ᠰᠢᠨ᠎ᠡ ᠲᠣᠭᠤᠷᠢᠭ ᠲᠤ ᠪᠡᠯᠡ ᠣᠷᠤᠭᠤᠯᠤᠨ ᠲᠦᠷᠦᠯ ᠵᠦᠢᠯ ᠪᠠᠶᠢᠭᠤᠯᠬᠤ ᠳᠤ᠂ ᠴᠢᠨᠠᠷ ᠰᠠᠶᠢᠲᠠᠢ ᠵᠠᠭᠤᠴᠢ ᠶᠢ ᠬᠠᠮᠢᠭ᠎ᠠ ᠠᠴᠠ ᠡᠷᠢᠬᠦ ᠪᠤᠢ︖ ᠰᠢᠨ᠎ᠡ ᠲᠣᠭᠤᠷᠢᠭ ᠤᠨ ᠵᠠᠭᠤᠴᠢ ︽ᠬᠡᠲᠦ ᠳᠡᠯᠭᠡᠭᠦᠷ︾ ᠡᠭᠦᠳᠡ ᠪᠠᠨ ᠨᠡᠬᠡᠬᠡᠯ᠎ᠡ
ᠨᠡᠶᠢᠲᠡᠯᠡᠭᠰᠡᠨ ᠴᠠᠭ᠄
2021/1/10
     ᠰᠢᠨ᠎ᠡ ᠲᠣᠭᠤᠷᠢᠭ ᠲᠤ ᠪᠡᠯᠡ ᠣᠷᠤᠭᠤᠯᠤᠨ ᠲᠦᠷᠦᠯ ᠵᠦᠢᠯ ᠪᠠᠶᠢᠭᠤᠯᠬᠤ ᠳᠤ᠂ ᠴᠢᠨᠠᠷ ᠰᠠᠶᠢᠲᠠᠢ ᠵᠠᠭᠤᠴᠢ ᠶᠢ ᠬᠠᠮᠢᠭ᠎ᠠ ᠠᠴᠠ ᠡᠷᠢᠬᠦ ᠪᠤᠢ︖      ᠰᠢᠨ᠎ᠡ ᠲᠣᠭᠤᠷᠢᠭ ᠤᠨ ᠵᠠᠭᠤᠴᠢ ︽ᠬᠡᠲᠦ ᠳᠡᠯᠭᠡᠭᠦᠷ︾ ᠡᠭᠦᠳᠡ ᠪᠠᠨ ᠨᠡᠬᠡᠬᠡᠯ᠎ᠡ      ᠪᠦᠬᠦ ᠬᠦᠷᠢᠶ᠎ᠡ ᠴᠠᠷᠠᠭ᠎ᠠ ᠶᠢ ᠬᠠᠮᠤᠷᠤᠭᠰᠠᠨ᠂ ᠪᠡᠶ᠎ᠡ ᠪᠠᠨ ᠳᠠᠭᠠᠭᠠᠨ ᠠᠷᠠᠯᠵᠢᠶᠠᠯᠠᠬᠤ᠂ ᠲᠣᠮᠣ ᠳ᠋ᠠᠶᠢᠲ᠋ᠠ ᠪᠠᠷ ᠬᠢᠨᠠᠨ ᠬᠠᠮᠢᠶᠠᠷᠬᠤ      ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾ ᠶᠢᠨ ᠵᠠᠭᠤᠴᠢ ᠬᠡᠲᠦ ᠳᠡᠯᠭᠡᠭᠦᠷ ᠡᠵᠡᠩᠨᠡᠯᠲᠡ ᠪᠠᠨ ᠡᠬᠢᠯᠡᠭᠦᠯᠪᠡ      2021 ᠣᠨ ᠤ 1 ᠳ᠋ᠦ᠋ᠭᠡᠷ ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾ ᠶᠢᠨ ᠲᠠᠪᠴᠠᠩ ᠤᠨ ᠵᠠᠭᠤᠴᠢ ᠬᠡᠲᠦ ᠳᠡᠯᠭᠡᠭᠦᠷ ᠤᠨ ᠡᠬᠢᠯᠡᠯᠲᠡ ᠶᠢᠨ ᠶᠣᠰᠣᠯᠠᠯ ᠬᠢᠪᠡ᠃
     ᠯᠦᠸᠧ ᠴᠢᠩ ᠲᠦᠷᠦᠭᠦᠦ ᠪᠦᠯᠦᠭ ᠤᠨ 35 ᠵᠠᠭᠤᠴᠢ ᠪᠠᠶᠢᠭᠤᠯᠤᠮᠵᠢ ᠳᠤ ︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠵᠠᠭᠤᠴᠢ ᠬᠡᠲᠦ ᠳᠡᠯᠭᠡᠭᠦᠷ ᠲᠤ ᠣᠷᠣᠵᠤ ᠰᠠᠭᠤᠷᠢᠰᠢᠬᠤ ᠮᠡᠳᠡᠭᠳᠡᠯ ᠤᠨ ᠪᠢᠴᠢᠭ︾ ᠢ ᠣᠯᠭᠤᠪᠠ      ᠬᠥᠬᠡᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠳᠡᠳ᠋ ᠬᠤᠲᠠ ᠶᠢᠨ ᠳᠠᠷᠤᠭ᠎ᠠ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠦᠸᠧ ᠴᠢᠩ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠭᠡᠰᠢᠭᠦᠨ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠬᠤᠤ ᠳ᠋ᠠᠩ ᠵᠧᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠵᠠᠭᠤᠴᠢ ᠬᠡᠲᠦ ᠳᠡᠯᠭᠡᠭᠦᠷ ᠲᠤ ᠣᠷᠣᠵᠤ ᠰᠠᠭᠤᠷᠢᠰᠢᠭᠰᠠᠨ ᠬᠠᠮᠢᠶ᠎ᠠ ᠪᠥᠬᠦᠶ ᠵᠠᠭᠤᠴᠢ ᠪᠠᠶᠢᠭᠤᠯᠤᠮᠵᠢ ᠶᠢᠨ ᠲᠥᠯᠥᠭᠡᠯᠡᠭᠴᠢᠳ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠯᠦᠸᠧ ᠴᠢᠩ ᠥᠪᠥᠷ ᠮᠣᠩᠭᠤᠯ ᠤᠨ ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ᠂ ᠵᠥᠩ ᠵᠣᠣ ᠣᠯᠠᠨ ᠤᠯᠤᠰ ᠤᠨ ᠳᠠᠭᠠᠭᠠᠴᠢᠯᠠᠯᠲᠠ ᠵᠠᠷᠯᠠᠬᠤ ᠬᠢᠵᠠᠭᠠᠷᠲᠤ ᠺᠣᠮᠫᠠᠨᠢ᠂ ᠪᠡᠭᠡᠵᠢᠩ ᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠵᠢᠷᠤᠭ ᠲᠥᠯᠥᠪᠯᠡᠭᠡᠨ ᠤ ᠬᠥᠭᠵᠢᠯᠲᠡ ᠶᠢᠨ ᠪᠦᠯᠦᠭᠯᠡᠯ ᠤᠨ ᠬᠤᠪᠢ ᠣᠷᠤᠭᠤᠯᠤᠯᠲᠠ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠤᠸᠠᠨ ᠵᠢᠶᠠᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠱᠠᠨᠳᠦ᠋ᠩ ᠤᠨ ᠾᠧᠩ ᠾᠧ ᠢᠨᠵᠧᠨᠧᠷᠢᠩ ᠤᠨ ᠵᠥᠪᠯᠡᠯᠭᠡ ᠥᠭᠬᠦ ᠬᠢᠵᠠᠭᠠᠷᠲᠤ ᠺᠣᠮᠫᠠᠨᠢ᠂ ᠪᠡᠭᠡᠵᠢᠩ ᠤᠨ ᠵᠥᠩ ᠴᠢ ᠠᠨ ᠰᠢᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠤᠩ ᠴᠧᠩ ᠾᠧ ᠢᠨᠵᠧᠨᠧᠷᠢᠩ ᠤᠨ ᠲᠥᠷᠥᠯ ᠵᠦᠶᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠵᠡᠷᠭᠡ ᠲᠦᠷᠦᠭᠦᠦ ᠪᠦᠯᠦᠭ ᠤᠨ 35 ᠵᠠᠭᠤᠴᠢ ᠪᠠᠶᠢᠭᠤᠯᠤᠮᠵᠢ  ᠶᠢᠨ ᠲᠥᠯᠥᠭᠡᠯᠡᠭᠴᠢ ᠳᠤ ︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠵᠠᠭᠤᠴᠢ ᠬᠡᠲᠦ ᠳᠡᠯᠭᠡᠭᠦᠷ ᠲᠤ ᠣᠷᠣᠵᠤ ᠰᠠᠭᠤᠷᠢᠰᠢᠬᠤ ᠮᠡᠳᠡᠭᠳᠡᠯ ᠤᠨ ᠪᠢᠴᠢᠭ︾ ᠢ ᠣᠯᠭᠤᠪᠠ᠃      ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾ ᠶᠢᠨ ᠲᠠᠪᠴᠠᠩ ᠤᠨ ᠵᠠᠭᠤᠴᠢ ᠬᠡᠲᠦ ᠳᠡᠯᠭᠡᠭᠦᠷ ᠪᠣᠯ ᠠᠵᠤ ᠠᠬᠤᠶᠢᠯᠠᠯ᠂ ᠣᠯᠠᠨ ᠲᠦᠮᠡᠨ ᠪᠠ ᠵᠠᠭᠤᠴᠢ ᠪᠠᠶᠢᠭᠤᠯᠤᠮᠵᠢ ᠳᠤ ᠮᠡᠳᠡᠭᠡ ᠵᠠᠩᠭᠢ ᠶᠢ ᠳᠠᠩᠰᠠᠯᠠᠬᠤ᠂ ᠮᠡᠳᠡᠭᠡ ᠵᠠᠩᠭᠢ ᠶᠢ ᠢᠯᠡ ᠨᠡᠶᠢᠲᠡᠯᠡᠬᠦ᠂ ᠢᠲᠡᠭᠡᠮᠵᠢ ᠲᠠᠨᠢᠯᠴᠠᠭᠤᠯᠬᠤ᠂ ᠦᠶᠯᠡᠴᠢᠯᠡᠭᠡ ᠶᠢ ᠪᠠᠶᠢᠴᠠᠭᠠᠨ ᠯᠠᠪᠯᠠᠬᠤ ᠵᠡᠷᠭᠡ ᠦᠶᠯᠡᠴᠢᠯᠡᠭᠡ ᠬᠠᠩᠭᠠᠬᠤ ᠶᠡᠷᠦᠩᠬᠡᠶᠢᠯᠡᠭᠰᠡᠨ ᠬᠠᠮᠢᠶᠠᠷᠤᠯᠲᠠ  ᠶᠢᠨ ᠲᠠᠪᠴᠠᠩ ᠪᠣᠯᠤᠨ᠎ᠠ᠂ ᠲᠡᠷᠡ ᠨᠢ ᠲᠥᠪ ᠭᠤᠤᠯᠴᠢ᠂ ᠵᠢᠷᠤᠮᠵᠢᠭᠤᠨ᠂ ᠳᠥᠭᠦᠮ ᠳᠥᠲᠡ᠂ ᠥᠨᠳᠥᠷ ᠪᠦᠲᠦᠮᠵᠢᠲᠡᠶ ᠵᠠᠭᠤᠴᠢ ᠦᠶᠯᠡᠴᠢᠯᠡᠭᠡᠨ ᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠪᠣᠶ ᠪᠣᠯᠭᠠᠵᠤ᠂ ᠲᠥᠪ ᠭᠤᠤᠯᠴᠢ ᠨᠡᠭᠡᠭᠡᠯᠲᠡᠲᠡᠶ᠂ ᠥᠷᠢᠰᠥᠯᠳᠦᠭᠡᠨ ᠨᠢ ᠡᠮᠬᠢ ᠵᠢᠷᠤᠮ ᠲᠠᠢ᠂ ᠦᠨᠡᠨᠴᠢ ᠢᠲᠡᠭᠡᠮᠵᠢᠲᠡᠶ᠂ ᠠᠵᠢᠯ ᠡᠷᠭᠢᠯᠡᠬᠦ ᠨᠢ ᠵᠢᠷᠤᠮᠵᠢᠭᠰᠠᠨ ᠵᠠᠭᠤᠴᠢ ᠦᠶᠯᠡᠴᠢᠯᠡᠭᠡᠨ ᠤ ᠵᠠᠬ᠎ᠠ ᠳᠡᠯᠭᠡᠭᠦᠷ ᠢ ᠪᠠᠶᠢᠭᠤᠯᠬᠤ ᠶᠢᠨ ᠲᠥᠯᠥᠭᠡ ᠶᠤᠮ᠃ ᠰᠢᠨ᠎ᠡ ᠲᠣᠭᠤᠷᠢᠭ ᠤᠨ ᠵᠠᠭᠤᠴᠢ ᠬᠡᠲᠦ ᠳᠡᠯᠭᠡᠭᠦᠷ ᠨᠢ ᠭᠤᠤᠯᠳᠠᠭᠤ ᠭᠤᠷᠪᠠᠨ ᠶᠡᠭᠡ ᠣᠨᠴᠠᠯᠢᠭ ᠲᠠᠢ ᠪᠠᠶᠢᠳᠠᠭ᠂ ᠪᠥᠬᠦ ᠣᠷᠣᠨ ᠤ ᠠᠩᠬᠠᠳᠠᠭᠴᠢ ᠪᠥᠬᠦ ᠬᠦᠷᠢᠶ᠎ᠡ ᠴᠠᠷᠠᠭ᠎ᠠ ᠶᠢ ᠬᠠᠮᠤᠷᠤᠭᠰᠠᠨ ᠰᠦᠯᠵᠢᠶᠡᠨ ᠳᠡᠭᠡᠷᠡᠬᠢ ᠵᠠᠭᠤᠴᠢ ᠬᠡᠲᠦ ᠳᠡᠯᠭᠡᠭᠦᠷ ᠪᠣᠯᠤᠨ᠎ᠠ᠂ ᠡᠭᠦᠨ ᠳᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠦᠶᠯᠡᠴᠢᠯᠡᠭᠡᠨ ᠤ ᠵᠦᠶᠯᠡᠰ ᠢ ᠪᠠᠭᠲᠠᠭᠠᠭᠰᠠᠨ ᠵᠠᠭᠤᠴᠢ ᠦᠶᠯᠡᠴᠢᠯᠡᠭᠡᠨ ᠤ ᠪᠠᠶᠢᠭᠤᠯᠤᠮᠵᠢ ᠶᠢ ᠪᠠᠭᠲᠠᠭᠠᠬᠤ ᠪᠠᠷ ᠪᠠᠷᠠᠬᠤ ᠥᠬᠡᠶ ᠪᠠᠰᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠪᠤᠰᠤ ᠵᠠᠭᠤᠴᠢ ᠦᠶᠯᠡᠴᠢᠯᠡᠭᠡᠨ ᠤ ᠵᠦᠶᠯᠡᠰ ᠢ ᠬᠠᠮᠤᠷᠤᠭᠰᠠᠨ ᠡᠯ᠎ᠡ ᠲᠥᠷᠥᠯ ᠤᠨ ᠵᠠᠭᠤᠴᠢ ᠦᠶᠯᠡᠴᠢᠯᠡᠭᠡᠨ ᠤ ᠪᠠᠶᠢᠭᠤᠯᠤᠮᠵᠢ ᠶᠢ ᠪᠠᠭᠲᠠᠭᠠᠨ᠎ᠠ᠃ ᠵᠠᠭᠤᠴᠢ ᠬᠡᠲᠦ ᠳᠡᠯᠭᠡᠭᠦᠷ ᠲᠤ ᠪᠠᠷᠢᠮᠵᠢᠶ᠎ᠠ ᠪᠣᠶᠤ ᠨᠥᠬᠦᠴᠡᠯ ᠱᠠᠭᠠᠷᠳᠠᠯᠭ᠎ᠠ ᠲᠣᠬᠢᠷᠠᠭᠤᠯᠤᠭᠰᠠᠨ ᠥᠬᠡᠶ᠂ ᠠᠵᠢᠯᠯᠠᠬᠤ ᠬᠢᠷᠢ ᠬᠡᠮ ᠲᠠᠢ ᠵᠠᠭᠤᠴᠢ ᠪᠠᠶᠢᠭᠤᠯᠤᠮᠵᠢ ᠴᠥᠮ ᠨᠡᠷ᠎ᠡ ᠮᠡᠳᠡᠭᠦᠯᠵᠦ ᠪᠣᠯᠤᠨ᠎ᠠ᠂ ᠰᠢᠨ᠎ᠡ ᠲᠣᠭᠤᠷᠢᠭ ᠤᠨ ᠡᠯ᠎ᠡ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠨᠠᠷᠢᠨ ᠬᠢᠨᠠᠮᠠᠭᠠᠶ ᠬᠢᠨᠠᠨ ᠬᠠᠷᠭᠤᠭᠤᠯᠤᠭᠰᠠᠨ ᠤ ᠳᠠᠷᠠᠭ᠎ᠠ ᠂ ᠰᠢᠨ᠎ᠡ ᠲᠣᠭᠤᠷᠢᠭ ᠤᠨ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾ ᠶᠢᠨ ᠲᠠᠪᠴᠠᠩ ᠤᠨ ᠵᠠᠭᠤᠴᠢ ᠬᠡᠲᠦ ᠳᠡᠯᠭᠡᠭᠦᠷ ᠲᠤ ᠳᠡᠯᠭᠡᠨ ᠦᠵᠡᠭᠦᠯᠵᠦ ᠪᠣᠯᠬᠤ ᠪᠦᠭᠡᠳ ᠠᠵᠤ ᠠᠬᠤᠶᠢᠯᠠᠯ ᠪᠠ ᠣᠯᠠᠨ ᠲᠦᠮᠡᠨ ᠳᠤ ᠰᠣᠩᠭᠤᠯᠲᠠ ᠬᠠᠩᠭᠠᠵᠤ᠂ ᠰᠢᠨ᠎ᠡ ᠲᠣᠭᠤᠷᠢᠭ ᠤᠨ ᠠᠵᠤ ᠠᠬᠤᠶᠢᠯᠠᠯ ᠤᠨ ᠵᠠᠭᠤᠴᠢ ᠦᠶᠯᠡᠴᠢᠯᠡᠭᠡᠨ ᠤ ᠪᠠᠶᠢᠭᠤᠯᠤᠮᠵᠢ ᠡᠷᠢᠬᠦ ᠳᠤ ᠬᠦᠴᠢᠷᠲᠡᠶ᠂ ᠵᠠᠭᠤᠴᠢ ᠦᠶᠯᠡᠴᠢᠯᠡᠭᠡᠨ ᠤ ᠰᠢᠯᠢᠳᠡᠭ ᠪᠠᠶᠢᠭᠤᠯᠤᠮᠵᠢ ᠡᠷᠢᠬᠦ ᠳᠤ ᠨᠠᠩ ᠬᠦᠴᠢᠷᠲᠡᠶ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠵᠦ ᠪᠠᠶᠢᠨ᠎ᠠ︔ ᠠᠵᠤ ᠠᠬᠤᠶᠢᠯᠠᠯ ᠪᠠ ᠣᠯᠠᠨ ᠲᠦᠮᠡᠨ ᠰᠢᠨ᠎ᠡ ᠲᠣᠭᠤᠷᠢᠭ ᠤᠨ ᠵᠠᠭᠤᠴᠢ ᠬᠡᠲᠦ ᠳᠡᠯᠭᠡᠭᠦᠷ ᠠᠴᠠ ᠵᠠᠭᠤᠴᠢ ᠪᠠᠶᠢᠭᠤᠯᠤᠮᠵᠢ ᠶᠢ ᠡᠵᠡᠨ ᠮᠡᠳᠡᠵᠦ ᠰᠣᠩᠭᠤᠨ ᠦᠢᠯᠡᠴᠢᠯᠡᠭᠦᠯᠵᠦ ᠪᠣᠯᠤᠨ᠎ᠠ᠂ ᠠᠵᠤ ᠠᠬᠤᠶᠢᠯᠠᠯ ᠤᠳ ᠦᠨ᠎ᠡ ᠬᠠᠩᠰᠢ ᠵᠥᠪᠯᠡᠬᠦ᠂ ᠠᠷᠠᠯᠵᠢᠶᠠᠯᠠᠬᠤ᠂ ᠦᠨᠡᠯᠡᠬᠦ ᠪᠠᠨ ᠦᠪᠡᠰᠦᠪᠡᠨ ᠡᠵᠡᠨ ᠮᠡᠳᠡᠵᠦ᠂ ᠰᠣᠩᠭᠤᠬᠤ ᠪᠠ ᠠᠷᠠᠯᠵᠢᠶᠠᠯᠠᠬᠤ ᠶᠠᠪᠤᠴᠠ ᠳᠤ ᠰᠢᠨ᠎ᠡ ᠲᠣᠭᠤᠷᠢᠭ ᠣᠷᠣᠯᠴᠠᠬᠤ ᠥᠬᠡᠶ᠂ ᠭᠠᠷ ᠲᠦᠷᠦᠭᠦ ᠥᠬᠡᠶ ᠪᠠᠶᠢᠵᠤ᠂ ᠠᠵᠤ ᠠᠬᠤᠶᠢᠯᠠᠯ ᠪᠠ ᠣᠯᠠᠨ ᠲᠦᠮᠡᠨ ᠤ ᠵᠠᠭᠤᠴᠢ ᠪᠠᠶᠢᠭᠤᠯᠤᠮᠵᠢ ᠰᠣᠩᠭᠤᠬᠤ ᠡᠵᠡᠨ ᠮᠡᠳᠡᠬᠦ ᠡᠷᠬᠡ ᠶᠢ ᠭᠦᠶᠴᠡᠳ ᠪᠠᠲᠤᠯᠠᠵᠤ ᠪᠠᠶᠢᠨ᠎ᠠ︔ ᠰᠢᠨ᠎ᠡ ᠲᠣᠭᠤᠷᠢᠭ ᠤᠨ ᠵᠠᠭᠤᠴᠢ ᠬᠡᠲᠦ ᠳᠡᠯᠭᠡᠭᠦᠷ ᠮᠥᠨᠴᠦ ᠪᠥᠬᠦ ᠣᠷᠣᠨ ᠤ ᠠᠩᠬᠠᠳᠠᠭᠴᠢ ᠲᠣᠮᠣ ᠳ᠋ᠠᠶᠢᠲ᠋ᠠ ᠶᠢᠨ ᠬᠢᠨᠠᠯᠲᠠ ᠬᠠᠮᠢᠶᠠᠷᠤᠯᠲᠠ ᠶᠢᠨ ᠵᠠᠭᠤᠴᠢ ᠪᠠᠶᠢᠭᠤᠯᠤᠮᠵᠢ ᠶᠢᠨ ᠢᠲᠡᠭᠡᠮᠵᠢ ᠪᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠳᠤ ᠲᠦᠰᠢᠭᠯᠡᠭᠰᠡᠨ ᠰᠦᠯᠵᠢᠶᠡᠨ ᠳᠡᠭᠡᠷᠡᠬᠢ ᠵᠠᠭᠤᠴᠢ ᠬᠡᠲᠦ ᠳᠡᠯᠭᠡᠭᠦᠷ ᠪᠣᠯᠤᠨ᠎ᠠ᠂ ︽ᠪᠥᠬᠦ ᠤᠯᠤᠰ ᠤᠨ ᠠᠷᠠᠳ ᠢᠷᠭᠡᠨ ᠤ ᠪᠡᠶ᠎ᠡ ᠶᠢᠨ ᠦᠨᠡᠮᠯᠡᠯ ᠤᠨ ᠨᠣᠮᠧᠷ ᠢ ᠪᠠᠶᠢᠴᠠᠭᠠᠨ ᠯᠠᠪᠯᠠᠬᠤ ᠦᠶᠯᠡᠴᠢᠯᠡᠭᠡᠨ ᠤ ᠲᠥᠪ︾᠂ ︽ᠪᠥᠬᠦ ᠤᠯᠤᠰ ᠤᠨ ᠰᠢᠭᠦᠬᠦ ᠬᠤᠷᠢᠶᠠᠨ ᠤ ᠭᠦᠶᠴᠡᠳᠬᠡᠭᠳᠡᠭᠴᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ︾ ᠵᠢᠴᠢ ᠰᠢᠨ᠎ᠡ ᠲᠣᠭᠤᠷᠢᠭ ᠤᠨ ᠲᠠᠲᠠᠨ ᠣᠷᠤᠭᠤᠯᠤᠭᠰᠠᠨ ︽ᠬᠠᠩ ᠲᠢᠶᠠᠨ ᠰᠢᠨ ᠰᠢ ᠤᠮᠠᠷᠠᠲᠤ ᠶᠢᠨ ᠢᠲᠡᠭᠡᠮᠵᠢ ᠶᠢᠨ ᠮᠡᠳᠡᠭᠡ ᠵᠠᠩᠬᠢ ᠴᠤᠭᠯᠠᠭᠤᠯᠬᠤ ᠲᠥᠪ ᠤᠨ ᠲᠥᠷᠥᠯ ᠵᠦᠶᠯ ᠤᠨ ᠲᠠᠪᠴᠠᠩ︾ ᠵᠡᠷᠭᠡ ᠶᠢ ᠵᠠᠭᠤᠴᠢ ᠬᠡᠲᠦ ᠳᠡᠯᠭᠡᠭᠦᠷ ᠯᠦᠭᠡ ᠵᠠᠪᠰᠠᠷ ᠥᠬᠡᠶ ᠵᠣᠯᠭᠠᠭᠤᠯᠵᠤ᠂ ᠵᠠᠭᠤᠴᠢ ᠦᠶᠯᠡᠴᠢᠯᠡᠭᠡᠨ ᠤ ᠪᠠᠶᠢᠭᠤᠯᠤᠮᠵᠢ ᠳᠤ ᠣᠷᠣᠵᠤ ᠰᠠᠭᠤᠷᠢᠰᠢᠭᠰᠠᠨ ᠬᠠᠮᠢᠶ᠎ᠠ ᠪᠦᠬᠦᠢ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠠᠮᠲᠤᠪᠠᠷ ᠬᠦᠷᠲᠡᠬᠦ᠂ ᠴᠠᠭ ᠲᠤᠬᠠᠢ ᠳᠤᠨᠢ ᠬᠢᠨᠠᠨ ᠬᠠᠮᠢᠶᠠᠷᠬᠤ ᠶᠢ ᠪᠡᠶᠡᠯᠡᠭᠦᠯᠵᠦ᠂ ︽ᠬᠠᠷ᠎ᠠ ᠵᠠᠭᠤᠴᠢ︾᠂ ︽ᠤᠯᠠᠭᠠᠨ ᠵᠢᠩᠰᠡᠲᠦ ᠵᠠᠭᠤᠴᠢ︾ ᠪᠠ ︽ᠪᠢᠯᠧᠲ ᠰᠠᠷᠢᠭᠠᠯᠠᠭᠴᠢ︾ ᠵᠡᠷᠭᠡ ᠶᠢᠨ ᠵᠠᠭᠤᠴᠢ ᠵᠠᠬ᠎ᠠ ᠳᠡᠯᠭᠡᠭᠦᠷ ᠲᠠᠬᠢ ᠰᠠᠮᠠᠭᠤᠷᠠᠯ ᠢ ᠲᠤᠶᠢᠯᠪᠤᠷᠢᠲᠠᠶ ᠬᠤᠷᠢᠭᠯᠠᠵᠤ᠂ ᠰᠢᠨ᠎ᠡ ᠲᠣᠭᠤᠷᠢᠭ ᠲᠤ ᠣᠷᠣᠵᠤ ᠰᠠᠭᠤᠷᠢᠰᠢᠬᠤ ᠠᠵᠤ ᠠᠬᠤᠶᠢᠯᠠᠯ ᠳᠤ ᠨᠢᠭᠡᠨ ᠰᠠᠨᠠᠭ᠎ᠠ ᠠᠮᠤᠷ ᠰᠣᠩᠭᠤᠯᠲᠠ ᠶᠢᠨ ᠲᠠᠪᠴᠠᠩ ᠬᠠᠩᠭᠠᠪᠠ᠃ ᠵᠠᠭᠤᠴᠢ ᠪᠠᠶᠢᠭᠤᠯᠤᠮᠵᠢ  ᠳᠤ ︽ᠤᠯᠠᠭᠠᠨ ᠬᠠᠷ᠎ᠠ ᠲᠠᠩᠰᠠ︾ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠶᠡᠷᠦᠩᠬᠡᠶᠢᠯᠡᠭᠰᠡᠨ ᠦᠨᠡᠯᠡᠯᠲᠡ ᠶᠢᠨ ᠨᠡᠷᠡᠰ ᠤᠨ ᠵᠢᠭᠰᠠᠭᠠᠯᠲᠠ ᠶᠢᠨ ᠡᠮᠦᠨᠡᠭᠦᠷ ᠵᠢᠭᠰᠠᠭᠠᠭᠳᠠᠭᠰᠠᠨ ᠵᠠᠭᠤᠴᠢ ᠪᠠᠶᠢᠭᠤᠯᠤᠮᠵᠢ ᠶᠢ ᠬᠡᠲᠦ ᠳᠡᠯᠭᠡᠭᠦᠷ ᠤᠨ ᠦᠵᠡᠭᠦᠯᠭᠡ ᠳᠤ ᠲᠣᠳᠣᠷᠬᠠᠶᠢᠯᠠᠯᠲᠠ ᠬᠢᠵᠦ᠂ ᠡᠨᠡ ᠨᠢ ᠵᠠᠭᠤᠴᠢ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠳᠤ ᠨᠠᠩ ᠠᠰᠢᠭᠲᠠᠢ ᠪᠠᠶᠢᠵᠤ᠂ ︽ᠬᠠᠷ᠎ᠠ ᠲᠠᠩᠰᠠ︾ ᠳᠤ ᠵᠢᠭᠰᠠᠭᠠᠭᠳᠠᠭᠰᠠᠨ ᠵᠠᠭᠤᠴᠢ ᠦᠶᠯᠡᠴᠢᠯᠡᠭᠡᠨ ᠤ ᠪᠠᠶᠢᠭᠤᠯᠤᠮᠵᠢ ᠶᠢᠨ ᠣᠷᠣᠯᠴᠠᠬᠤ ᠬᠢᠷᠢ ᠬᠡᠮ ᠢ ᠨᠢ ᠬᠦᠴᠦᠨ ᠥᠬᠡᠶ ᠪᠣᠯᠭᠠᠬᠤ ᠪᠦᠭᠡᠳ ᠵᠠᠭᠤᠴᠢ ᠬᠡᠲᠦ ᠳᠡᠯᠭᠡᠭᠦᠷ ᠠᠴᠠ ᠭᠠᠷᠭᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠠᠭᠤᠴᠢ ᠦᠶᠯᠡᠴᠢᠯᠡᠭᠡᠨ ᠤ ᠦᠶᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ ᠪᠠᠶᠢᠨ᠎ᠠ᠃      ᠯᠦᠸᠧ ᠴᠢᠩ ᠵᠢᠭᠠᠵᠤ ᠭᠠᠷᠭᠠᠭᠰᠠᠨ ᠨᠢ᠂ ᠰᠢᠨ᠎ᠡ ᠲᠣᠭᠤᠷᠢᠭ ᠤᠨ ᠵᠠᠭᠤᠴᠢ ᠬᠡᠲᠦ ᠳᠡᠯᠭᠡᠭᠦᠷ ᠪᠣᠯ ᠰᠢᠨ᠎ᠡ ᠲᠣᠭᠤᠷᠢᠭ ᠤᠨ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾ ᠶᠢᠨ ᠰᠢᠰᠲ᠋ᠧᠮᠵᠢ ᠶᠢᠨ ᠴᠢᠬᠤᠯᠠ ᠬᠡᠰᠡᠭ ᠪᠣᠯᠤᠨ᠎ᠠ᠃ ᠲᠣᠰ ᠤᠳᠠᠭ᠎ᠠ ᠡᠬᠢᠯᠡᠭᠦᠯᠦᠭᠰᠡᠨ ᠪᠥᠬᠦ ᠣᠷᠣᠨ ᠤ ᠠᠩᠬᠠᠳᠠᠭᠴᠢ ᠪᠥᠬᠦ ᠬᠦᠷᠢᠶ᠎ᠡ ᠴᠠᠷᠠᠭ᠎ᠠ ᠶᠢ ᠬᠠᠮᠤᠷᠤᠭᠰᠠᠨ᠂ ᠪᠡᠶ᠎ᠡ ᠪᠠᠨ ᠳᠠᠭᠠᠭᠠᠨ ᠠᠷᠠᠯᠵᠢᠶᠠᠯᠠᠬᠤ᠂ ᠲᠣᠮᠣ ᠳ᠋ᠠᠶᠢᠲ᠋ᠠ ᠪᠠᠷ ᠬᠢᠨᠠᠯᠲᠠ ᠬᠠᠮᠢᠶᠠᠷᠬᠤ ᠵᠠᠭᠤᠴᠢ ᠬᠡᠲᠦ ᠳᠡᠯᠭᠡᠭᠦᠷ ᠨᠢ ᠰᠢᠨ᠎ᠡ ᠲᠣᠭᠤᠷᠢᠭ ᠤᠨ ᠬᠢᠨᠠᠨ ᠵᠥᠪᠰᠢᠶᠡᠷᠡᠯ ᠤᠨ ᠲᠦᠷᠢᠮ ᠤᠨ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠪᠥᠷᠢᠨᠰᠢᠭᠦᠯᠬᠦ ᠠᠵᠢᠯ ᠪᠠᠰᠠ ᠰᠢᠨ᠎ᠡ ᠨᠢᠭᠡᠨ ᠳᠡᠭᠲᠡᠷ ᠲᠤ ᠭᠠᠷᠤᠭᠰᠠᠨ ᠢ ᠬᠠᠷᠠᠭᠤᠯᠵᠤ᠂ ᠰᠢᠨ᠎ᠡ ᠲᠣᠭᠤᠷᠢᠭ ᠤᠨ ︽ᠠᠵᠤ ᠠᠬᠤᠶᠢᠯᠠᠯ ᠢ ᠥᠴᠥᠬᠡᠨ ᠴᠦ ᠭᠦᠶᠦᠯᠭᠡᠬᠦ ᠥᠬᠡᠶ︾᠂ ︽ᠭᠠᠵᠠᠷ ᠠᠪᠤᠮᠠᠭᠴᠠ ᠠᠵᠢᠯ ᠢᠶᠠᠨ ᠡᠬᠢᠯᠡᠭᠦᠯᠬᠦ︾ ᠪᠠ ︽ᠣᠷᠣᠨ ᠪᠦᠰᠡ ᠶᠢᠨ ᠤᠷᠢᠳ ᠢᠶᠠᠷ ᠦᠨᠡᠯᠡᠨ ᠵᠢᠱᠢᠬᠦ︾ ᠶᠢᠨ ᠳᠠᠷᠠᠭᠠᠬᠢ ᠪᠠᠰᠠ ᠨᠢᠭᠡ ᠵᠦᠶᠯ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠪᠣᠯᠤᠨ᠎ᠠ ᠭᠡᠪᠡ᠃      ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠦᠶᠯᠡᠴᠢᠯᠡᠭᠡᠨ ᠤ ᠲᠣᠪᠴᠢᠶ᠎ᠠ ᠶᠢᠨ ᠬᠠᠷᠢᠭᠤᠴᠠᠯᠭᠠᠲᠠᠨ ᠵᠠᠩ ᠰᠢᠤᠸᠠᠢ ᠵᠢᠶᠦ᠋ᠨ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠣᠷᠣᠨ ᠪᠦᠰᠡ ᠶᠢᠨ ᠦᠨᠡᠯᠡᠨ ᠵᠢᠱᠢᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠲᠥᠷᠥ  ᠶᠢᠨ ᠪᠣᠳᠣᠯᠭ᠎ᠠ ᠶᠢᠨ ᠲᠠᠶᠢᠯᠤᠮᠵᠢ ᠬᠢᠪᠠ᠃
ᠢᠷᠡᠯᠲᠡ᠄ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ