︵ᠰᠤᠷᠪᠤᠯᠵᠢᠯᠠᠭᠴᠢ ᠰᠦᠩ ᠰᠢᠶᠠᠩ ᠬᠤᠸᠠ︶ ᠣᠷᠴᠢᠮᠬᠠᠨ᠂ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ᠠᠴᠠ 2020 ᠣᠨ ᠤ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠪᠠᠭᠤᠷᠠᠢ ᠭᠤᠭᠴᠤᠭ᠎ᠠ ᠶᠢ | ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠦᠷᠢ ᠪᠡᠯᠡ ᠮᠥᠩᠭᠦ 494 ᠲᠦᠮᠡᠨ ᠲᠥᠭᠦᠷᠢᠭ | ᠪᠠᠭᠤᠯᠭᠠᠪᠠ᠃ | ᠡᠯ᠎ᠡ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ᠂ ᠰᠤᠷᠭᠠᠨ ᠬᠥᠮᠥᠵᠢᠯ ᠤᠨ ᠰᠠᠯᠠᠭ᠎ᠠ ᠮᠥᠴᠢᠷ ︽ | ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠪᠠᠭᠤᠷᠠᠢ ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ | ᠳᠡᠭᠡᠭᠰᠢᠯᠡᠭᠦᠯᠬᠦ ᠶᠢ ᠦᠨᠡᠨᠬᠦ ᠰᠠᠶᠢᠲᠤᠷ ᠬᠢᠬᠦ ᠠᠵᠢᠯ ᠤᠨ ᠲᠥᠰᠥᠯ︾ ᠤᠨ ᠱᠠᠭᠠᠷᠳᠠᠯᠭ᠎ᠠ ᠶᠣᠰᠣᠭᠠᠷ᠂ ︽ᠬᠡᠷᠡᠭ ᠲᠠᠢ | ᠂ ᠬᠡᠷᠡᠭᠯᠡᠵᠦ ᠬᠦᠷᠬᠦ᠂ ᠠᠮᠤᠷ ᠲᠦᠪᠰᠢᠨ᠂ ᠠᠷᠪᠢᠯᠠᠬᠤ︾ ᠵᠠᠷᠴᠢᠮ ᠢ ᠪᠠᠷᠢᠮᠲᠠᠯᠠᠨ᠂ ᠮᠠᠯᠵᠢᠬᠤ ᠲᠠᠷᠢᠶᠠᠯᠠᠬᠤ | ᠣᠷᠣᠨ ᠤ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠰᠤᠷᠭᠠᠭᠤᠯᠢ ᠶᠢᠨ ᠪᠠᠶᠢᠷᠢᠰᠢᠭᠤᠯᠤᠯ ᠤᠨ | ᠲᠥᠯᠥᠪᠵᠢᠭᠦᠯᠭᠡ ᠶᠢ ᠤᠯᠠᠮ ᠨᠢᠭᠡ ᠠᠯᠬᠤᠮ ᠵᠠᠰᠠᠨ ᠲᠡᠭᠦᠯᠳᠡᠷᠵᠢᠭᠦᠯᠵᠦ᠂ ᠬᠤᠲᠠ ᠪᠠᠯᠭᠠᠰᠤ ᠶᠢᠨ ᠰᠤᠷᠭᠠᠭᠤᠯᠢ ᠶᠢᠨ | ︽ᠶᠡᠭᠡ ᠪᠠᠭᠳᠠᠭᠠᠮᠵᠢᠳᠤ ᠠᠩᠭᠢ︾ ᠶᠢ ᠭᠤᠣᠯᠳᠠᠯᠭ᠎ᠠ ᠲᠠᠢ ᠦᠭᠡᠶᠢᠰᠬᠡᠵᠦ᠂ ᠰᠢᠶᠠᠩ ᠪᠠᠯᠭᠠᠰᠤ ᠶᠢᠨ ᠪᠠᠶᠢᠷᠢ ᠳᠤ | ᠰᠠᠭᠤᠬᠤ ᠰᠤᠷᠭᠠᠭᠤᠯᠢ᠂ ᠬᠦᠳᠡᠭᠡ ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ | ᠨᠥᠬᠦᠴᠡᠯ ᠢ ᠰᠠᠶᠢᠵᠢᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ ᠰᠤᠷᠭᠠᠨ ᠬᠥᠮᠥᠵᠢᠯ ᠤᠨ | ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠣᠯᠣᠨ᠎ᠠ᠃ |