8 ᠳ᠋ᠤᠭᠠᠷ ᠰᠠᠷ᠎ᠠ ᠶᠢᠨ ᠡᠴᠦᠰ ᠪᠣᠯᠲᠠᠯ᠎ᠠ ᠮᠠᠨ ᠤ ᠬᠤᠲᠠ ︽ᠪᠦᠷᠢᠨ ᠴᠢᠳᠠᠮᠵᠢᠲᠤ ᠺᠠᠷᠲ︾ ᠢᠶᠠᠷ 141601.92 ᠲᠦᠮᠡᠨ ᠲᠥᠭᠦᠷᠢᠭ ᠤᠨ ᠨᠥᠬᠦᠪᠦᠷᠢ ᠪᠡᠯᠡ ᠮᠥᠩᠭᠦ ᠪᠠᠭᠤᠯᠭᠠᠪᠠ
ᠨᠡᠶᠢᠲᠡᠯᠡᠭᠰᠡᠨ ᠴᠠᠭ᠄
2020/9/8
       ︵ᠰᠤᠷᠪᠤᠯᠵᠢᠯᠠᠭᠴᠢ ᠰᠦᠩ ᠰᠢᠶᠠᠩ ᠬᠤᠸᠠ︶ 8 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠮᠠᠨ ᠤ ᠬᠤᠲᠠ ︽ᠪᠦᠷᠢᠨ ᠴᠢᠳᠠᠮᠵᠢᠲᠤ ᠺᠠᠷᠲ︾ ᠢᠶᠠᠷ 141601.92 ᠲᠦᠮᠡᠨ ᠲᠥᠭᠦᠷᠢᠭ ᠤᠨ ᠨᠥᠬᠦᠪᠦᠷᠢ ᠪᠡᠯᠡ ᠮᠥᠩᠭᠦ ᠪᠠᠭᠤᠯᠭᠠᠪᠠ᠂ ᠡᠭᠦᠨ ᠳᠤ ᠲᠠᠷᠢᠶᠠᠴᠢᠨ ᠤ ᠨᠥᠬᠦᠪᠦᠷᠢ ᠪᠡᠯᠡ ᠮᠥᠩᠭᠦ 130978.91 ᠲᠦᠮᠡᠨ ᠲᠥᠭᠦᠷᠢᠭ ᠬᠦᠷᠴᠦ᠂ 92.5% ᠶᠢ ᠡᠵᠡᠯᠡᠪᠡ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠥᠷᠢ ᠪᠡᠯᠡ ᠮᠥᠩᠭᠦ 10623.01 ᠲᠦᠮᠡᠨ ᠲᠥᠭᠦᠷᠢᠭ ᠬᠦᠷᠴᠦ᠂ 7.5% ᠶᠢ ᠡᠵᠡᠯᠡᠪᠡ᠃ ᠪᠦᠬᠦ ᠬᠤᠲᠠ ᠶᠢᠨ 90 ᠰᠢᠶᠠᠩ ᠪᠠᠯᠭᠠᠰᠤ ᠵᠢᠴᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠮᠤᠷᠴᠤ᠂ 2615638 ᠬᠥᠮᠦᠨ ᠤᠳᠠᠭ᠎ᠠ ᠲᠠᠷᠬᠠᠭᠠᠵᠤ᠂ ᠪᠠᠭᠤᠯᠭᠠᠭᠰᠠᠨ ᠨᠥᠬᠦᠪᠦᠷᠢ ᠪᠡᠯᠡ ᠮᠥᠩᠭᠦ ᠶᠢᠨ ᠲᠥᠷᠥᠯ ᠵᠦᠢᠯ ᠨᠢ ᠨᠡᠶᠢᠲᠡ 80 ᠬᠦᠷᠢᠶ᠎ᠡ ᠴᠠᠷᠠᠭ᠎ᠠ  ᠶᠢᠨ 66 ᠲᠥᠷᠥᠯ ᠤᠨ 83 ᠵᠦᠢᠯ ᠳᠤ ᠬᠤᠯᠪᠣᠭᠳᠠᠵᠠᠢ᠃      ᠪᠠᠭᠤᠯᠭᠠᠭᠰᠠᠨ ᠨᠥᠬᠦᠪᠦᠷᠢ ᠪᠡᠯᠡ ᠮᠥᠩᠭᠦ ᠳᠤ᠂ ᠲᠤᠭ᠎ᠠ ᠪᠠᠷ ᠨᠡᠯᠢᠶᠡᠳ ᠶᠡᠭᠡ ᠨᠢ ᠭᠤᠣᠯᠳᠠᠭᠤ ᠨᠡᠶᠢᠭᠡᠮ ᠤᠨ ᠪᠠᠲᠤᠯᠠᠭ᠎ᠠ ᠶᠢᠨ ᠲᠥᠷᠥᠯ᠂ ᠣᠢ ᠰᠢᠭᠤᠢ ᠶᠢᠨ ᠲᠥᠷᠥᠯ᠂ ᠴᠠᠯᠢᠩ ᠤᠨ ᠲᠥᠷᠥᠯ᠂ ᠪᠦᠲᠦᠭᠡᠨ ᠪᠠᠶᠢᠭᠤᠯᠤᠯᠲᠠ ᠶᠢᠨ ᠲᠥᠷᠥᠯ ᠪᠠ ᠲᠠᠷᠢᠶᠠᠯᠠᠩ ᠤᠨ ᠲᠥᠷᠥᠯ᠂ ᠮᠠᠯᠵᠢᠯ ᠤᠨ ᠲᠥᠷᠥᠯ ᠵᠡᠷᠭᠡ ᠵᠢᠷᠭᠤᠭᠠᠨ ᠶᠡᠭᠡ ᠠᠷᠠᠳ ᠤᠨ ᠠᠮᠢᠳᠤᠷᠠᠯ  ᠤᠨ ᠲᠥᠷᠥᠯ ᠤᠨ ᠪᠡᠯᠡ ᠮᠥᠩᠭᠦ ᠪᠣᠯᠣᠨ᠎ᠠ᠃ ᠡᠭᠦᠨ ᠤ ᠳᠣᠲᠣᠷ᠎ᠠ᠂ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠦᠷᠢ ᠪᠡᠯᠡ ᠮᠥᠩᠭᠦ 67182.25 ᠲᠦᠮᠡᠨ ᠲᠥᠭᠦᠷᠢᠭ ᠬᠦᠷᠴᠦ᠂ 47% ᠶᠢ ᠡᠵᠡᠯᠡᠪᠡ︔ ᠮᠠᠯ ᠲᠠᠷᠢᠶᠠᠯᠠᠩ ᠤᠨ ᠲᠥᠷᠥᠯ ᠤᠨ ᠨᠥᠬᠦᠪᠦᠷᠢ ᠪᠡᠯᠡ ᠮᠥᠩᠭᠦ 40063.47 ᠲᠦᠮᠡᠨ ᠲᠥᠭᠦᠷᠢᠭ ᠬᠦᠷᠴᠦ᠂ 28%  ᠶᠢ ᠡᠵᠡᠯᠡᠪᠡ︔ ᠣᠢ ᠰᠢᠭᠤᠢ ᠶᠢᠨ ᠲᠥᠷᠥᠯ ᠤᠨ ᠨᠥᠬᠦᠪᠦᠷᠢ ᠪᠡᠯᠡ ᠮᠥᠩᠭᠦ 12363.37 ᠲᠦᠮᠡᠨ ᠲᠥᠭᠦᠷᠢᠭ ᠬᠦᠷᠴᠦ᠂ 9% ᠶᠢ ᠡᠵᠡᠯᠡᠪᠡ︔ ᠴᠠᠯᠢᠩ ᠤᠨ ᠲᠥᠷᠥᠯ ᠤᠨ ᠨᠥᠬᠦᠪᠦᠷᠢ ᠪᠡᠯᠡ ᠮᠥᠩᠭᠦ 9895.55 ᠲᠦᠮᠡᠨ ᠲᠥᠭᠦᠷᠢᠭ ᠬᠦᠷᠴᠦ᠂ 7% ᠶᠢ ᠡᠵᠡᠯᠡᠪᠡ︔ ᠪᠦᠲᠦᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠦᠷᠢ ᠪᠡᠯᠡ ᠮᠥᠩᠭᠦ 6642.3 ᠲᠦᠮᠡᠨ ᠲᠥᠭᠦᠷᠢᠭ ᠬᠦᠷᠴᠦ᠂ 5% ᠶᠢ ᠡᠵᠡᠯᠡᠪᠡ᠃ ᠳᠡᠭᠡᠷᠡᠬᠢ ᠵᠢᠷᠭᠤᠭᠠᠨ ᠲᠥᠷᠥᠯ ᠤᠨ ᠨᠥᠬᠦᠪᠦᠷᠢ ᠪᠡᠯᠡ ᠮᠥᠩᠭᠦ ᠨᠢ ᠪᠠᠭᠤᠯᠭᠠᠭᠰᠠᠨ ᠪᠦᠬᠦ ᠲᠣᠭᠠᠨ ᠤ 96.15% ᠶᠢ ᠡᠵᠡᠯᠡᠵᠡᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号