ᠬᠦᠬᠡᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠠᠷᠭ᠎ᠠ ᠬᠡᠮᠵᠢᠶ᠎ᠡ ᠠᠪᠴᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2020/9/7
       ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠴᠢ ᠰᠢᠶᠣᠤ ᠶᠠᠨ︶  ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠣᠶᠢᠯᠡᠰ ᠢ ᠠᠬᠢᠭᠤᠯᠬᠤ ᠲᠤᠬᠠᠶ ᠰᠢᠢᠳᠪᠣᠷᠢᠳᠣ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ  ᠲᠣᠣᠱᠯᠠᠭᠤᠯᠬᠤ  ᠶᠢᠨ ᠲᠥᠯᠥᠭᠡ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠷᠣᠨ ᠨᠤᠲᠤᠭ ᠤᠨ ᠪᠣᠳᠠᠲᠤ ᠪᠠᠶᠢᠳᠠᠯ ᠳᠤ ᠰᠠᠭᠤᠷᠢᠯᠠᠵᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠣᠶᠢᠯᠡᠰ ᠤᠨ ᠬᠥᠭᠵᠢᠯᠲᠡ ᠶᠢᠨ ᠲᠤᠰᠬᠠᠶ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠴᠠᠭᠠᠨ ᠢᠳᠡᠭᠡᠨ ᠤ ᠠᠵᠤ  ᠣᠶᠢᠯᠡᠰ ᠤᠨ ᠬᠦᠴᠢᠷᠳᠡᠯ ᠢ ᠰᠢᠢᠳᠪᠣᠷᠢᠯᠡᠬᠦ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠣᠯᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠣᠶᠢᠯᠡᠴᠢᠯᠡᠭᠡᠨ ᠤ ᠠᠷᠭ᠎ᠠ ᠪᠠᠷᠢᠯ ᠢ ᠬᠡᠷᠡᠭᠵᠢᠭᠦᠯᠵᠡᠶ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠪᠣᠯᠤᠨ ᠪᠦᠲᠦᠭᠡᠯᠴᠢ ᠬᠦᠴᠦᠨ ᠢ ᠦᠷᠭᠦᠯᠵᠢᠯᠡᠨ ᠬᠥᠭᠵᠢᠭᠡᠵᠦ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠦ ᠪᠠᠶᠢᠨ᠎ᠠ  ᠃    ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠣᠶᠢᠯᠡᠰ ᠤᠨ ᠬᠥᠭᠵᠢᠯᠲᠡ ᠶᠢ ᠠᠬᠢᠭᠤᠯᠬᠤ ᠶᠢ ᠪᠦᠬᠦ ᠲᠠᠯ᠎ᠠ ᠶᠢᠨ ᠠᠵᠢᠯ ᠤᠨ ᠭᠤᠣᠯᠳᠠᠯᠭ᠎ᠠ   ᠪᠠᠨ ᠪᠣᠯᠭᠠᠵᠣ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠭᠤᠷᠪᠠᠨ ᠵᠢᠯ ᠤᠨ ᠲᠤᠰᠬᠠᠶ ᠠᠵᠢᠯᠯᠠᠭᠠᠨ ᠤ ᠲᠥᠯᠥᠪᠵᠢᠭᠦᠯᠪᠡ ᠲᠣᠭᠲᠠᠭᠠᠵᠣ᠂ ᠲᠤᠰᠬᠠᠶ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠪᠠᠶᠢᠭᠤᠯᠵᠤ᠂ ᠠᠵᠢᠯ ᠤᠨ ᠡᠭᠦᠷᠭᠡ ᠪᠠᠨ ᠲᠣᠳᠣᠷᠬᠠᠶᠢᠯᠠᠵᠤ᠂ ᠲᠡᠳᠬᠦᠬᠦ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠡᠶ᠃ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠢ ᠰᠤᠳᠤᠯᠤᠨ ᠨᠡᠭᠡᠭᠡᠬᠦ᠂  ᠣᠶᠢᠯᠡᠳᠪᠣᠷᠢᠯᠡᠬᠦ᠂ ᠪᠣᠷᠣᠯᠠᠭᠤᠯᠬᠤ ᠡᠯ᠎ᠡ ᠵᠠᠩᠭᠢᠯᠠᠭ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠣᠶᠢᠯᠡᠳᠪᠣᠷᠢᠯᠡᠯ ᠡᠵᠡᠩᠨᠡᠯᠲᠡ ᠶᠢᠨ ᠡᠮᠬᠢ ᠳᠢᠭᠯᠢᠮ ᠢ ᠲᠠᠰᠤᠷᠠᠯᠲᠠ ᠤᠢᠭᠡᠢ ᠵᠢᠷᠣᠮᠵᠢᠭᠤᠯᠵᠤ᠂  ᠪᠠᠷᠢᠮᠵᠢᠶᠠᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃    ᠬᠠᠷᠢᠶᠠᠲᠤ ᠲᠣᠭᠤᠷᠢᠭ ᠲᠤ  ᠣᠳᠣ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡ ᠦᠢᠯᠡᠳᠪᠦᠷᠢᠯᠡᠬᠦ ᠠᠵᠤ ᠠᠬᠤᠶᠢᠯᠠᠯ 3᠂ ᠵᠢᠵᠢᠭ ᠦᠢᠯᠡᠳᠬᠡᠯ 3 ᠪᠤᠶ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠪᠣᠭᠤᠳᠠᠯ  ᠰᠤᠯᠢᠬᠤ᠂ ᠬᠡᠲᠦ  ᠲᠡᠯᠬᠡᠬᠦᠷ ᠲᠤ ᠣᠷᠣᠭᠤᠯᠬᠤ᠂ ᠲᠠᠪᠴᠠᠩ ᠳᠡᠭᠡᠷ᠎ᠡ ᠭᠠᠷᠭᠠᠬᠤ᠂ ᠵᠢᠷᠤᠮᠵᠢᠯ ᠳᠤ ᠨᠡᠶᠢᠴᠡᠭᠦᠯᠬᠦ᠂ ᠰᠢᠯᠭᠠᠨ ᠪᠠᠶᠢᠴᠠᠭᠠᠬᠤ ᠶᠢ ᠪᠦᠬᠦᠨ ᠢ ᠬᠠᠮᠤᠷᠬᠤ︾ ᠲᠠᠪᠤᠨ ᠵᠤᠷᠪᠤᠰ ᠪᠠᠷᠢᠮᠵᠢᠶ᠎ᠠ ᠶᠣᠰᠣᠭᠠᠷ ᠭᠠᠷ ᠣᠶᠢᠯᠡᠳᠪᠣᠷᠢ ᠶᠢᠨ ᠣᠶᠢᠯᠡᠳᠬᠡᠯ ᠤᠨ ᠵᠢᠱᠢᠶ᠎ᠡ ᠦᠵᠡᠭᠦᠯᠬᠦ  ᠴᠡᠭ ᠢ ᠪᠠᠶᠢᠭᠤᠯᠵᠤ᠂ ᠲᠦᠮᠡᠳ ᠵᠡᠭᠦᠨ ᠬᠤᠰᠢᠭᠤᠨ ᠤ ᠰᠢᠷᠠᠭᠴᠢᠨ ᠪᠠᠯᠭᠠᠰᠤᠨ ᠤ ᠰᠠᠷᠠᠯᠠᠩ ᠴᠠᠭᠠᠨ ᠢᠳᠡᠭᠡᠨ ᠤ ᠦᠢᠯᠡᠳᠪᠦᠷᠢ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠦᠭᠵᠢᠯᠳᠡ ᠶᠢᠨ ᠲᠦᠷᠦᠭᠦᠦ ᠪᠦᠯᠦᠭ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠪᠣᠯᠭᠠᠬᠤ ᠪᠠᠷ ᠲᠣᠭᠳᠠᠭᠠᠵᠣ᠂ ᠥᠪᠥᠷ ᠮᠣᠩᠭᠤᠯ ᠤᠨ ᠸᠢᠺᠲ᠋ᠤᠷᠢᠮᠤᠷ ᠬᠡᠲᠦ ᠳᠡᠯᠭᠡᠭᠦᠷ ᠤᠨ ᠬᠢᠵᠠᠭᠠᠷᠲᠠᠢ ᠬᠠᠷᠢᠭᠤᠴᠠᠯᠭᠠᠲᠤ ᠺᠣᠮᠫᠠᠨᠢ ᠪᠣᠯᠤᠨ ᠦᠪᠣᠷ ᠮᠣᠩᠭᠤᠯ ᠤᠨ ᠸᠧᠶ ᠯᠧ ᠾᠦᠢ ᠬᠡᠲᠦ ᠳᠡᠯᠭᠡᠭᠦᠷ ᠤᠨ ᠬᠢᠵᠠᠭᠠᠷᠲᠤ ᠺᠣᠮᠫᠠᠨᠢ ᠶᠢᠨ ᠬᠤᠸᠠᠨ ᠾᠧ ᠵᠡᠭᠡᠯᠢ ᠶᠢᠨ ᠬᠤᠪᠢᠶᠠᠷᠢ ᠳᠡᠯᠭᠡᠭᠦᠷ ᠨᠢ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡ ᠪᠣᠷᠣᠯᠠᠭᠤᠯᠬᠤ ᠲᠤᠷᠰᠢᠯᠲᠠ ᠶᠢᠨ ᠴᠢᠭ ᠪᠣᠯᠵᠠᠶ᠃ ᠵᠢᠱᠢᠶ᠎ᠡ ᠦᠵᠡᠭᠦᠯᠦᠨ ᠳᠠᠭᠠᠭᠤᠯᠬᠤ ᠪᠠ ᠨᠥᠯᠥᠭᠡᠯᠡᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠢᠵᠢᠭ  ᠣᠶᠢᠯᠡᠳᠬᠡᠯ  ᠤᠨ  ᠣᠶᠢᠯᠡᠳᠪᠣᠷᠢᠯᠡᠯ ᠤᠨ ︽ᠵᠢᠵᠢᠭ ᠲᠠᠷᠠᠬᠠᠶ ᠪᠤᠲᠠᠷᠬᠠᠶ᠂ ᠪᠤᠵᠠᠷ ᠰᠠᠮᠠᠭᠤᠨ ᠪᠠᠷᠤᠭᠲᠠᠶ︾ ᠪᠠᠶᠢᠭᠰᠠᠨ ᠢ ︽ᠵᠢᠵᠢᠭ ᠮᠥᠷᠲᠡᠭᠡᠨ ᠨᠠᠷᠢᠯᠢᠭ᠂ ᠨᠡᠷᠡᠳᠤ ᠰᠢᠯᠢᠳᠡᠭ︾  ᠪᠤᠯᠭᠠᠨ ᠬᠤᠪᠢᠷᠠᠭᠤᠯᠵᠦ᠂ ᠣᠷᠣᠨ ᠤ ᠲᠥᠪ ᠬᠤᠲᠠ ᠶᠢᠨ ᠣᠨᠴᠠᠯᠢᠭ ᠪᠠ ᠳᠠᠪᠠᠭᠤᠯᠢᠭ ᠲᠠᠢ ᠳᠠᠭᠤᠷᠢᠶᠠᠵᠦ ᠪᠣᠯᠬᠤ᠂ ᠳᠡᠯᠭᠡᠷᠡᠭᠦᠯᠵᠦ ᠪᠣᠯᠬᠤ ᠠᠵᠢᠯ ᠤᠨ ᠲᠤᠷᠰᠢᠯᠭ᠎ᠠ ᠶᠢ ᠪᠣᠶ  ᠪᠤᠯᠭᠠᠵᠠᠢ  ᠃    ᠡᠭᠦᠨ ᠢᠶᠠᠷ ᠪᠠᠷᠠᠬᠤ ᠦᠭᠡᠢ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠪᠠᠰᠠ ᠰᠦᠯᠵᠢᠶᠡᠨ ᠭᠠᠳᠠᠨᠠᠬᠢ ᠪᠣᠷᠣᠯᠠᠭᠤᠯᠭ᠎ᠠ ᠶᠢᠨ ᠲᠠᠪᠴᠠᠩ ᠢ ᠢᠳᠡᠪᠬᠢᠲᠡᠢ ᠪᠠᠶᠢᠭᠤᠯᠵᠤ᠂ ᠲᠡᠷᠡᠴᠢᠯᠡᠨ ᠢᠨᠲ᠋ᠧᠷ ᠰᠦᠯᠵᠢᠶᠡᠨ ᠤ ᠬᠦᠴᠦᠨ ᠳᠤ ᠲᠦᠰᠢᠭᠯᠡᠨ᠂ ᠣᠶᠢᠯᠡᠳᠬᠦᠨ ᠤ ᠰᠦᠯᠵᠢᠶᠡᠨ ᠳᠡᠭᠡᠷᠡᠬᠢ  ᠪᠣᠷᠣᠯᠠᠭᠤᠯᠳᠠ ᠶᠢ ᠠᠬᠢᠭᠤᠯᠤᠭᠰᠠᠨ ᠪᠠᠶᠢᠨ᠎ᠠ  ᠃                ᠢᠷᠡᠯᠳᠠ᠄   ᠠᠷᠠᠳ ᠤᠨ ᠰᠦᠯᠵᠢᠶ᠎ᠡhttp://mongol.people.com.cn/15823198.html
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号