16 ᠳᠠᠬᠢ ᠲᠠᠯ᠎ᠠ ᠨᠤᠲᠤᠭ ᠤᠨ ᠰᠣᠶᠣᠯ ᠤᠨ ᠥᠪ ᠢ ᠬᠠᠮᠠᠭᠠᠯᠠᠬᠤ ᠡᠳᠦᠷ ᠲᠤ
ᠨᠡᠶᠢᠲᠡᠯᠡᠭᠰᠡᠨ ᠴᠠᠭ᠄
2020/9/7
     ᠡᠨᠡ ᠵᠢᠯ ᠤᠨ 9 ᠳ᠋ᠦ᠋ᠭᠡᠷ ᠰᠠᠷ᠎ᠠ ᠶᠢᠨ 6 ᠤ ᠡᠳᠦᠷ ᠪᠣᠯ ᠮᠠᠨ ᠤ ᠣᠷᠣᠨ ᠤ 16 ᠳᠠᠬᠢ ︽ᠲᠠᠯ᠎ᠠ ᠨᠤᠲᠤᠭ ᠤᠨ ᠰᠣᠶᠣᠯ ᠤᠨ ᠥᠪ ᠢ ᠬᠠᠮᠠᠭᠠᠯᠠᠬᠤ ᠡᠳᠦᠷ︾ ᠪᠣᠯᠣᠨ᠎ᠠ᠃ ᠲᠤᠰ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠠᠴᠠ ᠳᠠᠭᠠᠭᠠᠨ ᠡᠷᠬᠢᠯᠡᠭᠰᠡᠨ ︽ᠥᠪᠥᠷ ᠮᠣᠩᠭᠤᠯ ᠤᠨ ᠦᠨᠳᠦᠰᠦᠲᠡᠨ ᠤ ᠰᠣᠶᠣᠯ — ᠤᠯᠠᠮᠵᠢᠯᠠᠯᠲᠤ ᠭᠠᠷ ᠤᠷᠠᠯᠠᠯ ᠤᠨ ᠣᠳᠣ ᠦᠶ᠎ᠡ ᠶᠢᠨ ᠪᠦᠲᠦᠭᠡᠯᠴᠢ ᠪᠦᠲᠦᠭᠡᠭᠳᠡᠬᠦᠨ ᠤ ᠲᠤᠰᠬᠠᠢ ᠦᠵᠡᠭᠦᠯᠭᠡ︾ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠶᠠᠪᠤᠭᠳᠠᠪᠠ᠃      ᠬᠥᠳᠡᠯᠭᠡᠭᠡᠨ ᠤ ᠠᠬᠤᠢ ᠲᠠᠯᠠᠪᠠᠢ ᠳᠤ ᠪᠠᠰᠠ ︽ᠲᠠᠯᠠᠪᠠᠢ ᠶᠢᠨ ᠪᠦᠲᠦᠭᠡᠯᠴᠢ ᠲᠣᠭᠯᠠᠯᠲᠠ︾ ᠭᠠᠷᠭᠠᠵᠤ᠂ ︽ᠬᠡᠦᠬᠡᠯᠳᠡᠢ ᠶᠢᠨ ᠪᠦᠲᠦᠭᠡᠯᠴᠢ ᠵᠦᠴᠦᠭᠡ︾ ᠶᠢᠨ ᠠᠬᠤᠢ ᠲᠠᠯᠠᠪᠠᠢ ᠶᠢᠨ ᠲᠣᠭᠯᠠᠯᠲᠠ ᠪᠠ ᠤᠯᠠᠮᠵᠢᠯᠠᠯᠲᠤ ᠭᠠᠷ ᠬᠠᠶᠢᠴᠢᠯᠠᠮᠠᠯ᠂ ᠴᠡᠴᠡᠭ ᠰᠠᠭᠤᠯᠭᠠᠬᠤ᠂ ᠠᠷᠠᠰᠤᠨ ᠰᠡᠶᠢᠯᠦᠮᠡᠯ ᠵᠡᠷᠭᠡ ᠤᠷᠠᠯᠢᠭ ᠢ ᠠᠭᠤᠰᠤᠯᠴᠠᠭᠤᠯᠵᠤ᠂ ᠵᠦᠴᠦᠭᠡ ᠶᠢᠨ ᠦᠢᠯᠡ ᠶᠠᠪᠤᠳᠠᠯ ᠢ ᠢᠯᠡᠳᠬᠡᠬᠦ ᠲᠣᠭᠯᠠᠯᠲᠠ ᠶᠢᠨ ᠠᠷᠭ᠎ᠠ ᠮᠠᠶ᠋ᠢᠭ ᠢᠶᠠᠷ ᠦᠵᠡᠭᠴᠢ ᠣᠯᠠᠨ ᠲᠦᠮᠡᠨ ᠳᠤ ᠨᠡᠩ ᠰᠢᠨ᠎ᠡ ᠰᠣᠨᠢᠨ᠂ ᠨᠡᠩ ᠰᠣᠨᠢᠷᠬᠠᠯᠲᠠᠢ ᠥᠪᠡᠷ ᠤᠨ ᠪᠡᠶ᠎ᠡ ᠪᠠᠷ ᠮᠡᠳᠡᠷᠡᠭᠰᠡᠨ ᠰᠠᠶᠢᠬᠠᠨ ᠮᠡᠳᠡᠷᠡᠮᠵᠢ ᠶᠢ ᠣᠯᠭᠤᠪᠠ᠃ ᠵᠢᠷᠤᠭ ᠪᠣᠯ ᠬᠤᠲᠠ ᠶᠢᠨ ᠠᠷᠠᠳ ᠬᠡᠦᠬᠡᠳ ᠢᠶᠠᠨ ᠳᠠᠭᠠᠭᠤᠯᠤᠨ ᠭᠠᠷ ᠤᠷᠠᠯᠠᠯ ᠤᠨ ᠮᠣᠷᠢ ᠶᠢ ᠰᠣᠨᠢᠷᠬᠠᠵᠤ ᠪᠠᠶᠢᠭ᠎ᠠ ᠨᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ