ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠩᠬᠠᠳᠠᠭᠴᠢ ︽ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ︾ ᠢ ᠪᠡᠯᠭᠡᠯᠡᠬᠦ ᠬᠥᠳᠡᠯᠭᠡᠭᠡᠨ ᠵᠢᠴᠢ 35 ᠳᠠᠬᠢ  ︽110 ᠭᠤᠣᠯ ᠰᠡᠳᠦᠪᠲᠦ ᠤᠬᠠᠭᠤᠯᠭ᠎ᠠ ᠶᠢᠨ ᠡᠳᠦᠷ︾ ᠤᠨ ᠡᠬᠢᠯᠡᠬᠦ ᠶᠣᠰᠣᠯᠠᠯ ᠢ ᠡᠷᠬᠢᠯᠡᠪᠡ
ᠨᠡᠶᠢᠲᠡᠯᠡᠭᠰᠡᠨ ᠴᠠᠭ᠄
2021/1/11
ᠵᠠᠩ ᠪᠠᠢ ᠴᠧᠩ  ᠾᠧ ᠬᠠᠢ ᠳ᠋ᠦᠩ ᠣᠷᠣᠯᠴᠠᠪᠠ      ︵ᠰᠤᠷᠪᠤᠯᠵᠢᠯᠠᠭᠴᠢ ᠯᠢᠶᠠᠩ ᠵᠢᠩ ᠱᠤ᠋︶ 1 ᠳ᠋ᠦ᠋ᠭᠡᠷ ᠰᠠᠷ᠎ᠠ ᠶᠢᠨ 10 ᠤ ᠡᠳᠦᠷ ᠪᠣᠯ ᠪᠦᠬᠦ ᠤᠯᠤᠰ ᠤᠨ ᠠᠩᠬᠠᠳᠠᠭᠴᠢ ︽ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ︾ ᠤᠨ ᠡᠳᠦᠷ᠂ ᠮᠥᠨᠴᠦ 35 ᠳᠠᠬᠢ  ︽110 ᠭᠤᠣᠯ ᠰᠡᠳᠦᠪᠲᠦ ᠤᠬᠠᠭᠤᠯᠭ᠎ᠠ ᠶᠢᠨ ᠡᠳᠦᠷ︾ ᠮᠥᠨ᠂ ᠳᠣᠲᠣᠭᠠᠳᠤ ᠶᠢ ᠬᠠᠮᠠᠭᠠᠯᠠᠬᠤ ᠶᠠᠮᠤᠨ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠢᠭᠡᠳᠦᠯᠲᠡᠢ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠠᠷᠢᠨ ᠬᠢᠨᠠᠮᠠᠭᠠᠢ ᠰᠡᠳᠦᠨ ᠲᠥᠯᠥᠪᠵᠢᠭᠦᠯᠵᠦ᠂ ᠨᠠᠷᠢᠯᠢᠭ ᠬᠢᠨᠠᠮᠠᠭᠠᠢ ᠵᠣᠬᠢᠶᠠᠨ ᠪᠠᠶᠢᠭᠤᠯᠤᠨ᠂ ︽110 ᠨᠢᠭᠡ ᠰᠡᠳᠬᠢᠯ ᠢᠶᠠᠷ ᠠᠷᠠᠳ ᠲᠦᠮᠡᠨ ᠤ ᠲᠥᠯᠥᠭᠡ ᠦᠢᠯᠡᠴᠢᠯᠡᠵᠦ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠬᠤ︾ ᠭᠤᠣᠯ ᠰᠡᠳᠦᠪ ᠤᠨ ᠲᠣᠭᠤᠷᠢᠨ ᠳᠤ᠂ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠠᠩᠬᠠᠳᠠᠭᠴᠢ ︽ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ︾ ᠢ ᠪᠡᠯᠭᠡᠯᠡᠬᠦ ᠬᠥᠳᠡᠯᠭᠡᠭᠡᠨ ᠵᠢᠴᠢ 35 ᠳᠠᠬᠢ ︽110 ᠭᠤᠣᠯ ᠰᠡᠳᠦᠪᠲᠦ ᠤᠬᠠᠭᠤᠯᠭ᠎ᠠ ᠶᠢᠨ ᠡᠳᠦᠷ︾ ᠤᠨ ᠡᠬᠢᠯᠡᠬᠦ ᠶᠣᠰᠣᠯᠠᠯ ᠢ ᠡᠷᠬᠢᠯᠡᠪᠡ᠃      ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠡᠳ᠋ ᠲᠢᠩᠬᠢᠮ ᠤᠨ ᠳᠠᠷᠤᠭ᠎ᠠ ᠯᠢ ᠪᠢᠩ ᠱᠧᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠾᠧ ᠬᠠᠢ ᠳ᠋ᠦᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠮᠠ ᠬᠤᠢ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠡᠳ᠋ ᠲᠢᠩᠬᠢᠮ ᠤᠨ ᠳᠠᠷᠤᠭ᠎ᠠ᠂ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠠᠤ ᠪᠣᠣ ᠹᠧᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠤᠤ ᠵᠧᠨ ᠸᠧᠢ ᠵᠢᠴᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ ᠭᠡᠰᠢᠭᠦᠨ᠂ ᠵᠠᠮ ᠬᠠᠷᠢᠯᠴᠠᠭᠠᠨ ᠤ ᠴᠠᠭᠳᠠᠭ᠎ᠠ᠂ ᠣᠨᠴᠠ ᠴᠠᠭᠳᠠᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠶᠢᠭᠤᠯᠭ᠎ᠠ᠂ ᠬᠤᠲᠠ ᠶᠢᠨ ᠳᠥᠷᠪᠡᠨ ᠲᠣᠭᠤᠷᠢᠭ ᠤᠨ ᠬᠤᠪᠢᠶᠠᠷᠢ ᠲᠣᠪᠴᠢᠶ᠎ᠠ ᠵᠡᠷᠭᠡ ᠡᠯ᠎ᠡ ᠴᠠᠭᠳᠠᠭᠠᠨ ᠤ ᠲᠥᠷᠥᠯ ᠡᠯ᠎ᠡ ᠨᠢᠭᠡᠴᠡ ᠶᠢᠨ ᠨᠡᠶᠢᠲᠡ 1200 ᠠᠷᠠᠳ ᠤᠨ ᠴᠠᠭᠳᠠᠭ᠎ᠠ᠂ ᠲᠤᠰᠠᠯᠠᠬᠤ ᠴᠠᠭᠳᠠᠭ᠎ᠠ᠂ ᠠᠯᠪᠠᠨ ᠵᠢᠷᠤᠮ ᠤᠨ ᠤᠬᠠᠭᠤᠯᠤᠭᠴᠢ ᠬᠥᠳᠡᠯᠭᠡᠭᠡᠨ ᠳᠤ ᠣᠷᠣᠯᠴᠠᠪᠠ᠃ ᠡᠬᠢᠯᠡᠬᠦ ᠶᠣᠰᠣᠯᠠᠯ ᠢ ᠮᠠᠤ ᠪᠣᠣ ᠹᠧᠩ ᠡᠷᠬᠢᠯᠡᠵᠡᠢ᠃      ᠦᠳᠡ ᠶᠢᠨ ᠡᠮᠦᠨ᠎ᠡ ᠶᠢᠨ 11 ᠴᠠᠭ ᠲᠤ᠂ ᠵᠠᠩ ᠪᠠᠢ ᠴᠧᠩ ᠡᠬᠢᠯᠡᠬᠦ ᠶᠣᠰᠣᠯᠠᠯ ᠵᠢᠩᠬᠢᠨᠢ ᠪᠠᠷ ᠡᠬᠢᠯᠡᠭᠰᠡᠨ ᠢ ᠲᠤᠩᠬᠠᠭᠯᠠᠪᠠ᠃      ᠮᠠᠤ ᠪᠣᠣ ᠹᠧᠩ ᠪᠠᠶᠠᠷ ᠤᠨ ᠦᠭᠡᠨ ᠳᠡᠭᠡᠨ ᠶᠠᠭᠤᠨ ᠤ ᠤᠷᠢᠳ ᠲᠥᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠢ ᠤᠷᠲᠤ ᠬᠤᠭᠤᠴᠠᠭ᠎ᠠ ᠪᠠᠷ ᠬᠠᠶᠢᠷᠠᠯᠠᠨ ᠬᠠᠯᠠᠮᠵᠢᠯᠠᠵᠤ᠂ ᠳᠡᠮᠵᠢᠨ ᠲᠤᠰᠠᠯᠠᠭᠰᠠᠭᠠᠷ ᠢᠷᠡᠭᠰᠡᠨ ᠡᠯ᠎ᠡ ᠤᠳᠤᠷᠢᠳᠤᠯᠭ᠎ᠠ᠂ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠪᠣᠯᠣᠨ ᠥᠷᠭᠡᠨ ᠣᠯᠠᠨ ᠬᠤᠲᠠ ᠶᠢᠨ ᠠᠷᠠᠳ  ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠨᠢᠭᠡᠳᠦᠭᠡᠷ ᠹᠷᠣᠨᠲ ᠳᠡᠭᠡᠷ᠎ᠡ ᠤᠷᠲᠤ ᠬᠤᠭᠤᠴᠠᠭ᠎ᠠ ᠪᠠᠷ ᠡᠷᠡᠯᠬᠡᠭᠯᠡᠨ ᠠᠵᠢᠯᠯᠠᠵᠤ ᠪᠠᠶᠢᠭ᠎ᠠ ᠨᠥᠬᠦᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠶ᠎ᠡ ᠭᠡᠪᠡ᠃ ᠲᠡᠷᠡ ᠢᠯᠡᠷᠬᠡᠶᠢᠯᠡᠬᠦ ᠳᠡᠭᠡᠨ᠂ ︽ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ︾ ᠢ ᠲᠣᠭᠲᠠᠭᠠᠭᠰᠠᠨ ᠨᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠠᠷᠠᠳ ᠤᠨ ᠴᠠᠭᠳᠠᠭ᠎ᠠ ᠶᠢᠨ ᠡᠩᠨᠡᠭᠡ ᠶᠢ ᠬᠠᠶᠢᠷᠠᠯᠠᠨ ᠬᠠᠯᠠᠮᠵᠢᠯᠠᠵᠤ ᠪᠠᠶᠢᠭ᠎ᠠ ᠶᠢ ᠭᠦᠢᠴᠡᠳ ᠬᠠᠷᠠᠭᠤᠯᠵᠤ᠂ ᠨᠠᠮ ᠪᠠ ᠤᠯᠤᠰ ᠠᠴᠠ ᠠᠷᠠᠳ ᠤᠨ ᠴᠠᠭᠳᠠᠭ᠎ᠠ ᠶᠢᠨ ᠡᠩᠨᠡᠭᠡ ᠶᠢᠨ ᠴᠢᠩ ᠦᠨᠡᠨᠴᠢ ᠪᠠᠷ ᠬᠠᠷᠢᠭᠤᠴᠠᠯᠭ᠎ᠠ ᠪᠠᠨ ᠭᠦᠢᠴᠡᠳᠬᠡᠵᠦ᠂ ᠡᠷᠡᠯᠬᠡᠭᠯᠡᠨ ᠲᠡᠮᠡᠴᠡᠵᠦ᠂ ᠥᠪᠡᠷ ᠢ ᠪᠠᠨ ᠵᠣᠷᠢᠭᠤᠯᠤᠭᠰᠠᠨ ᠢ ᠭᠦᠢᠴᠡᠳ ᠨᠤᠲᠠᠯᠠᠵᠤ᠂ ᠠᠷᠠᠳ ᠤᠨ ᠴᠠᠭᠳᠠᠭ᠎ᠠ ᠶᠢᠨ ᠡᠩᠨᠡᠭᠡ ᠶᠢ ᠶᠡᠬᠡᠪᠡᠷ ᠤᠷᠮᠠᠰᠢᠭᠤᠯᠵᠤ  ᠵᠣᠷᠢᠭᠵᠢᠭᠤᠯᠵᠤ ᠱᠠᠭᠠᠷᠳᠠᠭᠰᠠᠨ ᠶᠠᠪᠤᠳᠠᠯ ᠮᠦᠨ᠃ ᠣᠯᠠᠨ ᠵᠢᠯ ᠤᠨ ᠲᠤᠷᠰᠢ᠂ ᠲᠥᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ 110 ᠪᠠᠷ ᠬᠥᠭᠦᠷᠭᠡ ᠠᠴᠢᠶᠠᠯᠠᠪᠤᠷᠢ ᠪᠣᠯᠭᠠᠨ᠂  ︽ᠠᠷᠠᠳ ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ  ᠦᠵᠡᠯ ᠰᠠᠨᠠᠭ᠎ᠠ ᠶᠢ ᠴᠠᠭ ᠢᠮᠠᠭᠲᠠ ᠪᠠᠷᠢᠮᠲᠠᠯᠠᠵᠤ᠂ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠠᠮᠤᠷ ᠢ ᠪᠠᠲᠤᠯᠠᠨ᠂ ᠣᠯᠠᠨ ᠲᠦᠮᠡᠨ ᠳᠤ ᠦᠢᠯᠡᠴᠢᠯᠡᠬᠦ ᠲᠤᠰᠢᠶᠠᠯ ᠡᠭᠦᠷᠭᠡ ᠬᠠᠷᠢᠭᠤᠴᠠᠯᠭ᠎ᠠ ᠪᠠᠨ ᠴᠢᠩ ᠦᠨᠡᠨᠴᠢ ᠪᠠᠷ ᠪᠡᠶᠡᠯᠡᠭᠦᠯᠵᠦ᠂ ᠲᠥᠪ ᠬᠤᠲᠠ ᠶᠢᠨ ᠨᠡᠶᠢᠭᠡᠮ ᠤᠨ ᠠᠮᠤᠷ ᠲᠦᠪᠰᠢᠨ ᠡᠮᠬᠢ ᠵᠢᠷᠤᠮ ᠤᠨ ᠥᠷᠭᠦᠯᠵᠢᠳᠡ ᠶᠢᠨ ᠲᠣᠭᠲᠠᠭᠤᠨ ᠢ ᠬᠦᠴᠦᠳᠡᠢ ᠬᠠᠮᠠᠭᠠᠯᠠᠵᠤ᠂ ᠠᠷᠠᠳ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠲᠥᠷᠥᠭᠳᠡᠯ ᠢᠯᠡᠳᠲᠡ ᠳᠡᠭᠡᠭᠰᠢᠯᠡᠪᠡ᠃ ᠰᠢᠨ᠎ᠡ ᠨᠢᠭᠡᠨ ᠵᠢᠯ ᠳᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠬᠤᠲᠠ ᠶᠢᠨ ᠠᠷᠠᠳ ᠤᠨ ᠬᠠᠯᠠᠮᠵᠢᠯᠠᠯ ᠳᠡᠮᠵᠢᠯᠭᠡ ᠳᠣᠣᠷ᠎ᠠ᠂ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠬᠥᠪᠴᠢᠯᠡᠵᠦ᠂ ᠵᠣᠷᠢᠭᠲᠠᠢ ᠬᠠᠷᠢᠭᠤᠴᠠᠨ ᠠᠵᠢᠯᠯᠠᠵᠤ᠂ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ ᠶᠢ ᠭᠦᠨᠵᠡᠭᠡᠢ ᠠᠬᠢᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠣᠭᠲᠠᠭᠤᠨ ᠢ ᠪᠠᠲᠤᠯᠠᠬᠤ᠂ ᠠᠮᠤᠷ ᠲᠦᠪᠰᠢᠨ ᠢ ᠬᠠᠮᠠᠭᠠᠯᠠᠬᠤ᠂ ᠡᠶ᠎ᠡ ᠵᠣᠬᠢᠴᠠᠯ ᠢ   ᠠᠬᠢᠭᠤᠯᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠨ ᠬᠢᠵᠦ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠨ᠎ᠡ ᠭᠡᠵᠡᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号