ᠮᠠᠨ ᠤ ᠬᠤᠲᠠ ᠲᠣᠭᠲᠠᠮᠠᠯ ᠬᠥᠷᠥᠩᠭᠡ ᠶᠢ ᠳᠠᠩᠰᠠᠯᠠᠬᠤ ᠰᠦᠢᠳᠬᠡᠯ ᠢ ᠰᠦᠯᠵᠢᠶᠡᠨ ᠳᠡᠭᠡᠷ᠎ᠡ ᠲᠤᠰᠢᠶᠠᠵᠤ ᠪᠣᠯᠬᠤ ᠪᠣᠯᠪᠠ
ᠨᠡᠶᠢᠲᠡᠯᠡᠭᠰᠡᠨ ᠴᠠᠭ᠄
2020/9/9
       ︵ᠰᠤᠷᠪᠤᠯᠵᠢᠯᠠᠭᠴᠢ ᠰᠦᠩ ᠰᠢᠶᠠᠩ ᠬᠤᠸᠠ︶ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠲᠣᠭᠲᠠᠮᠠᠯ ᠬᠥᠷᠥᠩᠭᠡ ᠶᠢ ᠳᠠᠩᠰᠠᠯᠠᠬᠤ ᠦᠢᠯᠡᠴᠢᠯᠡᠭᠡ ᠶᠢ ᠳᠥᠭᠦᠮᠴᠢᠯᠡᠬᠦ ᠶᠢ ᠭᠦᠨᠵᠡᠭᠡᠢ ᠠᠬᠢᠭᠤᠯᠵᠤ᠂ ︽ᠢᠨᠲ᠋ᠧᠷ ᠰᠦᠯᠵᠢᠶ᠎ᠡ + ᠲᠣᠭᠲᠠᠮᠠᠯ ᠬᠥᠷᠥᠩᠭᠡ ᠶᠢ ᠳᠠᠩᠰᠠᠯᠠᠬᠤ︾ ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ ︽ᠲᠣᠭᠲᠠᠮᠠᠯ ᠬᠥᠷᠥᠩᠭᠡ ᠶᠢ ᠳᠠᠩᠰᠠᠯᠠᠬᠤ ᠶᠢ ᠭᠦᠢᠴᠡᠳᠬᠡᠬᠦ ᠴᠠᠭ ᠢ ᠤᠯᠠᠮ ᠨᠢᠭᠡ ᠠᠯᠬᠤᠮ ᠪᠣᠭᠤᠨᠢᠰᠬᠠᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠬᠥᠬᠡᠬᠤᠲᠠ ᠶᠢᠨ ᠲᠣᠭᠲᠠᠮᠠᠯ ᠬᠥᠷᠥᠩᠭᠡ ᠶᠢ ᠳᠠᠩᠰᠠᠯᠠᠬᠤ ᠲᠥᠪ ᠠᠴᠠ ᠲᠣᠭᠲᠠᠮᠠᠯ ᠬᠥᠷᠥᠩᠭᠡ ᠶᠢ ᠳᠠᠩᠰᠠᠯᠠᠬᠤ ᠰᠦᠢᠳᠬᠡᠯ ᠢ ᠰᠦᠯᠵᠢᠶᠡᠨ ᠳᠡᠭᠡᠷ᠎ᠡ ᠲᠤᠰᠢᠶᠠᠬᠤ ᠲᠤᠬᠠᠶᠢᠯᠠᠭᠰᠠᠨ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ᠃      ᠪᠣᠳᠠᠲᠠᠢ ᠭᠦᠢᠴᠡᠳᠬᠡᠬᠦ ᠶᠠᠪᠤᠴᠠ᠄ ᠲᠣᠭᠲᠠᠮᠠᠯ ᠬᠥᠷᠥᠩᠭᠡ ᠶᠢ ᠳᠠᠩᠰᠠᠯᠠᠭᠤᠯᠬᠤ ᠶᠢ ᠭᠤᠶᠤᠴᠢᠯᠠᠭᠴᠢ ᠬᠥᠬᠡᠬᠤᠲᠠ ᠶᠢᠨ ᠲᠣᠭᠲᠠᠮᠠᠯ ᠬᠥᠷᠥᠩᠭᠡ ᠶᠢ ᠳᠠᠩᠰᠠᠯᠠᠬᠤ ᠲᠥᠪ ᠤᠨ ᠰᠦᠢᠳᠬᠡᠯ ᠲᠤᠰᠢᠶᠠᠵᠤ ᠦᠨᠡᠮᠯᠡᠬᠦ ᠪᠠᠨ ᠠᠪᠬᠤ ᠣᠬᠤᠷ ᠮᠡᠳᠡᠭᠡ ᠶᠢ ᠲᠣᠰᠣᠭᠰᠠᠨ ᠤ ᠳᠠᠷᠠᠭ᠎ᠠ᠂ ᠬᠥᠬᠡᠬᠤᠲᠠ ᠶᠢᠨ ᠲᠣᠭᠲᠠᠮᠠᠯ ᠬᠥᠷᠥᠩᠭᠡ ᠶᠢ ᠳᠠᠩᠰᠠᠯᠠᠬᠤ ᠲᠥᠪ ᠤᠨ ᠸᠢᠴᠠᠲ ᠲᠠᠪᠴᠠᠩ ᠳᠤ ᠳᠠᠩᠰᠠᠯᠠᠭᠤᠯᠤᠨ᠂ ᠲᠣᠭᠲᠠᠮᠠᠯ ᠬᠥᠷᠥᠩᠭᠡ ᠶᠢᠨ ︽ᠰᠦᠯᠵᠢᠶᠡᠨ ᠳᠡᠭᠡᠷᠡᠬᠢ ᠠᠵᠢᠯ ᠭᠦᠢᠴᠡᠳᠬᠡᠬᠦ ᠲᠢᠩᠬᠢᠮ︾ ᠳᠤ ᠣᠷᠣᠵᠤ᠂ ︽ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ︾ ᠴᠢᠳᠠᠮᠵᠢ ᠶᠢ ᠰᠣᠩᠭᠤᠨ᠂ ᠺᠣᠳ᠋ ᠰᠢᠷᠪᠢᠬᠦ ᠳᠠᠷᠤᠪᠴᠢ ᠶᠢ ᠳᠠᠷᠤᠵᠤ ︽ᠰᠦᠢᠳᠬᠡᠯ ᠲᠤᠰᠢᠶᠠᠬᠤ ᠮᠡᠳᠡᠭᠳᠡᠯ ᠤᠨ ᠪᠢᠴᠢᠭ︾ ᠳᠡᠭᠡᠷᠡᠬᠢ ᠮᠡᠷᠭᠡᠨ ᠴᠣᠬᠤᠷ ᠢ ᠰᠢᠷᠪᠢᠨ ᠰᠦᠢᠳᠬᠡᠯ ᠲᠤᠰᠢᠶᠠᠬᠤ ᠮᠡᠳᠡᠭᠡ ᠵᠠᠩᠭᠢ ᠶᠢ ᠣᠯᠵᠤ᠂ ᠬᠠᠷᠭᠤᠭᠤᠯᠤᠭᠠᠳ ᠪᠤᠷᠤᠭᠤ ᠦᠭᠡᠢ ᠪᠣᠯ ᠳᠠᠷᠤᠢ ᠲᠤᠰᠢᠶᠠᠵᠤ ᠪᠣᠯᠣᠨ᠎ᠠ᠃ ᠭᠤᠶᠤᠴᠢᠯᠠᠭᠴᠢ ᠠᠴᠠ ᠰᠦᠢᠳᠬᠡᠯ ᠢᠶᠠᠨ ᠲᠤᠰᠢᠶᠠᠭᠰᠠᠨ ᠤ ᠳᠠᠷᠠᠭ᠎ᠠ᠂ ︽ᠬᠦᠯᠢᠶᠡᠨ ᠠᠪᠤᠭᠰᠠᠨ ᠪᠠᠷᠢᠮᠲᠠ︾ ᠪᠠᠨ ᠠᠪᠴᠤ ᠳᠣᠯᠣᠭᠠᠨ ᠠᠵᠢᠯ ᠤᠨ ᠡᠳᠦᠷ ᠤᠨ ᠳᠣᠲᠣᠷ᠎ᠠ ᠬᠤᠲᠠ ᠶᠢᠨ ᠲᠣᠭᠲᠠᠮᠠᠯ ᠬᠥᠷᠥᠩᠭᠡ ᠶᠢ ᠳᠠᠩᠰᠠᠯᠠᠬᠤ ᠲᠥᠪ ᠤᠨ ᠦᠢᠯᠡᠴᠢᠯᠡᠭᠡᠨ ᠤ ᠲᠢᠩᠬᠢᠮ ᠤᠨ ᠰᠦᠢᠳᠬᠡᠯ ᠲᠤᠰᠢᠶᠠᠬᠤ ᠴᠣᠩᠬᠤᠨ ᠳᠤ ᠣᠴᠢᠵᠤ ᠴᠠᠭᠠᠰᠤᠨ ᠤ ︽ᠭᠠᠶᠢᠯᠢ ᠶᠢᠨ ᠪᠤᠰᠤ ᠣᠷᠣᠯᠭ᠎ᠠ ᠶᠢᠨ ᠡᠩ ᠤᠨ ᠰᠦᠢᠳᠬᠡᠯ ᠲᠤᠰᠢᠶᠠᠭᠰᠠᠨ ᠪᠠᠷᠢᠮᠲᠠ︾ ᠪᠠᠨ ᠠᠪᠴᠤ ᠪᠣᠯᠣᠨ᠎ᠠ᠂ ᠬᠡᠷᠪᠡ ᠴᠠᠭᠠᠰᠤᠨ ᠤ ︽ᠭᠠᠶᠢᠯᠢ ᠶᠢᠨ ᠪᠤᠰᠤ ᠣᠷᠣᠯᠭ᠎ᠠ ᠶᠢᠨ ᠡᠩ ᠤᠨ ᠰᠦᠢᠳᠬᠡᠯ ᠲᠤᠰᠢᠶᠠᠭᠰᠠᠨ ᠪᠠᠷᠢᠮᠲᠠ︾ ᠶᠢ ᠱᠠᠭᠠᠷᠳᠠᠬᠤ ᠦᠭᠡᠢ ᠪᠣᠯᠪᠠᠯ᠂ ᠰᠢᠭᠤᠳ ᠣᠬᠤᠷ ᠮᠡᠳᠡᠭᠡ ᠶᠢᠨ ᠰᠠᠨᠠᠭᠤᠯᠤᠭᠰᠠᠨ ᠢᠶᠠᠷ ᠦᠨᠡᠮᠯᠡᠯ ᠣᠯᠭᠤᠬᠤ ᠴᠣᠩᠬᠤᠨ ᠳᠤ ᠣᠴᠢᠵᠤ ᠦᠨᠡᠮᠯᠡᠯ ᠢᠶᠠᠨ ᠠᠪᠴᠤ ᠪᠣᠯᠣᠨ᠎ᠠ᠃ 
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号