ᠬᠥᠬᠡᠬᠤᠲᠠ ᠶᠢᠨ ᠰᠢᠤᠳᠠᠨ ᠤ ᠲᠦᠷᠭᠡᠨ ᠬᠦᠷᠭᠡᠬᠦ ᠠᠵᠦ ᠣᠶᠢᠯᠡᠰ ᠪᠣᠬᠢᠷᠲᠤᠯ ᠥᠬᠡᠶ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠵᠦ ᠪᠣᠬᠢᠷᠲᠤᠯ ᠥᠬᠡᠶ ᠪᠣᠭᠤᠳᠠᠯ ᠤᠨ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2020/9/9
     ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠰᠥᠩ ᠰᠢᠶᠠᠩ ᠬᠤᠸᠠ︶ ᠡᠨᠡ ᠵᠢᠯ ᠠᠴᠠ ᠨᠠᠰᠢ᠂ ᠬᠥᠬᠡᠬᠤᠲᠠ ᠶᠢᠨ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠨᠢ  ᠬᠦᠬᠡᠬᠤᠳᠠ ᠶᠢ ᠪᠦᠬᠦ ᠤᠯᠤᠰ ᠤᠨ ᠲᠦᠷᠦᠭᠦᠤ ᠪᠦᠯᠦᠭ ᠬᠤᠭ ᠨᠣᠪᠰᠢ ᠶᠢ ᠲᠥᠷᠥᠯ ᠬᠤᠪᠢᠶᠠᠬᠤ ᠲᠤᠷᠰᠢᠯᠲᠠ ᠶᠢᠨ ᠴᠢᠭ᠋  ᠤᠨ ᠬᠤᠲᠠ ᠪᠠᠷ ᠲᠣᠭᠳᠠᠭᠠᠭᠳᠠᠭᠰᠠᠨ ᠲᠣᠬᠢᠶᠠᠯ ᠢᠶᠠᠷ᠂ ᠰᠢᠤᠳᠠᠨ ᠤ ᠶᠠᠪᠤᠳᠠᠯ ᠤᠨ ᠲᠦᠷᠭᠡᠨ ᠬᠦᠷᠭᠡᠬᠦ ᠠᠵᠤ ᠠᠬᠤᠶᠢᠯᠠᠯ ᠤᠨ ᠪᠣᠬᠢᠷᠲᠤᠯ ᠦᠭᠡᠢ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠰᠢᠨ᠎ᠡ ᠬᠡᠯᠪᠡᠷᠢ ᠶᠢᠨ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠴᠢᠳᠠᠮᠵᠢ ᠲᠠᠢ ᠮᠠᠲ᠋ᠧᠷᠢᠶᠠᠯ ᠢ ᠢᠳᠡᠪᠬᠢᠲᠠᠢ ᠬᠡᠷᠡᠭᠯᠡᠵᠦ᠂ ᠪᠣᠬᠢᠷᠲᠤᠯ ᠦᠭᠡᠢ ᠪᠦᠲᠦᠭᠡᠭᠳᠡᠬᠦᠨ ᠤ ᠬᠠᠩᠭᠠᠯᠭ᠎ᠠ ᠶᠢ ᠪᠦᠲᠦᠮᠵᠢᠲᠡᠢ  ᠨᠡᠮᠡᠭᠳᠡᠭᠦᠯᠵᠦ ᠪᠠᠶᠢᠨ᠎ᠠ᠃     ᠰᠢᠤᠳᠠᠨ ᠤ ᠲᠦᠷᠭᠡᠨ ᠬᠦᠷᠭᠡᠬᠦ ᠠᠵᠢᠯ ᠲᠥᠷᠥᠯ ᠤᠨ ᠪᠣᠭᠤᠳᠠᠯ ᠤᠨ ᠪᠣᠬᠢᠷᠲᠤᠯ ᠦᠭᠡᠢ ᠵᠠᠰᠠᠯᠲᠠ ᠶᠢ  ᠴᠢᠩᠭᠠᠳᠬᠠᠬᠤ ᠶᠢᠨ ᠲᠥᠯᠥᠭᠡ᠂ ᠠᠵᠢᠯ ᠲᠥᠷᠥᠯ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠶᠢᠯᠠᠭᠠᠭᠳᠠᠬᠤᠨ ᠢ ᠥᠷᠭᠡᠨ ᠢᠶᠠᠷ ᠣᠬᠠᠭᠤᠯᠵᠤ᠂ ᠠᠵᠢᠯ ᠲᠥᠷᠥᠯ ᠤᠨ ᠪᠣᠬᠢᠷᠲᠤᠯ ᠥᠬᠡᠶ ᠬᠥᠭᠵᠢᠯᠲᠡ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠠᠵᠢᠯ ᠲᠥᠷᠥᠯ ᠤᠨ ᠪᠣᠬᠢᠷᠲᠤᠯ ᠦᠭᠡᠢ ᠬᠥᠭᠵᠢᠯᠲᠡ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠬᠦᠬᠡᠬᠤᠳᠠ ᠶᠢᠨ ᠰᠢᠤᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠦᠬᠦ ᠬᠤᠲᠠ ᠶᠢᠨ ᠰᠢᠤᠳᠠᠨ ᠤ ᠲᠦᠷᠭᠡᠨ ᠬᠦᠷᠭᠡᠬᠦ ᠠᠵᠦ ᠣᠶᠢᠯᠡᠰ ᠤᠨ ᠪᠣᠬᠢᠷᠲᠤᠯ ᠦᠭᠡᠶ ᠬᠥᠭᠵᠢᠯᠲᠡ ᠶᠢᠨ 9792 ᠢᠨᠵᠧᠨᠧᠷᠢᠩ ᠲᠠᠢ ᠤᠶᠠᠯᠳᠤᠭᠤᠯᠤᠨ᠂ ᠰᠦᠯᠢᠶᠣᠣ ᠶᠢᠨ ᠪᠣᠬᠢᠷᠲᠤᠯ ᠢ ᠵᠠᠰᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠰᠢᠤᠳᠠᠨ ᠤ ᠲᠦᠷᠭᠡᠨ ᠬᠦᠷᠬᠡᠬᠦ ᠠᠵᠢᠯ ᠲᠥᠷᠥᠯ ᠤᠨ ᠪᠣᠬᠢᠷᠲᠤᠯ ᠥᠬᠡᠶ ᠪᠣᠭᠤᠳᠠᠯ ᠤᠨ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠠᠬᠢᠭᠤᠯᠵᠤ᠂ ᠪᠥᠬᠦ ᠬᠤᠲᠠ ᠶᠢᠨ ᠰᠢᠤᠳᠠᠨ ᠤ ᠲᠦᠷᠭᠡᠨ ᠬᠦᠷᠬᠡᠯᠳᠡ ᠶᠢᠨ ᠲᠣᠤᠷ ᠴᠡᠭ᠂ ᠲᠦᠷᠭᠡᠨ ᠬᠦᠷᠬᠡᠯᠳᠡ ᠶᠢᠨ ᠠᠵᠤ ᠠᠬᠤᠶᠢᠯᠠᠯ ᠤᠨ ᠡᠯᠧᠺᠲᠷᠣᠨ ᠲᠡᠭᠡᠭᠡᠪᠣᠷᠢ ᠶᠢᠨ ᠬᠠᠭᠤᠳᠠᠰᠤ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠶᠢᠷᠴᠠᠭ ︵ᠤᠭᠤᠲᠠ︶᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠮ ᠪᠦᠰᠡ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠭᠵᠢᠶᠡᠰᠦ ᠵᠡᠷᠭᠡ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠣᠭᠤᠯᠲᠠ ᠶᠢ ᠳᠡᠯᠭᠡᠷᠡᠭᠦᠯᠦᠨ  ᠬᠡᠷᠡᠭᠯᠡᠵᠦ᠂ ᠪᠣᠭᠤᠳᠠᠯ ᠢᠯᠡᠭᠡᠭᠴᠢ ᠨᠢ ᠳᠠᠬᠢᠨ ᠠᠰᠢᠭᠯᠠᠵᠤ ᠪᠣᠯᠬᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠣᠭᠤᠳᠠᠯ ᠬᠡᠷᠡᠭᠯᠡᠬᠦ ᠶᠢ ᠵᠣᠷᠢᠭᠵᠢᠭᠤᠯᠤᠨ᠎ᠠ︔ ᠰᠦᠯᠢᠶᠣᠣ ᠬᠠᠶᠠᠭᠳᠠᠮᠠᠯ ᠪᠣᠳᠠᠰ ᠢ ᠬᠤᠷᠢᠶᠠᠨ ᠠᠪᠴᠤ ᠠᠰᠢᠭᠯᠠᠬᠤ ᠪᠠ ᠰᠢᠢᠳᠪᠣᠷᠢᠯᠡᠬᠦ ᠠᠵᠢᠯ ᠢ ᠳᠦᠷᠢᠮᠵᠢᠭᠦᠯᠵᠦ᠂ ᠠᠵᠤ ᠠᠬᠤᠶᠢᠯᠠᠯ ᠤᠨ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ ᠠᠰᠢᠭᠯᠠᠬᠤ ᠲᠣᠤᠷ ᠰᠦᠯᠵᠢᠶᠡᠨ ᠤ ᠪᠦᠳᠣᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠬᠤ ᠶᠢ ᠳᠡᠮᠵᠢᠵᠦ᠂ ᠡᠵᠡᠩᠨᠡᠯᠲᠡ ᠶᠢᠨ ᠲᠣᠤᠷ ᠴᠡᠭ ᠤᠨ ᠪᠠᠶᠢᠭᠤᠯᠣᠭᠰᠠᠨ ᠪᠣᠭᠤᠳᠠᠯ ᠤᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠬᠤ ᠲᠣᠨᠣᠭᠯᠠᠯ ᠢ ᠳᠡᠰ ᠲᠡᠪᠰᠢᠭᠦᠯᠣᠨ ᠰᠢᠯᠢᠳᠡᠭᠵᠢᠭᠦᠯᠵᠥ᠂ ᠪᠣᠭᠤᠳᠠᠯᠯᠠᠬᠤ ᠡᠬᠢ ᠪᠠᠶᠠᠯᠢᠭ  ᠤᠨ ᠡᠭᠡᠭᠦᠯᠦᠨ ᠬᠤᠷᠢᠶᠠᠵᠤ ᠠᠰᠢᠭᠯᠠᠬᠤ ᠨᠣᠷᠮ᠎ᠠ ᠶᠢ  ᠲᠡᠭᠡᠭᠰᠢᠯᠡᠭᠦᠯᠵᠥ︔ ᠲᠦᠷᠭᠡᠨ ᠬᠦᠷᠭᠡᠬᠦ ᠪᠣᠭᠤᠳᠠᠯ ᠪᠠᠭᠯᠠᠭ᠎ᠠ ᠶᠢ ᠬᠤᠷᠢᠶᠠᠨ ᠠᠪᠬᠤ ᠤᠷᠮᠠᠰᠢᠭᠤᠯᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠡᠷᠡᠭᠯᠡᠭᠴᠢᠳ ᠢ ᠬᠥᠲᠥᠯᠥᠨ ᠵᠢᠯᠣᠭᠤᠳᠴᠤ  ᠤᠷᠴᠢᠯᠳᠡᠳᠤ ᠬᠡᠷᠡᠭᠯᠡᠭᠡᠨ ᠤ ᠦᠨ᠎ᠡ ᠥᠷᠲᠡᠭ  ᠪᠦᠬᠦᠢ ᠪᠣᠭᠤᠳᠠᠯ  ᠪᠠᠭᠯᠠᠭ᠎ᠠ ᠬᠠᠶᠠᠭᠳᠠᠮᠠᠯ ᠪᠣᠳᠠᠰ ᠢ ᠢᠯᠡᠬᠡᠨ ᠬᠦᠷᠭᠡᠬᠦ ᠠᠵᠤ ᠠᠬᠤᠶᠢᠯᠠᠯ ᠳᠤ ᠡᠭᠡᠬᠦᠯᠦᠨ ᠲᠤᠰᠢᠶᠠᠵᠦ᠂ ᠬᠡᠷᠡᠭᠯᠡᠭᠴᠢᠳ ᠤᠨ ᠢᠳᠡᠪᠬᠢᠵᠢᠯ ᠢ ᠳᠠᠶᠢᠴᠢᠯᠠᠵᠤ᠂ ᠰᠠᠶᠢᠨ ᠣᠷᠴᠢᠯ ᠢ ᠪᠣᠢ ᠪᠣᠯᠭᠠᠬᠤ ᠬᠡᠷᠡᠭᠲᠠᠢ ᠬᠡᠵᠣ ᠱᠠᠭᠠᠷᠳᠠᠪᠠ᠃ ᠳᠠᠷᠠᠭ᠎ᠠ ᠠᠯᠬᠤᠮ ᠳᠤ᠂ ᠲᠤᠰ ᠲᠣᠪᠴᠢᠶ᠎ᠠ ᠨᠢ ᠰᠦᠯᠢᠶᠣᠣ ᠪᠣᠬᠢᠷᠲᠤᠯ ᠢ ᠵᠠᠰᠠᠬᠤ ᠲᠣᠭᠲᠠᠴᠠ ᠶᠢ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠨ ᠨᠡᠶᠢᠯᠡᠮᠡᠯ  ᠬᠦᠴᠣᠨ ᠢ ᠪᠦᠷᠢᠯᠳᠦᠭᠦᠯᠵᠦ᠂ ᠡᠳᠦᠷ ᠲᠤᠲᠤᠮ ᠤᠨ ᠠᠵᠢᠯ ᠲᠥᠷᠥᠯ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠯᠲᠠ  ᠪᠠᠶᠢᠴᠠᠭᠠᠯᠳᠠ ᠶᠢ ᠴᠢᠩᠭᠠᠳᠬᠠᠵᠤ᠂ ᠴᠡᠭ  ᠢᠶᠠᠷ ᠨᠡᠶᠢᠳᠡᠮ ᠢ ᠳᠠᠶᠢᠴᠢᠯᠠᠨ᠂ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠰᠢᠤᠳᠠᠨ ᠤ ᠲᠦᠷᠭᠡᠨ ᠬᠦᠷᠭᠡᠬᠦ ᠠᠵᠦ ᠣᠶᠢᠯᠡᠰ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠣᠷᠢᠯᠡᠬᠦ  ᠪᠠᠶᠢᠯᠳᠤᠭᠠᠨ ᠢ ᠡᠷᠡᠰ ᠰᠠᠶᠢᠲᠤᠷ ᠬᠢᠨ᠎ᠡ᠃ http://mongol.people.com.cn/15823495.html
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号