ᠬᠤᠷᠢᠨᠭᠡᠷ ᠰᠢᠨ᠎ᠡ ᠲᠣᠭᠤᠷᠢᠭ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠤᠨ ᠵᠠᠭᠤᠴᠢᠯᠠᠬᠤ ᠬᠡᠲᠦ ᠳᠡᠯᠭᠡᠭᠦᠷ ᠤᠨ ᠡᠬᠢᠯᠡᠯᠳᠡ ᠶᠢᠨ ᠶᠤᠰᠤᠯᠠᠯ ᠬᠢᠪᠠ
ᠨᠡᠶᠢᠲᠡᠯᠡᠭᠰᠡᠨ ᠴᠠᠭ᠄
2021/1/11
      ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠯᠢ ᠰᠢᠶᠠ︶ 1 ᠰᠠᠷ᠎ᠠ ᠶᠢᠨ 7 ᠤ ᠡᠳᠦᠷ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ‍ᠤᠨ‌ᠵᠠᠭᠤᠴᠢᠯᠠᠬᠤ ᠬᠡᠲᠦ ᠳᠡᠯᠭᠡᠭᠦᠷ ᠤᠨ ᠡᠬᠢᠯᠡᠯᠳᠡ ᠶᠢᠨ ᠶᠤᠰᠤᠯᠠᠯ  ᠬᠢᠪᠡ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠡᠳ᠋ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠦᠸᠧ ᠴᠢᠩ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠠᠩᠬᠠᠳᠠᠭᠴᠢ ᠪᠦᠯᠦᠭ ᠵᠠᠭᠤᠴᠢᠯᠠᠬᠤ ᠪᠠᠶᠢᠭᠤᠯᠤᠮᠵᠢ ᠶᠢᠨ ᠲᠥᠯᠥᠭᠡᠯᠡᠭᠴᠢ ᠳᠤ ︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠵᠠᠭᠤᠴᠢᠯᠠᠬᠤ ᠬᠡᠲᠦ ᠳᠡᠯᠭᠡᠭᠦᠷ ᠲᠤ ᠣᠷᠣᠵᠤ ᠰᠠᠭᠤᠬᠤ ᠮᠡᠳᠡᠭᠳᠡᠯ ᠤᠨ ᠪᠢᠴᠢᠭ︾  ᠭᠠᠷᠳᠠᠭᠤᠯᠪᠠ᠃      ᠬᠤᠷᠢᠨᠭᠡᠷ ᠰᠢᠨ᠎ᠡ ᠲᠣᠭᠤᠷᠢᠭ ᠤᠨ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠤᠨ ᠵᠠᠭᠤᠴᠢᠯᠠᠬᠤ ᠬᠡᠲᠦ ᠳᠡᠯᠭᠡᠭᠦᠷ ᠪᠣᠯ ᠠᠵᠤ ᠠᠬᠤᠶᠢᠯᠠᠯ᠂ ᠣᠯᠠᠨ ᠲᠦᠮᠡᠨ ᠪᠠ ᠵᠠᠭᠤᠴᠢᠯᠠᠬᠤ ᠪᠠᠶᠢᠭᠤᠯᠤᠮᠵᠢ ᠳᠤ ᠵᠠᠭᠤᠴᠢᠯᠠᠬᠤ ᠪᠠᠶᠢᠭᠤᠯᠤᠮᠵᠢ ᠶᠢᠨ ᠮᠡᠳᠡᠭᠡ ᠵᠠᠩᠭᠢ ᠳᠠᠩᠰᠠᠯᠠᠬᠤ᠂ ᠮᠡᠳᠡᠭᠡ ᠵᠠᠩᠭᠢ ᠢᠯᠡ ᠨᠡᠶᠢᠲᠡᠯᠡᠬᠦ᠂ ᠢᠲᠡᠭᠡᠮᠵᠢ ᠲᠠᠨᠢᠯᠴᠠᠭᠤᠯᠬᠤ᠂ ᠦᠢᠯᠡᠴᠢᠯᠡᠭᠡ ᠶᠢ ᠠᠰᠠᠭᠤᠨ ᠯᠠᠪᠯᠠᠬᠤ ᠵᠡᠷᠭᠡ ᠦᠢᠯᠡᠴᠢᠯᠡᠭᠡ ᠬᠠᠩᠭᠠᠬᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠪᠴᠠᠩ ᠪᠣᠯᠤᠨ᠎ᠠ᠂ ᠲᠡᠷᠡ ᠨᠢ ᠲᠥᠪ ᠭᠤᠤᠯᠴᠢ᠂ ᠵᠢᠷᠤᠮᠵᠢᠭᠤᠨ᠂ ᠳᠥᠭᠦᠮ ᠳᠥᠲᠡ᠂ ᠥᠨᠳᠥᠷ ᠪᠦᠲᠦᠮᠵᠢᠲᠡᠶ ᠵᠠᠭᠤᠴᠢᠯᠠᠬᠤ ᠦᠢᠯᠡᠴᠢᠯᠡᠭᠡᠨ ᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠪᠣᠶ ᠪᠣᠯᠭᠠᠵᠤ᠂ ᠲᠥᠪ ᠭᠤᠤᠯᠴᠢ ᠪᠥᠭᠡᠳ ᠨᠡᠭᠡᠭᠡᠯᠲᠡ ᠲᠠᠢ᠂ ᠥᠷᠢᠰᠥᠯᠳᠦᠭᠡᠨ ᠨᠢ ᠡᠮᠬᠢ ᠵᠢᠷᠤᠮ ᠲᠠᠢ᠂ ᠦᠨᠡᠨᠴᠢ ᠢᠲᠡᠭᠡᠮᠵᠢᠲᠡᠶ᠂ ᠠᠵᠢᠯ ᠡᠷᠭᠢᠯᠡᠬᠦ ᠶᠢ ᠵᠢᠷᠤᠮᠵᠢᠭᠤᠯᠤᠭᠰᠠᠨ ᠵᠠᠭᠤᠴᠢᠯᠠᠬᠤ ᠦᠢᠯᠡᠴᠢᠯᠡᠭᠡᠨ ᠤ ᠵᠠᠬ᠎ᠠ ᠳᠡᠯᠭᠡᠭᠦᠷ ᠢ ᠪᠠᠶᠢᠭᠤᠯᠬᠤ ᠪᠠᠷ ᠵᠤᠷᠢᠯᠭ᠎ᠠ ᠪᠤᠯᠭᠠᠬᠰᠠᠨ ᠶᠤᠮ᠃ ᠡᠨᠡ ᠪᠣᠯ ᠪᠥᠬᠦ ᠣᠷᠣᠨ ᠤ ᠠᠩᠬᠠᠳᠠᠭᠴᠢ ᠪᠥᠬᠦ ᠬᠦᠷᠢᠶ᠎ᠡ ᠶᠢ ᠬᠠᠮᠤᠷᠤᠭᠰᠠᠨ ᠰᠦᠯᠵᠢᠶᠡᠨ ᠳᠡᠭᠡᠷᠡᠬᠢ ᠵᠠᠭᠤᠴᠢᠯᠠᠬᠤ ᠬᠡᠲᠦ ᠳᠡᠯᠭᠡᠭᠦᠷ ᠪᠣᠯᠤᠨ᠎ᠠ᠂ ᠪᠠᠰᠠ ᠴᠤ ᠪᠥᠬᠦ ᠣᠷᠣᠨ ᠤ ᠠᠩᠬᠠᠳᠠᠭᠴᠢ ᠲᠣᠮᠣ ᠳ᠋ᠠᠶᠢᠲ᠋ᠠ ᠶᠢᠨ ᠬᠢᠨᠠᠯᠲᠠ ᠬᠠᠮᠢᠶᠠᠷᠤᠯᠲᠠ ᠶᠢᠨ ᠵᠠᠭᠤᠴᠢᠯᠠᠬᠤ ᠪᠠᠶᠢᠭᠤᠯᠤᠮᠵᠢ ᠶᠢᠨ ᠢᠲᠡᠭᠡᠮᠵᠢ ᠪᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠳᠤ ᠲᠦᠰᠢᠭᠯᠡᠨ ᠪᠠᠶᠢᠭᠤᠯᠤᠬᠰᠠᠨ ᠰᠦᠯᠵᠢᠶᠡᠨ ᠳᠡᠭᠡᠷᠡᠬᠢ ᠵᠠᠭᠤᠴᠢᠯᠠᠬᠤ ᠬᠡᠲᠦ ᠳᠡᠯᠭᠡᠭᠦᠷ ᠪᠣᠯᠤᠨ᠎ᠠ᠂ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠳᠤ ᠣᠷᠣᠵᠤ ᠰᠠᠭᠤᠭᠰᠠᠨ ᠬᠠᠮᠢᠶ᠎ᠠ ᠪᠥᠬᠦᠶ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠴᠠᠭ ᠲᠤᠬᠠᠶ ᠳᠤᠨᠢ ᠬᠢᠨᠠᠨ ᠬᠠᠮᠢᠶᠠᠷᠬᠤ ᠶᠢ ᠪᠡᠶᠡᠯᠡᠭᠦᠯᠵᠦ᠂ ︽ᠬᠠᠷ᠎ᠠ ᠵᠠᠭᠤᠴᠢ︾᠂ ︽ᠤᠯᠠᠭᠠᠨ ᠵᠢᠩᠰᠡᠲᠦ ᠵᠠᠭᠤᠴᠢ︾ ᠪᠣᠯᠤᠨ ︽ᠠᠷᠠᠯ ᠤᠨ ᠱᠠᠷ︾ ᠵᠡᠷᠭᠡ ᠶᠢᠨ ᠵᠠᠭᠤᠴᠢᠯᠠᠬᠤ ᠵᠠᠬ᠎ᠠ ᠳᠡᠯᠭᠡᠭᠦᠷ ᠢ ᠰᠠᠮᠠᠭᠤᠷᠠᠭᠤᠯᠬᠤ ᠶᠠᠪᠤᠳᠠᠯ ᠢ ᠲᠦᠢᠯᠪᠤᠷᠢᠲᠠᠶ ᠬᠤᠷᠢᠭᠯᠠᠵᠤ᠂ ᠰᠢᠨ᠎ᠡ ᠲᠣᠭᠤᠷᠢᠭ ᠲᠤ ᠣᠷᠣᠵᠤ ᠰᠠᠭᠤᠭᠰᠠᠨ ᠠᠵᠤ ᠠᠬᠤᠶᠢᠯᠠᠯ ᠤᠨ ᠵᠠᠭᠤᠴᠢᠯᠠᠬᠤ ᠪᠠᠶᠢᠭᠤᠯᠤᠮᠵᠢ ᠰᠤᠩᠭᠤᠬᠤ ᠳᠤ ᠰᠠᠨᠠᠭ᠎ᠠ ᠠᠮᠠᠷ ᠲᠠᠪᠴᠠᠩ ᠬᠠᠩᠭᠠᠬᠤ ᠪᠣᠯᠤᠨ᠎ᠠ᠃      ᠯᠦᠸᠧ ᠴᠢᠩ ᠶᠠᠷᠢᠶᠠᠨ ᠳᠠᠭᠠᠨ᠂ ᠵᠠᠭᠤᠴᠢᠯᠠᠬᠤ ᠬᠡᠲᠦ ᠳᠡᠯᠭᠡᠭᠦᠷ ᠪᠣᠯ ᠰᠢᠨ᠎ᠡ ᠲᠣᠭᠤᠷᠢᠭ ᠤᠨ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠰᠢᠰᠲ᠋ᠧᠮ ᠤᠨ ᠴᠢᠬᠤᠯᠠ ᠬᠡᠰᠡᠭ  ᠪᠤᠯᠤᠨ᠎ᠠ᠂ ᠲᠡᠭᠦᠨ ᠢ ᠡᠬᠢᠯᠡᠬᠦᠯᠦᠭᠰᠡᠨ ᠨᠢ ᠰᠢᠨ᠎ᠡ ᠲᠣᠭᠤᠷᠢᠭ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠠᠵᠢᠯ ᠰᠢᠨ᠎ᠡ ᠨᠢᠭᠡᠨ ᠳᠡᠭᠲᠡᠷ ᠲᠤ ᠭᠠᠷᠤᠬᠰᠠᠨ ᠢ ᠬᠠᠷᠠᠭᠤᠯᠵᠤ ᠪᠠᠶᠢᠨ᠎ᠠ᠂ ᠡᠨᠡ ᠪᠣᠯ ᠰᠢᠨ᠎ᠡ ᠲᠣᠭᠤᠷᠢᠭ ᠤᠨ ︽ᠠᠵᠤ ᠠᠬᠤᠶᠢᠯᠠᠯ ᠭᠠᠷᠳᠠᠮ ᠬᠦᠢᠴᠡᠳᠭᠡᠬᠦ ᠳᠤ ᠥᠴᠦᠬᠡᠨ ᠴᠦ ᠬᠦᠶᠦᠯᠭᠡᠬᠦ ᠥᠬᠡᠶ︾᠂ ︽ᠭᠠᠵᠠᠷ ᠠᠪᠤᠪᠠᠯ  ᠪᠠᠷᠢᠨ ᠲᠤᠤᠷ᠎ᠠ ᠨᠢ ᠠᠵᠢᠯ ᠡᠬᠢᠯᠡᠭᠦᠯᠬᠦ︾ ᠪᠠ ︽ᠣᠷᠣᠨ ᠪᠦᠰᠡ ᠶᠢᠨ ᠤᠷᠢᠳ ᠢᠶᠠᠷ ᠦᠨᠡᠯᠡᠨ ᠵᠢᠱᠢᠬᠦ︾  ᠠᠷᠭ᠎ᠠ ᠶᠢ ᠬᠡᠷᠡᠭᠵᠢᠬᠦᠯᠦᠭᠰᠡᠨ ᠠᠴᠠ ᠳᠠᠷᠠᠭᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠰᠠ ᠨᠢᠭᠡ ᠵᠦᠢᠯ ᠤᠨ ᠴᠢᠬᠤᠯᠠ ᠶᠡᠭᠡ ᠠᠷᠭ᠎ᠠ ᠬᠡᠮᠵᠢᠶ᠎ᠡ ᠮᠥᠨ  ᠬᠡᠵᠦ ᠵᠢᠭᠠᠵᠤ ᠭᠠᠷᠭᠠᠪᠠ᠃http://mongol.people.com.cn/15834828.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号