶ ᠬᠤᠪᠢᠷᠠᠭᠤᠯᠬᠤ ᠪᠠᠷ ᠭᠤᠣᠯᠳᠠᠯᠭ᠎ᠠ ᠪᠣᠯᠭᠠᠵᠤ᠂ ᠪᠠᠶᠢᠭᠤᠯᠣᠮᠵᠢ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠬᠠᠷᠢᠯᠴᠠᠨ ᠬᠠᠪᠰᠤᠷᠤᠯᠴᠠᠨ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠬᠠᠤᠯᠢ ᠪᠠᠷ ᠵᠠᠰᠠᠬᠤ  ᠪᠠᠲᠤᠯᠠᠭ᠎ᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠲᠤᠰᠬᠠᠭᠰᠠᠨ ᠳᠤᠪᠤᠶᠢᠮ᠎ᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠵᠦ᠂ ᠰᠢᠨ᠎ᠡ ᠬᠤᠲᠠ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠨᠡᠯᠢᠶᠡᠳ ᠶᠡᠭᠡ ᠬᠡᠮᠵᠢᠶ᠎ᠡ ᠪᠠᠷ ᠳᠡᠭᠡᠭᠰᠢᠯᠡᠭᠦᠯᠬᠦ ᠶᠢᠨ ᠲᠥᠯᠥᠭᠡ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠬᠦ ᠳᠤ ᠲᠣᠭᠲᠠᠭᠤᠨ᠂ ᠡᠷᠬᠡ ᠲᠡᠭᠰᠢ᠂ ᠢᠯᠡ ᠲᠣᠳᠣ᠂ ᠵᠢᠱᠢᠵᠦ ᠪᠣᠯᠬᠤᠶᠢᠴᠠ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠪᠡ᠃      ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ ᠰᠦ ᠬᠤᠤ ᠱᠧᠩ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠦᠬᠡᠬᠤᠲᠠ ᠶᠢᠨ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠣᠪᠴᠢᠶ᠎ᠠ ᠶᠢᠨ ᠰᠢᠨ᠎ᠡ ᠬᠤᠲᠠ ᠶᠢᠨ ᠬᠤᠪᠢᠶᠠᠷᠢ ᠲᠤᠪᠴᠢᠶ᠎ᠠ ᠵᠡᠷᠭᠡ ᠬᠤᠯᠪᠤᠭᠳᠠᠯ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号