ᠤᠮᠠᠷᠠᠲᠤ ᠣᠷᠣᠨ ᠤ ᠲᠡᠮᠦᠷ ᠵᠠᠮ ᠰᠤᠨᠳᠠᠯᠠᠭᠰᠠᠨ ᠬᠠᠮᠤᠭ ᠲᠣᠮᠣ ᠵᠦᠷᠢᠯᠢᠭ ᠬᠥᠭᠦᠷᠭᠡ ᠬᠥᠬᠡᠬᠤᠲᠠ ᠳᠤ ︽ᠤᠭᠳᠠᠷᠭᠤᠢ ᠠᠴᠠ ᠪᠠᠭᠤᠪᠠ︾
ᠨᠡᠶᠢᠲᠡᠯᠡᠭᠰᠡᠨ ᠴᠠᠭ᠄
2020/9/7
     ᠰᠢᠨᠬᠤᠸᠠ ᠰᠦᠯᠵᠢᠶᠡᠨ ᠤ ᠬᠥᠬᠡᠬᠤᠲᠠ ᠶᠢᠨ 9 ᠰᠠᠷ᠎ᠠ ᠶᠢᠨ 3 ᠤ ᠡᠳᠦᠷ ᠤᠨ ᠮᠡᠳᠡᠭᠡ ︵ᠬᠤᠤ ᠹᠠᠩ ᠹᠠᠩ︶ 9 ᠰᠠᠷ᠎ᠠ ᠶᠢᠨ 2 ᠤᠨ ᠡᠳᠦᠷ ᠤᠨ 18 ᠴᠠᠭ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠪᠠᠶᠠᠨᠨᠠᠭᠤᠷ ᠵᠠᠮ ᠤᠨ ᠥᠨᠳᠥᠷ  ᠬᠥᠭᠦᠷᠭᠡ ᠲᠡᠮᠦᠷ ᠵᠠᠮ ᠤᠨ ᠵᠦᠷᠢᠯᠢᠭ ᠬᠥᠭᠦᠷᠭᠡ ᠶᠢᠨ ᠪᠠᠷᠢᠯᠭ᠎ᠠ ᠳᠠᠬᠢ ᠬᠠᠮᠤᠭ ᠤᠨ ᠵᠠᠩᠭᠢᠯᠠᠭ᠎ᠠ ᠶᠢᠨ ᠶᠠᠪᠤᠴᠠ ︽ ᠤᠭᠳᠠᠷᠭᠤᠢ ᠠᠴᠠ ᠪᠠᠭᠤᠬᠤ︾ ᠠᠵᠢᠯ ᠢ ᠠᠮᠵᠢᠯᠳᠠ  ᠲᠠᠢ  ᠪᠡᠶᠡᠯᠡᠬᠦᠯᠪᠡ  ᠃    ᠪᠠᠶᠠᠨᠨᠠᠭᠤᠷ ᠵᠠᠮ ᠤᠨ ᠥᠨᠳᠥᠷ ᠬᠥᠭᠦᠷᠭᠡ ᠲᠡᠮᠦᠷ ᠵᠠᠮ ᠤᠨ ᠵᠦᠷᠢᠯᠢᠭ ᠬᠥᠭᠦᠷᠭᠡ ᠶᠢᠨ ᠶᠡᠷᠦᠩᠬᠡᠶ ᠬᠦᠨᠳᠦ  ᠨᠢ 5200 ᠲᠣᠨ   ᠳᠤ ᠬᠦᠷᠴᠦ᠂ ᠲᠠᠩ ᠪᠣᠯᠣᠳ ᠨᠢᠷᠤᠭᠤ ᠶᠢᠨ ᠣᠷᠳᠣ ᠨᠢ 190.35 ᠮᠧᠲᠷ᠂ ᠥᠷᠭᠡᠨ ᠨᠢ 41 ᠮᠧᠲᠷ ᠪᠠᠶᠢᠵᠣ᠂ 17 ᠵᠤᠷᠪᠤᠰ ᠲᠡᠮᠦᠷ ᠵᠠᠮ ᠢ ᠰᠤᠨᠳᠠᠯᠠᠭᠰᠠᠨ ᠤᠮᠠᠷᠠᠲᠤ ᠣᠷᠣᠨ ᠤ ᠬᠠᠮᠤᠭ ᠤᠨ ᠲᠤᠮᠤ ᠲᠡᠮᠦᠷ ᠵᠠᠮ ᠰᠤᠨᠳᠠᠯᠠᠭᠰᠠᠨ ᠵᠦᠷᠢᠯᠢᠭ ᠬᠥᠭᠦᠷᠭᠡ ᠶᠢᠨ ᠪᠠᠷᠢᠯᠭ᠎ᠠ ᠪᠤᠯᠤᠭᠰᠠᠨ ᠪᠠᠶᠢᠨ᠎ᠠ  ᠃  8 ᠰᠠᠷ᠎ᠠ ᠶᠢᠨ 30 ᠤ ᠡᠳᠦᠷ᠂ ᠬᠦᠭᠦᠷᠭᠡ ᠶᠢᠨ ᠨᠢᠷᠤᠭᠤ ᠲᠠᠯᠪᠢᠬᠤ ᠠᠵᠢᠯ ᠪᠥᠬᠦ ᠲᠠᠯ᠎ᠠ ᠪᠠᠷ  ᠡᠬᠢᠯᠡᠪᠡ᠃      ᠳᠤᠮᠳᠠᠳᠤ ᠣᠯᠣᠰ ᠤᠨ ᠲᠡᠮᠦᠷ ᠵᠠᠮ ᠤᠨ ᠠᠵᠤ ᠣᠶᠢᠯᠡᠳᠪᠣᠷᠢ ᠶᠢᠨ ᠪᠠᠯᠠ ᠣᠷᠣᠭᠤᠯᠤᠯᠲᠠ ᠶᠢᠨ ᠪᠦᠲᠦᠭᠡᠨ ᠪᠠᠶᠢᠭᠤᠯᠣᠯᠳᠠ ᠶᠢᠨ ᠪᠦᠯᠦᠭᠯᠡᠯ ᠤᠨ ᠪᠠᠶᠠᠨᠨᠠᠭᠤᠷ ᠬᠤᠲᠠ ᠶᠢᠨ ᠥᠨᠳᠥᠷ ᠬᠥᠭᠦᠷᠭᠡ ᠲᠡᠮᠦᠷ ᠵᠠᠮ ᠤᠨ ᠵᠦᠷᠢᠯᠢᠭ ᠬᠥᠭᠦᠷᠭᠡ ᠶᠢᠨ ᠪᠠᠷᠢᠯᠭ᠎ᠠ ᠶᠢᠨ ᠬᠠᠷᠢᠭᠤᠴᠠᠯᠭᠠᠲᠠᠨ ᠪᠠ ᠷᠦᠢ ᠲᠢᠩ ᠲᠠᠨᠢᠯᠴᠠᠭᠤᠯᠬᠤ ᠳᠠᠭᠠᠨ᠂ ᠲᠡᠮᠦᠷ ᠵᠠᠮ  ᠰᠤᠲᠠᠯᠠᠭᠰᠠᠨ ᠵᠦᠷᠢᠯᠢᠭ ᠬᠥᠭᠦᠷᠭᠡ ᠪᠣᠯ ᠪᠠᠶᠠᠨᠨᠠᠭᠤᠷ ᠵᠠᠮ ᠤᠨ ᠥᠨᠳᠥᠷ ᠬᠥᠭᠦᠷᠭᠡ ᠶᠢᠨ ᠪᠦᠬᠦ ᠱᠤᠭᠤᠮ ᠤᠨ ᠬᠠᠮᠤᠭ ᠤᠨ ᠵᠠᠩᠭᠢᠯᠠᠭ᠎ᠠ ᠶᠢᠨ ᠴᠢᠨᠠᠷᠲᠠᠶ ᠪᠠᠷᠢᠯᠭ᠎ᠠ‌‍ᠪᠣᠯᠤᠨ᠎ᠠ᠃ ᠬᠦᠭᠦᠷᠭᠡᠨ ᠨᠢᠷᠣᠭᠤ ᠪᠠᠨ ᠤᠷᠤᠭᠰᠢᠲᠠᠢ ᠲᠠᠯᠪᠢᠭᠰᠠᠨ  ᠨᠢ ᠥᠨᠳᠥᠷ ᠬᠥᠭᠦᠷᠭᠡᠨ ᠤ ᠪᠥᠬᠦ  ᠱᠣᠭᠤᠮ ᠢᠶᠠᠷ ᠲᠡᠷᠭᠡ ᠨᠡᠪᠲᠡᠷᠡᠬᠦ ᠳᠤ ᠪᠠᠰᠠ ᠨᠢᠭᠡ ᠠᠯᠬᠤᠮ  ᠣᠶᠢᠷᠠᠳᠣᠵᠣ ᠪᠠᠶᠢᠬᠤ ᠶᠢ ᠬᠠᠷᠠᠭᠤᠯᠵᠤ ᠪᠠᠶᠢᠨ᠎ᠠ᠃    ᠪᠠᠶᠠᠨᠨᠠᠭᠤᠷ ᠵᠠᠮ ᠤᠨ ᠥᠨᠳᠥᠷ ᠬᠥᠭᠦᠷᠭᠡ ᠨᠢ ᠤᠮᠠᠷᠠᠲᠤ ᠡᠮᠦᠨᠡᠲᠦ  ᠶᠢᠨ ᠳᠡᠭᠡᠳᠤ ᠬᠤᠷᠳᠣᠴᠠᠳᠣ ᠵᠠᠮ ᠲᠠᠢ ᠬᠤᠯᠪᠣᠯᠳᠤᠵᠤ᠂ ᠬᠥᠬᠡᠬᠤᠲᠠ ᠶᠢᠨ ᠥᠨᠳᠥᠷ ᠬᠦᠭᠦᠷᠭᠡ ᠨᠢ ᠳᠡᠭᠡᠳᠤ ᠬᠤᠷᠳᠣᠴᠠᠳᠣ ᠵᠠᠮ ᠤᠨ ᠲᠣᠤᠷ ᠤᠨ ᠴᠢᠬᠤᠯᠠ ᠪᠦᠷᠢᠯᠳᠦᠬᠦᠨ ᠬᠡᠰᠡᠭ ᠪᠤᠯᠵᠦ᠂ ᠪᠥᠬᠦ ᠣᠷᠳᠣ ᠨᠢ 10.4 ᠺᠢᠯᠣᠮᠧᠲᠷ  ᠪᠠᠶᠢᠨ᠎ᠠ᠃ ᠣᠳᠣᠬᠠᠨ ᠳᠤ ᠭᠤᠤᠯ ᠱᠤᠭᠤᠮ ᠤᠨ ᠬᠥᠭᠦᠷᠭᠡ ᠶᠢᠨ ᠪᠠᠷᠢᠯᠭ᠎ᠠ ᠳᠠᠭᠤᠰᠴᠤ᠂ ᠡᠨᠡ ᠵᠢᠯ ᠤᠨ ᠡᠴᠦᠰ ᠢᠶᠠᠷ ᠲᠡᠷᠭᠡ ᠨᠡᠪᠳᠡᠷᠡᠬᠦ ᠪᠠᠷ ᠲᠥᠯᠥᠪᠯᠡᠵᠦ ᠪᠠᠶᠢᠨ᠎ᠠ᠃ http://mongol.people.com.cn/15823197.html                    
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号