ᠬᠥᠬᠡᠬᠤᠲᠠ ᠶᠢᠨ ᠭᠤᠷᠪᠠᠨ ᠲᠣᠰᠬᠤᠨ ᠬᠤᠶᠠᠳᠤᠭᠠᠷ ᠪᠦᠯᠦᠭ ᠤᠨ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠤ ᠨᠡᠷᠡᠰ ᠲᠤ ᠰᠣᠩᠭᠤᠭᠳᠠᠪᠠ
ᠨᠡᠶᠢᠲᠡᠯᠡᠭᠰᠡᠨ ᠴᠠᠭ᠄
2020/9/8
    ᠬᠥᠬᠡᠬᠤᠲᠠ ᠶᠢᠨ  ᠡᠳᠣᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠯᠢ ᠰᠢᠶᠠ︶ ᠣᠶᠢᠷ᠎ᠠ ᠳᠤ᠂ ᠬᠤᠶᠠᠳᠤᠭᠠᠷ ᠪᠦᠯᠦᠭ ᠤᠨ ᠪᠦᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠤ ᠨᠡᠷᠡᠰ ᠢ ᠨᠡᠶᠢᠲᠡᠯᠡᠵᠦ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ  ᠶᠦᠮ ᠤᠨ ᠪᠠᠶᠢᠰᠢᠩ  ᠪᠠᠯᠭᠠᠰᠤᠨ ᠤ ᠵᠡᠭᠦᠨ ᠤᠰᠤᠲᠤ ᠲᠣᠰᠬᠤᠨ᠂ ᠰᠠᠶᠢᠬᠠᠨ ᠲᠣᠭᠤᠷᠢᠭ ᠤᠨ  ᠬᠤᠸᠠᠬᠤᠰᠢᠭᠤ  ᠪᠠᠯᠭᠠᠰᠤ  ᠶᠢᠨ ᠱᠢ ᠷᠧᠨ ᠸᠠᠨ ᠲᠣᠰᠬᠤᠨ ᠪᠣᠯᠤᠨ ᠲᠣᠭᠲᠠᠬᠤ ᠰᠢᠶᠠᠨ ᠤ ᠾᠺᠸᠦ ᠬᠠᠮᠢᠶᠠᠷᠤᠯᠲᠠ ᠶᠢᠨ ᠵᠦᠪᠯᠡᠯ ᠤᠨ ᠬᠤᠤ ᠵᠢᠶᠠ ᠶᠣᠣ ᠲᠣᠰᠬᠤᠨ ᠠᠮᠵᠢᠯᠲᠠᠲᠠᠢ ᠰᠣᠩᠭᠤᠭᠳᠠᠪᠠ᠃    ᠵᠡᠭᠦᠨ ᠤᠰᠤᠲᠤ ᠲᠣᠰᠬᠤᠨ ᠨᠡᠯᠢᠶᠡᠳ ᠥᠨᠳᠥᠷ ᠠᠵᠤ ᠠᠬᠤᠶ ᠶᠢᠨ ᠦᠨ᠎ᠡ ᠥᠷᠲᠡᠭ ᠲᠠᠢ ᠲᠠᠷᠢᠮᠠᠯ  ︽ᠲᠤᠮᠤ ᠬᠦᠢᠯᠡᠰᠦ︾  ᠭᠠᠷᠲᠠᠭ ᠪᠠ  ᠠᠭᠤᠯᠠᠨ ᠲᠣᠰᠬᠤᠨ ᠤ  ᠡᠲᠡᠭᠡᠳ  ᠦᠩᠭᠡ ᠦᠵᠡᠮᠵᠢ ᠳᠦᠷᠰᠦ ᠪᠠᠶᠢᠳᠠᠯ ᠳᠠᠭᠠᠨ ᠲᠦᠰᠢᠭᠯᠡᠨ᠂ ᠲᠠᠷᠢᠮᠠᠯ ᠤᠨ ᠵᠣᠶᠢᠯ ᠢ ᠲᠣᠭᠤᠷᠢᠨ ᠦᠵᠡᠬᠦ ᠬᠦᠷᠢᠶᠡᠯᠡᠩ᠂ ᠬᠥᠳᠡᠭᠡ ᠠᠶᠢᠯ ᠤᠨ ᠵᠤᠭᠠᠴᠠᠯ᠂  ᠵᠢᠮᠢᠰ ᠨᠣᠭᠤᠭ᠎ᠠ ᠲᠡᠭᠦᠬᠦ ᠬᠦᠷᠢᠶᠡᠯᠡᠩ ᠵᠡᠷᠭᠡ ᠲᠠᠲᠠᠬᠤ ᠬᠦᠴᠦᠨ ᠲᠠᠢ ᠵᠢᠭᠤᠯᠴᠢᠯᠠᠯ ᠤᠨ  ᠣᠶᠢᠯᠡᠰ   ᠲᠠᠢ ᠣᠶᠠᠯᠳᠠᠭᠤᠯᠣᠨ ᠂  ᠵᠤᠭᠠᠴᠠᠨ ᠲᠣᠭᠤᠷᠢᠬᠤ᠂ ᠠᠮᠠᠷᠠᠯᠲᠠ ᠥᠩᠭᠡᠷᠡᠭᠡᠬᠦ᠂ ᠰᠡᠯᠡᠭᠦᠴᠡᠬᠦ᠂ ᠢᠳᠡᠭᠡᠨ ᠤᠮᠳᠠᠭᠠᠨ᠂  ᠵᠢᠮᠢᠰ ᠨᠣᠭᠤᠭ᠎ᠠ ᠲᠡᠭᠦᠬᠦ   ᠵᠡᠷᠭᠡ ᠨᠢᠭᠡ ᠬᠡᠯᠬᠢᠶᠡᠵᠢᠭᠰᠡᠨ ᠠᠵᠤ ᠦᠢᠯᠡᠰ ᠤᠨ ᠡᠵᠡᠩᠨᠡᠯᠲᠡ ᠶᠢᠨ  ᠵᠠᠭᠪᠣᠷᠢ ᠶᠢ  ᠪᠦᠷᠢᠳᠣᠭᠦᠯᠵᠠᠢ᠃ ᠬᠥᠳᠡᠭᠡ ᠠᠶᠢᠯ ᠤᠨ ᠵᠤᠭᠠᠴᠠᠯ ᠤᠨ ᠲᠣᠭᠤᠷᠢᠨ ᠳᠤ ᠰᠡᠯᠡᠭᠦᠴᠡᠯ ᠤᠨ ᠠᠵᠤ ᠦᠢᠯᠡᠰ ᠤᠨ ᠰᠦᠷᠦᠭᠵᠢᠯ ᠪᠠᠶᠢᠭᠤᠯᠵᠤ᠂ 8.3 ᠺᠢᠯᠣᠮᠧᠲᠷ ᠤᠨ ᠲᠣᠰᠬᠤᠨ ᠤ ᠵᠠᠮ ᠢ  ᠡᠪᠦᠭᠡᠨ ᠱᠠᠩᠰᠢ ᠶᠢᠨ  ᠠᠭᠤᠳᠠᠮ ᠲᠠᠯᠠᠪᠠᠢ᠂ ᠵᠢᠵᠢᠭ ᠮᠣᠳᠣᠨ ᠦᠷᠦᠭᠡ ᠶᠢᠨ ᠰᠦᠷᠦᠭᠵᠢᠯ᠂ ᠠᠭᠤᠯᠠ ᠠᠪᠠᠷᠢᠬᠤ ᠶᠠᠪᠠᠭᠠᠨ ᠵᠠᠮ ᠪᠠ ᠲᠤᠰ ᠲᠤᠰ ᠤᠨ ᠣᠨᠴᠠᠯᠢᠭ ᠲᠠᠢ 58 ᠲᠠᠷᠢᠶᠠᠴᠢᠨ ᠠᠶᠢᠯ ᠤᠨ ᠵᠤᠭᠠᠴᠠᠯ ᠤᠨ ᠪᠦᠰᠡ ᠶᠢ ᠪᠦᠷᠢᠯᠳᠦᠭᠦᠯᠵᠦ᠂ ᠶᠢᠰᠦᠳᠦᠭᠡᠷ ᠬᠤᠭᠤᠴᠠᠭᠠᠨ ᠤ ᠭᠦᠢᠯᠡᠰᠦᠨ ᠴᠡᠴᠡᠭ ᠤᠨ ᠪᠠᠶᠠᠷ᠂ ᠨᠠᠢᠮᠠᠳᠤᠭᠠᠷ ᠬᠤᠭᠤᠴᠠᠭᠠᠨ ᠤ  ᠵᠢᠮᠢᠰ ᠨᠣᠭᠤᠭ᠎ᠠ ᠲᠡᠭᠦᠬᠦ ᠨᠠᠶᠢᠷ ᠢ ᠠᠮᠵᠢᠯᠲᠠ ᠲᠠᠢ ᠡᠷᠬᠢᠯᠡᠪᠡ    ᠬᠤᠤ ᠵᠢᠶᠠ ᠶᠣᠣ ᠲᠣᠰᠬᠤᠨ ᠨᠢ ︽ᠪᠦᠬᠦᠯᠢ ᠴᠣᠭᠴᠠ ᠪᠠᠷ ᠨᠢ ᠵᠢᠷᠤᠭᠯᠠᠨ ᠲᠦᠯᠣᠪᠯᠡᠬᠦ᠂ ᠰᠢᠰᠲ᠋ᠧᠮ ᠲᠠᠢ ᠲᠦᠯᠬᠢᠨ  ᠠᠬᠢᠭᠤᠯᠬᠤ᠂ ᠰᠢᠯᠵᠢᠮᠡᠯ ᠨᠡᠭᠡᠭᠡᠯᠲᠡ ᠬᠢᠬᠦ︾ ᠬᠥᠭᠵᠢᠯᠲᠡ ᠶᠢᠨ ᠵᠠᠭᠪᠤᠷ ᠶᠣᠰᠣᠭᠠᠷ᠂ ᠲᠠᠯ᠎ᠠ ᠨᠤᠲᠤᠭ᠂ ᠬᠠᠳᠤᠨ ᠭᠤᠤᠯ᠂ ᠡᠯᠡᠰᠦ ᠮᠠᠩᠬ᠎ᠠ᠂ ᠨᠠᠭᠤᠷ ᠴᠥᠭᠦᠷᠥᠮ᠂ ᠠᠭᠤᠯᠠ ᠨᠢᠷᠤᠭᠤ ᠵᠡᠷᠭᠡ ᠪᠠᠶᠢᠭᠠᠯᠢ ᠶᠢᠨ ᠦᠵᠡᠮᠵᠢ ᠶᠢᠨ ᠲᠣᠭᠤᠷᠢᠨ ᠳᠤ ᠦᠨᠳᠦᠰᠦᠲᠡᠨ ᠤ ᠵᠠᠩ ᠦᠢᠯᠡ  ᠪᠠ  ᠲᠡᠤᠬᠡ ᠰᠣᠶᠣᠯ ᠵᠡᠷᠭᠡ ᠣᠨᠴᠠᠯᠢᠭ ᠲᠠᠢ ᠨᠢᠭᠲᠠ  ᠣᠶᠠᠯᠳᠣᠭᠤᠯᠵᠤ᠂ ᠭᠤᠤᠯ ᠪᠣᠯᠬᠤ ᠵᠢᠭᠤᠯᠴᠢᠯᠠᠯ ᠤᠨ ᠦᠵᠡᠮᠵᠢ ᠶᠢᠨ ᠭᠠᠵᠠᠷ ᠪᠣᠯᠤᠨ ᠠᠮᠠᠷᠠᠯᠲᠠ ᠶᠢᠨ ᠣᠷᠣᠨ ᠤ ᠲᠥᠯᠥᠪᠵᠢᠭᠦᠯᠭᠡ ᠶᠢᠨ ᠡᠵᠡᠮᠳᠡᠯ ᠢ ᠴᠢᠩᠭᠠᠳᠬᠠᠵᠣ᠂ ᠣᠨᠴᠠᠯᠢᠭ ᠢᠶᠠᠷ ᠢᠯᠡ ᠲᠣᠳᠣ ᠵᠢᠭᠤᠯᠴᠢᠯᠠᠯ ᠤᠨ ᠣᠶᠢᠯᠡᠳᠬᠦᠨ ᠢ   ᠪᠦᠷᠢᠯᠳᠣᠭᠦᠯᠵᠤ᠂  ᠲᠡᠤᠬᠡ  ᠶᠢ   ᠦᠷᠭᠦᠯᠵᠢᠯᠡᠬᠦᠯᠤᠨ᠂ ᠬᠥᠮᠦᠨ  ᠂ ᠪᠠᠶᠢᠭᠠᠯᠢ ᠶᠢᠨ ᠦᠵᠡᠮᠵᠢ ᠪᠣᠯᠤᠨ ᠬᠥᠳᠡᠭᠡ ᠲᠣᠰᠬᠤᠨ ᠤ ᠣᠨᠴᠠᠯᠢᠭ ᠢ ᠢᠯᠡᠷᠡᠭᠦᠯᠵᠦ᠂ ᠡᠭᠦᠨ ᠢᠶᠠᠷ ᠵᠢᠭᠤᠯᠴᠢᠯᠠᠯ ᠤᠨ ᠲᠥᠪᠯᠡᠷᠡᠬᠦ᠂ ᠳᠠᠶᠢᠴᠢᠯᠠᠬᠤ ᠪᠠ ᠨᠥᠯᠥᠭᠡᠯᠡᠬᠦ ᠣᠶᠢᠯᠡᠳᠣᠯ ᠢ  ᠭᠠᠷᠭᠠᠵᠤ᠂  ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠵᠦ᠂ ᠡᠷᠭᠢᠨ ᠲᠣᠭᠤᠷᠢᠨ ᠤ ᠣᠷᠣᠨ  ᠪᠦᠰᠡ  ᠯᠦᠭᠡ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ  ᠣᠶᠢᠯᠡᠳᠣᠯᠴᠡᠬᠦ  ᠶᠢ ᠤᠯᠠᠮ ᠨᠢᠭᠡ ᠠᠯᠬᠤᠮ  ᠠᠬᠢᠭᠤᠯᠪᠠ᠃    ᠱᠢ ᠷᠧᠨ ᠸᠠᠨ ᠲᠣᠰᠬᠤᠨ ᠪᠣᠯ ᠰᠠᠶᠢᠬᠠᠨ ᠲᠣᠭᠤᠷᠢᠭ ᠤᠨ ᠵᠡᠭᠦᠨ ᠡᠮᠦᠨᠡᠲᠦ ᠬᠡᠰᠡᠭ ᠲᠤ ᠪᠠᠶᠢᠷᠢᠯᠠᠵᠤ  ᠪᠠᠶᠢᠲᠠᠭ᠂ ᠯᠢᠶᠣᠤ  ᠣᠯᠣᠰ ᠤᠨ ᠴᠢᠯᠠᠭᠤᠨ ᠬᠥᠮᠦᠨ ᠤ ᠱᠤᠭᠤᠮᠠᠯ ᠠᠴᠠ  ᠪᠣᠯᠵᠤ ᠨᠡᠷᠡᠯᠡᠭᠳᠡᠭᠰᠡᠨ ᠶᠤᠮ᠃ ᠬᠠᠷᠢᠶ᠎ᠠ ᠣᠷᠣᠨ ᠳᠣᠲᠣᠷ᠎ᠠ 63 ᠲᠦᠮᠡᠨ ᠲᠡᠭᠰᠢ ᠳᠥᠷᠪᠡᠯᠵᠢᠨ ᠮᠧᠲᠷ ᠤᠨ ᠪᠠᠶᠢᠭᠠᠯᠢ ᠶᠢᠨ ᠨᠤᠭᠤ ᠭᠠᠵᠠᠷ ᠪᠠᠶᠢᠬᠤ ᠪᠠᠷ ᠪᠠᠷᠠᠬᠤ ᠦᠭᠡᠢ᠂ ᠲᠡᠷᠡ ᠮᠥᠷᠲᠡᠭᠡᠨ ᠪᠠᠷᠤᠭ 5 ᠺᠢᠯᠣᠮᠧᠲᠷ ᠤᠷᠲᠤ ᠴᠡᠪᠡᠷ ᠪᠤᠯᠠᠭ ᠤᠨ ᠤᠰᠤ ᠲᠠᠰᠤᠷᠠᠯᠲᠠ ᠦᠭᠡᠢ ᠤᠷᠤᠰᠴᠤ᠂ ᠲᠦᠮᠡᠨ ᠮᠦ ᠠᠮᠢ ᠠᠬᠤᠢ ᠶᠢᠨ ᠤᠢ ᠶᠢᠨ ᠰᠠᠭᠤᠷᠢᠨ ᠭᠠᠵᠠᠷ  ᠨᠡᠩ  ᠦᠩᠭᠡ ᠦᠵᠡᠮᠵᠢ ᠨᠡᠮᠡᠷᠢᠯᠡᠨ᠎ᠡ  ᠃ ᠱᠢ ᠷᠧᠨ ᠸᠠᠨ ᠲᠣᠰᠬᠤᠨ   ᠨᠢ ᠠᠭᠤᠯᠠ ᠲᠦᠰᠢᠵᠦ ᠤᠰᠤ ᠬᠠᠪᠢᠳᠠᠵᠤ᠂ ᠣᠷᠴᠢᠨ ᠲᠣᠭᠤᠷᠢᠨ ᠨᠢ ᠭᠤᠶᠣ ᠰᠠᠶᠢᠬᠠᠨ ᠪᠠᠶᠢᠳᠠᠭ᠃ ᠥᠩᠭᠡ ᠦᠵᠡᠮᠵᠢ ᠲᠠᠭᠠᠯᠠᠮᠵᠢᠲᠠᠶ᠂ ᠵᠢᠭᠤᠯᠴᠢᠯᠠᠯ ᠤᠨ ᠡᠬᠢ ᠪᠠᠶᠠᠯᠢᠭ ᠡᠯᠪᠡᠭ ᠪᠠᠶᠠᠯᠢᠭ ᠪᠠᠶᠢᠳᠠᠭ  ᠃               http://mongol.people.com.cn/15823331.html
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号