︽ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/1/11
ᠬᠦᠬᠡᠬᠤᠲᠠ ᠵᠠᠰᠠᠭ ᠠᠯᠪᠠᠨ ᠲᠠᠷᠬᠠᠭᠠᠭᠰᠠᠨ ﹇2020﹈17 ᠳ᠋ᠤᠭᠠᠷ ᠲᠣᠭᠠᠲᠤ2020 ᠣᠨ ᠤ 9 ᠳ᠋ᠦ᠋ᠭᠡᠷ ᠰᠠᠷ᠎ᠠ ᠶᠢᠨ10 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ︽ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠡᠷᠡᠭᠵᠢᠭᠦᠯᠬᠦ ᠠᠷᠭ᠎ᠠ︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃      ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠡᠷᠡᠭᠵᠢᠭᠦᠯᠬᠦ ᠠᠷᠭ᠎ᠠ      ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢᠨ ᠳᠥᠷᠪᠡᠳᠦᠭᠡᠷ ᠪᠦᠯᠦᠭ ᠤᠨ ᠲᠤᠷᠰᠢᠯᠲᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠨᠠᠰᠤᠵᠢᠯ ᠤᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠠᠮᠢᠳᠤᠯᠢᠭ ᠪᠣᠯᠭᠠᠵᠤ᠂ ᠨᠡᠶᠢᠭᠡᠮ ᠤᠨ ᠣᠯᠠᠨ ᠳᠠᠪᠬᠤᠷᠭ᠎ᠠ ᠶᠢᠨ ᠨᠠᠰᠤᠵᠢᠯ ᠤᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠵᠤ᠂ ᠮᠠᠨ ᠤ ᠬᠤᠲᠠ ᠶᠢᠨ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠠᠵᠢᠯ ᠢ ᠳᠥᠯᠭᠢᠨ ᠠᠬᠢᠭᠤᠯᠬᠤ ᠶᠢᠨ ᠳᠤᠰᠠᠳᠠ᠂ ᠣᠨᠴᠠᠭᠠᠶᠢᠯᠠᠨ ᠲᠣᠰ ᠬᠡᠷᠡᠭᠵᠢᠭᠦᠯᠬᠦ ᠠᠷᠭ᠎ᠠ ᠶᠢ ᠲᠣᠭᠲᠠᠭᠠᠪᠠ᠃      ᠨᠢᠭᠡ᠂ ᠦᠢᠯᠡᠴᠢᠯᠡᠬᠦ ᠡᠲᠡᠭᠡᠳ ᠵᠢᠴᠢ ᠪᠠᠷᠢᠮᠵᠢᠶ᠎ᠠ      ︵ᠨᠢᠭᠡ︶ ᠦᠢᠯᠡᠴᠢᠯᠡᠭᠡ ᠬᠤᠳᠠᠯᠳᠤᠨ ᠠᠪᠬᠤ ᠡᠲᠡᠭᠡᠳ᠃ ᠬᠥᠬᠡᠬᠤᠲᠠ ᠶᠢᠨ ᠡᠷᠦᠬᠡ ᠠᠮᠠ ᠶᠢᠨ ᠳᠠᠩᠰᠠ ᠲᠠᠢ ᠮᠥᠷᠲᠡᠭᠡᠨ ᠪᠠᠶᠢᠩᠭᠤ ᠰᠠᠭᠤᠭ᠎ᠠ ᠨᠠᠰᠤᠲᠠᠳ ᠳᠣᠣᠷ᠎ᠠ ᠵᠢᠭᠰᠠᠭᠠᠭᠰᠠᠨ ᠨᠥᠬᠦᠴᠡᠯ ᠤᠨ ᠨᠢᠭᠡ ᠳᠤᠨᠢ ᠨᠡᠶᠢᠴᠡᠪᠡᠯ᠂  ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠦᠢᠯᠡᠴᠢᠯᠡᠭᠡ ᠶᠢ ᠭᠤᠶᠤᠴᠢᠯᠠᠵᠤ ᠪᠣᠯᠣᠨ᠎ᠠ᠄      1. ᠪᠦᠬᠦᠯᠢ 65 ᠨᠠᠰᠤᠨ ᠠᠴᠠ ᠳᠡᠭᠡᠭᠰᠢᠬᠢ ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠲᠤᠰᠠᠭᠠᠷ ᠠᠰᠠᠷᠠᠨ ᠲᠡᠵᠢᠭᠡᠵᠦ ᠪᠠᠶᠢᠭ᠎ᠠ ᠨᠠᠰᠤᠲᠠᠨ︔      2. ᠪᠦᠬᠦᠯᠢ 80 ᠨᠠᠰᠤᠨ ᠠᠴᠠ ᠳᠡᠭᠡᠭᠰᠢᠬᠢ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠷ ᠪᠦᠯᠢ ᠵᠢᠴᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠥᠪᠡᠭᠡᠨ ᠳᠠᠬᠢ ᠬᠡᠷ ᠪᠦᠯᠢ ᠶᠢᠨ ᠨᠠᠰᠤᠲᠠᠨ︔      3. ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠬᠡᠷ ᠪᠦᠯᠢ ᠵᠢᠴᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠥᠪᠡᠭᠡᠨ ᠳᠠᠬᠢ ᠬᠡᠷ ᠪᠦᠯᠢ ᠶᠢᠨ ᠳᠤᠮᠳᠠ ᠵᠡᠷᠭᠡ ᠶᠢᠨ ᠴᠢᠳᠠᠪᠤᠷᠢ ᠪᠠᠨ ᠠᠯᠳᠠᠵᠤ ᠣᠶᠤᠨ ᠢᠶᠠᠨ ᠠᠯᠳᠠᠭᠰᠠᠨ᠂ ᠬᠦᠨᠳᠦ ᠵᠡᠷᠭᠡ ᠶᠢᠨ ᠴᠢᠳᠠᠪᠤᠷᠢ ᠪᠠᠨ ᠠᠯᠳᠠᠵᠤ ᠣᠶᠣᠨ ᠢᠶᠠᠨ ᠠᠯᠳᠠᠭᠰᠠᠨ ᠨᠠᠰᠤᠲᠠᠨ︔      4. ᠪᠦᠬᠦᠯᠢ 70 ᠨᠠᠰᠤ ᠵᠢᠴᠢ ᠲᠡᠭᠦᠨ ᠠᠴᠠ ᠳᠡᠭᠡᠭᠰᠢᠬᠢ ᠲᠥᠯᠥᠪᠯᠡᠭᠡᠲᠦ ᠦᠷᠡᠵᠢᠯ ᠤᠨ ᠣᠨᠴᠠ ᠲᠡᠳᠬᠦᠬᠦ ᠨᠠᠰᠤᠲᠠᠨ᠂ ᠭᠠᠭᠴᠠᠭᠠᠷ ᠰᠠᠭᠤᠭ᠎ᠠ ᠨᠠᠰᠤᠲᠠᠨ︔      5. ᠪᠦᠬᠦᠯᠢ 70 ᠨᠠᠰᠤᠨ ᠠᠴᠠ ᠳᠡᠭᠡᠭᠰᠢᠬᠢ ᠬᠤᠲᠠ ᠶᠢᠨ ᠱᠠᠲᠤᠨ ᠠᠴᠠ ᠳᠡᠭᠡᠭᠰᠢᠬᠢ ᠬᠥᠳᠡᠯᠮᠦᠷᠢ ᠶᠢᠨ ᠵᠢᠱᠢᠶᠡᠴᠢ᠂ ᠠᠯᠪᠠᠨ ᠶᠠᠪᠤᠳᠠᠯ ᠢᠶᠠᠷ ᠵᠡᠮᠳᠡᠭ ᠪᠣᠯᠤᠭᠰᠠᠨ ᠪᠤᠶᠤ ᠦᠨᠡᠨ ᠶᠣᠰᠣᠨ ᠤ ᠲᠥᠯᠥᠭᠡ ᠡᠷᠡᠯᠬᠡᠭ ᠢᠶᠠᠷ ᠲᠡᠮᠡᠴᠡᠵᠦ ᠵᠡᠮᠳᠡᠭ ᠪᠣᠯᠤᠭᠰᠠᠨ ᠵᠡᠷᠭᠡ ᠨᠡᠶᠢᠭᠡᠮ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠥᠮᠦᠰ︔      6. ᠪᠦᠬᠦᠯᠢ 90 ᠨᠠᠰᠤᠨ ᠠᠴᠠ ᠳᠡᠭᠡᠭᠰᠢᠬᠢ ᠨᠠᠰᠤᠲᠠᠳ᠃      ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠠᠵᠢᠯ ᠢ ᠤᠷᠢᠳᠠᠪᠠᠷ ᠬᠤᠲᠠ ᠶᠢᠨ ᠳᠥᠷᠪᠡᠨ ᠲᠣᠭᠤᠷᠢᠭ ᠲᠤ ᠳᠠᠷᠠᠭ᠎ᠠ ᠨᠢ ᠬᠤᠰᠢᠭᠤ ᠰᠢᠶᠠᠨ᠂ ᠤᠷᠢᠳᠠᠪᠠᠷ ᠬᠤᠲᠠ ᠶᠢᠨ ᠲᠣᠭᠤᠷᠢᠭ ᠲᠤ ᠳᠠᠷᠠᠭ᠎ᠠ ᠨᠢ ᠬᠥᠳᠡᠭᠡ ᠲᠣᠰᠬᠤᠨ ᠳᠤ ᠥᠷᠨᠢᠭᠦᠯᠬᠦ ᠬᠡᠯᠪᠡᠷᠢ ᠶᠢ ᠠᠪᠴᠤ᠂ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠦᠢᠯᠡᠴᠢᠯᠡᠭᠡ ᠬᠦᠷᠲᠡᠬᠦ ᠡᠲᠡᠭᠡᠳ ᠢ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠠᠭᠠᠯᠳᠤᠨ ᠠᠯᠬᠤᠮ ᠠᠯᠬᠤᠮ ᠢᠶᠠᠷ ᠥᠷᠭᠡᠳᠬᠡᠬᠦ ᠶᠢᠨ ᠬᠠᠮᠲᠤ ᠴᠠᠭ ᠲᠤᠨᠢ ᠲᠣᠬᠢᠷᠠᠭᠤᠯᠤᠯᠲᠠ ᠬᠢᠨ᠎ᠡ᠃      ︵ᠬᠤᠶᠠᠷ︶ ᠦᠢᠯᠡᠴᠢᠯᠡᠭᠡ ᠬᠤᠳᠠᠯᠳᠤᠨ ᠠᠪᠬᠤ ᠪᠠᠷᠢᠮᠵᠢᠶ᠎ᠠ᠃ ᠵᠠᠰᠠᠭ ᠤᠨ ᠣᠷᠳᠣᠨ ᠤ ᠬᠤᠳᠠᠯᠳᠤᠨ ᠠᠪᠬᠤ ᠦᠢᠯᠡᠴᠢᠯᠡᠭᠡᠨ ᠤ ᠪᠠᠷᠢᠮᠵᠢᠶ᠎ᠠ ᠶᠢ ᠮᠠᠨ ᠤ ᠬᠤᠲᠠ ᠶᠢᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠲᠠᠢ ᠨᠢᠭᠡᠳᠦᠯᠲᠡᠢ ᠳᠤ ᠲᠥᠯᠥᠪᠯᠡᠨ ᠲᠣᠭᠲᠠᠭᠠᠬᠤ ᠶᠢᠨ ᠬᠠᠮᠲᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠨ᠎ᠡ᠃      1. ᠪᠦᠬᠦᠯᠢ 65 ᠨᠠᠰᠤᠨ ᠠᠴᠠ ᠳᠡᠭᠡᠭᠰᠢᠬᠢ ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠲᠤᠰᠠᠭᠠᠷ ᠠᠰᠠᠷᠠᠨ ᠲᠡᠵᠢᠭᠡᠵᠦ ᠪᠠᠶᠢᠭ᠎ᠠ ᠬᠥᠮᠦᠰ ᠲᠤ᠂ ᠪᠦᠬᠦᠯᠢ 80 ᠨᠠᠰᠤᠨ ᠠᠴᠠ ᠳᠡᠭᠡᠭᠰᠢᠬᠢ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠵᠢᠴᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠥᠪᠡᠭᠡᠨ ᠳᠠᠬᠢ ᠨᠠᠰᠤᠲᠠᠨ ᠬᠥᠮᠦᠨ ᠪᠦᠷᠢ ᠰᠠᠷ᠎ᠠ ᠪᠦᠷᠢ 80 ᠲᠥᠭᠦᠷᠢᠭ ᠤᠨ ᠪᠠᠷᠢᠮᠵᠢᠶ᠎ᠠ ᠪᠠᠷ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠠᠩᠭᠠᠨ᠎ᠠ︔      2. ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠬᠡᠷ ᠪᠦᠯᠢ ᠵᠢᠴᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠥᠪᠡᠭᠡᠨ ᠳᠠᠬᠢ ᠬᠡᠷ ᠪᠦᠯᠢ ᠶᠢᠨ ᠳᠤᠮᠳᠠ ᠵᠡᠷᠭᠡ ᠶᠢᠨ ᠴᠢᠳᠠᠪᠤᠷᠢ ᠪᠠᠨ ᠠᠯᠳᠠᠵᠤ ᠣᠶᠤᠨ ᠢᠶᠠᠨ ᠠᠯᠳᠠᠭᠰᠠᠨ᠂ ᠬᠦᠨᠳᠦ ᠵᠡᠷᠭᠡ ᠶᠢᠨ ᠴᠢᠳᠠᠪᠤᠷᠢ ᠪᠠᠨ ᠠᠯᠳᠠᠵᠤ ᠣᠶᠣᠨ ᠢᠶᠠᠨ ᠠᠯᠳᠠᠭᠰᠠᠨ ᠨᠠᠰᠤᠲᠠᠨ ᠲᠣᠰ ᠲᠣᠰ ᠬᠥᠮᠦᠨ ᠪᠦᠷᠢ ᠰᠠᠷ᠎ᠠ ᠳᠤ 150 ᠲᠥᠭᠦᠷᠢᠭ᠂ 200 ᠲᠥᠭᠦᠷᠢᠭ ᠤᠨ ᠪᠠᠷᠢᠮᠵᠢᠶ᠎ᠠ ᠪᠠᠷ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠬᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠠᠩᠭᠠᠨ᠎ᠠ︔      3. ᠪᠦᠬᠦᠯᠢ 70 ᠨᠠᠰᠤ ᠵᠢᠴᠢ ᠲᠡᠭᠦᠨ ᠠᠴᠠ ᠳᠡᠭᠡᠭᠰᠢᠬᠢ ᠲᠥᠯᠥᠪᠯᠡᠭᠡᠲᠦ ᠦᠷᠡᠵᠢᠯ ᠤᠨ ᠣᠨᠴᠠ ᠲᠡᠳᠬᠦᠬᠦ ᠨᠠᠰᠤᠲᠠᠨ᠂ ᠭᠠᠭᠴᠠᠭᠠᠷ ᠰᠠᠭᠤᠭ᠎ᠠ ᠨᠠᠰᠤᠲᠠᠳ ᠬᠥᠮᠦᠨ ᠪᠦᠷᠢ ᠰᠠᠷ᠎ᠠ ᠪᠦᠷᠢ 70 ᠲᠥᠭᠦᠷᠢᠭ ᠤᠨ ᠪᠠᠷᠢᠮᠵᠢᠶ᠎ᠠ ᠪᠠᠷ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠠᠩᠭᠠᠨ᠎ᠠ︔      4. ᠪᠦᠬᠦᠯᠢ 70 ᠨᠠᠰᠤᠨ ᠠᠴᠠ ᠳᠡᠭᠡᠭᠰᠢᠬᠢ ᠬᠤᠲᠠ ᠶᠢᠨ ᠱᠠᠲᠤᠨ ᠠᠴᠠ ᠳᠡᠭᠡᠭᠰᠢᠬᠢ ᠬᠥᠳᠡᠯᠮᠦᠷᠢ ᠶᠢᠨ ᠵᠢᠱᠢᠶᠡᠴᠢ᠂ ᠠᠯᠪᠠᠨ ᠶᠠᠪᠤᠳᠠᠯ ᠢᠶᠠᠷ ᠵᠡᠮᠳᠡᠭ ᠪᠣᠯᠤᠭᠰᠠᠨ ᠪᠤᠶᠤ ᠦᠨᠡᠨ ᠶᠣᠰᠣᠨ ᠤ ᠲᠥᠯᠥᠭᠡ ᠡᠷᠡᠯᠬᠡᠭ ᠢᠶᠠᠷ ᠲᠡᠮᠡᠴᠡᠵᠦ ᠵᠡᠮᠳᠡᠭ ᠪᠣᠯᠤᠭᠰᠠᠨ ᠵᠡᠷᠭᠡ ᠨᠡᠶᠢᠭᠡᠮ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠥᠮᠦᠰ ᠲᠤ ᠬᠥᠮᠦᠨ ᠪᠦᠷᠢ ᠰᠠᠷ᠎ᠠ ᠪᠦᠷᠢ ᠳᠤ 100 ᠲᠥᠭᠦᠷᠢᠭ ᠤᠨ ᠪᠠᠷᠢᠮᠵᠢᠶ᠎ᠠ ᠪᠠᠷ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠬᠦᠷᠲᠡᠬᠦ ᠦᠢᠯᠡᠴᠢᠯᠡᠭᠡ ᠬᠠᠩᠭᠠᠨ᠎ᠠ︔      5. ᠪᠦᠬᠦᠯᠢ 90 ᠨᠠᠰᠤᠨ ᠠᠴᠠ ᠳᠡᠭᠡᠭᠰᠢᠬᠢ ᠨᠠᠰᠤᠲᠠᠨ ᠬᠥᠮᠥᠨ ᠪᠦᠷᠢ ᠰᠠᠷ᠎ᠠ ᠪᠦᠷᠢ 120 ᠲᠥᠭᠦᠷᠢᠭ ᠤᠨ ᠪᠠᠷᠢᠮᠵᠢᠶ᠎ᠠ ᠪᠠᠷ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠬᠦᠷᠲᠡᠬᠦ ᠦᠢᠯᠡᠴᠢᠯᠡᠭᠡ ᠬᠠᠩᠭᠠᠨ᠎ᠠ᠃      ᠬᠤᠶᠠᠷ ᠠᠴᠠ ᠳᠡᠭᠡᠭᠰᠢ ᠨᠥᠬᠦᠴᠡᠯ ᠳᠤ ᠵᠡᠷᠭᠡ ᠪᠠᠷ ᠨᠡᠶᠢᠴᠡᠭᠰᠡᠨ ᠨᠠᠰᠤᠲᠠᠨ ᠪᠠᠶᠢᠪᠠᠯ ᠬᠠᠮᠤᠭ ᠤᠨ ᠥᠨᠳᠥᠷ ᠪᠠᠷᠢᠮᠵᠢᠶ ᠎ᠠ ᠪᠠᠷ ᠭᠦᠢᠴᠡᠳᠬᠡᠨ᠎ᠡ᠂ ᠭᠡᠪᠡᠴᠦ ᠳᠠᠪᠬᠤᠷᠳᠠᠭᠤᠯᠤᠨ ᠡᠳ᠋ᠯᠡᠵᠦ ᠪᠣᠯᠬᠤ ᠦᠭᠡᠢ︔ ᠨᠥᠬᠦᠴᠡᠯ ᠳᠤ ᠨᠡᠶᠢᠴᠡᠭᠰᠡᠨ ᠳᠤᠮᠳᠠ ᠵᠡᠷᠭᠡ ᠶᠢᠨ ᠴᠢᠳᠠᠪᠤᠷᠢ ᠪᠠᠨ ᠠᠯᠳᠠᠭᠰᠠᠨ ᠣᠶᠤᠨ ᠢᠶᠠᠨ ᠠᠯᠳᠠᠭᠰᠠᠨ᠂ ᠬᠦᠨᠳᠦ ᠵᠡᠷᠭᠡ ᠶᠢᠨ ᠴᠢᠳᠠᠪᠤᠷᠢ ᠪᠠᠨ ᠠᠯᠳᠠᠭᠰᠠᠨ ᠣᠶᠤᠨ ᠢᠶᠠᠨ ᠠᠯᠳᠠᠭᠰᠠᠨ ᠨᠠᠰᠤᠲᠠᠳ ᠪᠠᠶᠢᠭᠤᠯᠤᠮᠵᠢ ᠳᠤ ᠣᠷᠣᠵᠤ ᠰᠠᠭᠤᠬᠤ ᠳᠤ ᠰᠤᠪᠢᠯᠠᠯᠲᠠ ᠶᠢᠨ ᠨᠥᠬᠦᠪᠥᠷᠢ᠂ ᠭᠡᠷ ᠪᠦᠯᠢ ᠶᠢᠨ ᠰᠤᠪᠢᠯᠠᠯᠲᠠ ᠶᠢᠨ ᠬᠡᠯᠪᠡᠷᠢ ᠶᠢᠨ ᠣᠷᠣ ᠶᠢᠨ ᠡᠵᠡᠩᠨᠡᠯᠲᠡ ᠶᠢᠨ ᠨᠥᠬᠦᠪᠦᠷᠢ ᠶᠢ ᠬᠦᠷᠲᠡᠭᠰᠡᠨ ᠪᠠᠶᠢᠪᠠᠯ᠂ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠳᠠᠭᠢᠵᠤ ᠭᠥᠷᠳᠡᠬᠦ ᠥᠬᠡᠶ︔ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠢ ᠬᠡᠷᠡᠭᠵᠢᠭᠦᠯᠦᠭᠰᠡᠨ ᠤ ᠳᠠᠷᠠᠭ᠎ᠠ᠂ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠢ ᠭᠥᠷᠳᠡᠵᠦ ᠪᠠᠶᠢᠭ᠎ᠠ ᠬᠥᠮᠦᠰ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠳᠠᠭᠢᠵᠤ ᠭᠥᠷᠳᠡᠬᠦ ᠥᠬᠡᠶ᠃      ᠬᠤᠶᠠᠷ᠂ ᠬᠤᠳᠠᠯᠳᠤᠨ ᠠᠪᠬᠤ ᠠᠭᠤᠯᠭ᠎ᠠ      2020 ᠣᠨ᠂ ︽ᠬᠥᠬᠡᠬᠤᠲᠠ ᠶᠢᠨ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠵᠢᠯᠣᠭᠤᠳᠬᠤ ᠴᠢᠨᠠᠷᠲᠠᠶ ᠭᠠᠷᠴᠠᠭ︾ ︵ᠳᠠᠭᠠᠯᠳᠤᠭᠤᠯᠤᠯ 1︶ ᠤᠨ ᠪᠣᠷᠣ ᠲᠥᠯᠥᠪ ᠤᠨ ᠳᠣᠤᠷ᠎ᠠ᠂ ᠠᠮᠢᠳᠤᠷᠠᠯ ᠤᠨ ᠬᠠᠷᠠᠭᠠᠯᠵᠠᠯ᠂ ᠡᠮᠴᠢᠯᠡᠭᠡ ᠡᠷᠡᠭᠦᠯᠵᠢᠯ᠂ ᠬᠡᠷ ᠠᠬᠤᠶ ᠶᠢᠨ ᠦᠢᠯᠡᠴᠢᠯᠡᠭᠡ᠂ ᠣᠶᠤᠨ ᠰᠠᠨᠠᠭᠠᠨ ᠤ ᠲᠠᠶᠢᠳᠬᠤᠷᠠᠭᠤᠯᠤᠯ᠂ ᠪᠠᠴᠢᠮ ᠠᠪᠤᠷᠠᠨ ᠲᠤᠰᠠᠯᠠᠯᠲᠠ ᠵᠡᠷᠭᠡ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠤᠳᠠᠯᠳᠤᠨ ᠠᠪᠬᠤ ᠠᠵᠢᠯ ᠢ ᠥᠷᠨᠢᠭᠦᠯᠵᠦ᠂ ᠭᠤᠣᠯᠳᠠᠯᠭ᠎ᠠ ᠲᠠᠢ ᠪᠠᠷ ᠤᠬᠢᠶᠠᠯᠭ᠎ᠠ ᠳᠤ ᠲᠤᠰᠠᠯᠠᠬᠤ᠂ ᠴᠡᠪᠡᠷᠯᠡᠭᠡ ᠳᠤ ᠲᠤᠰᠠᠯᠠᠬᠤ᠂ ᠡᠮᠴᠢᠯᠡᠭᠡ ᠳᠤ ᠲᠤᠰᠠᠯᠠᠬᠤ᠂ ᠶᠠᠪᠤᠬᠤ ᠶᠢ ᠲᠤᠰᠠᠯᠠᠬᠤ᠂ ᠳᠠᠭᠤᠳᠠᠬᠤ ᠦᠢᠯᠡᠴᠢᠯᠡᠭᠡ᠂ ᠡᠷᠡᠭᠦᠯᠵᠢᠭᠦᠯᠬᠦ ᠰᠤᠪᠢᠯᠠᠯᠲᠠ᠂ ᠰᠡᠳᠬᠢᠴᠡ ᠶᠢᠨ ᠲᠠᠶᠢᠳᠬᠤᠷᠠᠭᠤᠯᠤᠯ᠂ ᠡᠷᠡᠭᠦᠯ ᠮᠡᠨᠳᠦ ᠶᠢᠨ ᠵᠢᠯᠣᠭᠤᠳᠣᠯᠭ᠎ᠠ᠂ ᠣᠷᠣᠯᠠᠨ ᠭᠦᠢᠴᠡᠳᠬᠡᠬᠦ ᠦᠢᠯᠡᠴᠢᠯᠡᠭᠡ ᠵᠡᠷᠭᠡ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠤᠳᠠᠯᠳᠤᠨ ᠠᠪᠤᠨ᠎ᠠ᠃ 2021 ᠣᠨ ᠠᠴᠠ ᠡᠬᠢᠯᠡᠨ᠂ ︽ᠬᠥᠬᠡᠬᠤᠲᠠ ᠶᠢᠨ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠵᠢᠯᠣᠭᠤᠳᠬᠤ ᠴᠢᠨᠠᠷᠲᠠᠶ ᠭᠠᠷᠴᠠᠭ︾ ᠤᠨ ᠪᠣᠷᠣ ᠲᠥᠯᠥᠪ ᠳᠣᠤᠷ᠎ᠠ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠲᠦᠷᠦᠭᠦᠤ ᠵᠢᠯ ᠤᠨ ᠬᠤᠳᠠᠯᠳᠤᠨ ᠠᠪᠤᠭᠰᠠᠨ ᠦᠢᠯᠡᠴᠢᠯᠡᠭᠡᠨ ᠤ ᠠᠮᠵᠢᠯᠲᠠ ᠪᠦᠲᠦᠮᠵᠢ ᠶᠢ ᠦᠨᠡᠯᠡᠨ ᠵᠢᠱᠢᠯᠲᠡ ᠵᠢᠴᠢ ᠨᠠᠰᠤᠲᠠᠳ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠵᠡᠷᠭᠡ ᠬᠦᠴᠦᠨ ᠵᠦᠢᠯ ᠢ ᠦᠨᠳᠦᠰᠦᠯᠡᠨ᠂ ᠵᠢᠯ ᠪᠦᠷᠢ ᠶᠢᠨ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠨᠡᠶᠢᠭᠡᠮ ᠨᠡᠶᠢᠲᠡ ᠳᠤ ᠣᠨ ᠤ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠦᠢᠯᠡᠴᠢᠯᠡᠭᠡ ᠶᠢᠨ ᠵᠦᠢᠯᠡᠰ ᠤᠨ ᠨᠠᠷᠢᠨ ᠲᠠᠩᠰᠠ ︵ᠪᠠᠷᠢᠮᠵᠢᠶ᠎ᠠ︶ ᠪᠤᠶᠤ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠦᠢᠯᠡᠴᠢᠯᠡᠭᠡ ᠶᠢᠨ ᠪᠠᠭᠯᠠᠭ᠎ᠠ ᠶᠢ ᠨᠢᠭᠡ ᠤᠳᠠᠭ᠎ᠠ ᠨᠡᠶᠢᠲᠡᠯᠡᠨ᠎ᠡ᠃      ᠭᠤᠷᠪᠠ᠂ ᠬᠤᠳᠠᠯᠳᠤᠨ ᠠᠪᠬᠤ ᠪᠠ ᠳᠠᠭᠠᠭᠠᠨ ᠠᠪᠬᠤ ᠭᠤᠤᠯ ᠴᠣᠭᠴᠠ      ︵ᠨᠢᠭᠡ︶ ᠬᠤᠳᠠᠯᠳᠤᠨ ᠠᠪᠬᠤ ᠭᠤᠤᠯ ᠴᠣᠭᠴᠠ᠃ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠤᠳᠠᠯᠳᠤᠨ ᠠᠪᠬᠤ ᠭᠤᠤᠯ ᠴᠣᠭᠴᠠ ᠨᠢ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠᠶᠢᠵᠤ᠂ ᠪᠣᠳᠠᠲᠠᠶ ᠵᠦᠢᠯ ᠢ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠳᠡᠰ ᠳᠠᠷᠠᠭᠠᠯᠠᠯ ᠤᠨ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠬᠤᠶᠠᠷ︶ ᠳᠠᠭᠠᠭᠠᠨ ᠠᠪᠬᠤ ᠭᠤᠤᠯ ᠴᠣᠭᠴᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠪᠤᠶᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠵᠢᠩᠬᠢᠨᠢ ᠪᠠᠷ ᠳᠠᠩᠰᠠᠯᠠᠨ ᠲᠡᠮᠳᠡᠭᠯᠡᠭᠦᠯᠦᠭᠰᠡᠨ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠲᠥᠷᠥᠯ ᠵᠦᠢᠯ ᠢ ᠡᠭᠦᠷᠭᠡᠯᠡᠬᠦ ᠴᠢᠳᠠᠪᠤᠷᠢ ᠲᠠᠢ ᠨᠠᠰᠤᠵᠢᠯ ᠤᠨ ᠦᠢᠯᠡᠴᠢᠯᠡᠭᠡᠨ ᠤ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠃      1. ᠬᠠᠤᠯᠢ ᠶᠣᠰᠣᠭᠠᠷ ᠪᠠᠶᠢᠭᠤᠯᠤᠭᠰᠠᠨ᠂ ᠪᠡᠶ᠎ᠡ ᠪᠠᠨ ᠳᠠᠭᠠᠭᠠᠵᠤ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠬᠦ ᠴᠢᠳᠠᠪᠤᠷᠢ ᠲᠠᠢ᠂ ᠪᠡᠶ᠎ᠡ ᠪᠠᠨ ᠳᠠᠭᠠᠭᠠᠭᠰᠠᠨ᠂ ᠪᠦᠷᠢᠨ ᠲᠡᠭᠦᠯᠳᠡᠷ ᠡᠳ᠋ ᠤᠨ ᠶᠠᠪᠤᠳᠠᠯ ᠤᠨ ᠬᠠᠮᠢᠶᠠᠷᠤᠯᠲᠠ᠂ ᠨᠢᠭᠲᠠᠯᠠᠨ ᠪᠤᠳᠤᠬᠤ ᠲᠣᠭᠠᠴᠠᠭ᠎ᠠ ᠪᠠ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠲᠦᠷᠢᠮ ᠲᠠᠢ︔      2. ᠵᠣᠬᠢᠬᠤ ᠠᠵᠤ ᠠᠬᠤᠢ ᠶᠢᠨ ᠪᠣᠳᠠᠲᠤ ᠬᠦᠴᠦᠨ᠂ ᠬᠠᠮᠢᠶᠠᠷᠤᠯᠲᠠ ᠶᠢᠨ ᠬᠢᠷᠢ ᠲᠦᠪᠰᠢᠨ᠂ ᠦᠢᠯᠡᠴᠢᠯᠡᠭᠡᠨ ᠤ ᠲᠤᠷᠰᠢᠯᠭ᠎ᠠ ᠲᠠᠢ ᠠᠵᠤ ᠠᠬᠤᠶᠢᠯᠠᠯ ᠪᠤᠶᠤ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠪᠤᠰᠤ ᠨᠢᠭᠡᠴᠡ᠂ ᠦᠢᠯᠡᠴᠢᠯᠡᠭᠡ ᠬᠠᠩᠭᠠᠬᠤ ᠳᠤ ᠵᠠᠪᠠᠯ ᠱᠠᠭᠠᠷᠳᠠᠭᠳᠠᠬᠤ ᠲᠣᠭᠲᠠᠮᠠᠯ ᠡᠵᠡᠩᠨᠡᠯᠲᠡ ᠶᠢᠨ ᠲᠠᠯᠠᠪᠤᠷ ᠭᠠᠵᠠᠷ᠂ ᠪᠡᠯᠡᠳᠬᠡᠮᠵᠢ ᠲᠥᠬᠦᠭᠡᠷᠦᠮᠵᠢ᠂ ᠠᠵᠢᠯᠲᠠᠨ ᠪᠠ ᠲᠤᠰᠬᠠᠶ ᠮᠡᠷᠭᠡᠵᠢᠯ ᠤᠨ ᠴᠢᠳᠠᠪᠤᠷᠢ ᠲᠠᠢ︔ ᠬᠤᠳᠠᠯᠳᠤᠨ ᠠᠪᠤᠭᠰᠠᠨ ᠦᠢᠯᠡᠴᠢᠯᠡᠭᠡ ᠡᠷᠭᠢᠯᠡᠬᠦ ᠲᠠᠢ ᠢᠵᠢ ᠪᠥᠷᠢᠳᠦᠭᠰᠡᠨ ᠮᠡᠳᠡᠭᠡ ᠵᠠᠩᠭᠢᠵᠢᠯᠲᠠ ᠶᠢᠨ ᠡᠵᠡᠩᠨᠡᠯᠲᠡ ᠶᠢᠨ ᠲᠠᠪᠴᠠᠩ ᠲᠠᠢ︔      3. ᠡᠯ᠎ᠡ ᠬᠤᠰᠢᠭᠤ ᠰᠢᠶᠠᠨ ᠲᠣᠭᠤᠷᠢᠭ ᠲᠤ ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡ ᠡᠷᠬᠢᠯᠡᠵᠦ ᠪᠠᠶᠢᠭ᠎ᠠ ᠠᠵᠤ ᠠᠬᠤᠶᠢᠯᠠᠯ ᠪᠤᠶᠤ ᠨᠠᠰᠤᠵᠢᠯ ᠤᠨ ᠦᠢᠯᠡᠴᠢᠯᠡᠭᠡᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ᠂ 3A ᠲᠠᠰ ᠠᠴᠠ ᠳᠡᠭᠡᠭᠰᠢᠬᠢ ᠬᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠠᠵᠤ ᠠᠬᠤᠶᠢᠯᠠᠯ ᠪᠠ ᠬᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡ ᠬᠠᠩᠭᠠᠵᠤ ᠪᠠᠶᠢᠭ᠎ᠠ ᠬᠤᠶᠠᠳᠤᠭᠠᠷ ᠳᠡᠰ ᠠᠴᠠ ᠳᠡᠭᠡᠭᠰᠢᠬᠢ ᠨᠠᠰᠤᠵᠢᠯ ᠤᠨ ᠪᠠᠶᠢᠭᠤᠯᠤᠮᠵᠢ ᠶᠢ ᠤᠷᠢᠳ ᠢᠶᠠᠷ ᠪᠣᠳᠣᠯᠬᠢᠯᠠᠨ᠎ᠠ︔      4. ᠬᠠᠤᠯᠢ ᠶᠣᠰᠣᠭᠠᠷ ᠭᠠᠶᠢᠯᠢ ᠲᠠᠲᠠᠪᠤᠷᠢ ᠪᠠ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠲᠤᠰᠢᠶᠠᠭᠰᠠᠨ ᠰᠠᠶᠢᠨ ᠰᠠᠶᠢᠬᠠᠨ ᠲᠡᠮᠳᠡᠭᠯᠡᠯ ᠲᠠᠢ᠂ ᠡᠷᠡᠭᠦᠯ ᠪᠤᠰᠤ ᠢᠲᠡᠭᠡᠮᠵᠢ ᠶᠢᠨ ᠲᠡᠮᠳᠡᠭᠯᠡᠯ ᠪᠠᠶᠢᠬᠤ ᠦᠭᠡᠢ᠃      ᠳᠥᠷᠪᠡ᠂ ᠬᠤᠳᠠᠯᠳᠤᠨ ᠠᠪᠬᠤ ᠠᠷᠭ᠎ᠠ ᠮᠠᠶ᠋ᠢᠭ      ᠬᠤᠳᠠᠯᠳᠤᠨ ᠠᠪᠬᠤ ᠭᠤᠤᠯ ᠴᠣᠭᠴᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾᠂ ︽ᠵᠠᠰᠠᠭ ᠤᠨ ᠣᠷᠳᠣᠨ ᠤ ᠬᠤᠳᠠᠯᠳᠤᠨ ᠠᠪᠬᠤ ᠶᠢᠨ ᠳᠠᠭᠠᠭᠠᠴᠢᠯᠠᠯᠲᠠ ᠵᠠᠷᠯᠠᠬᠤ ᠪᠤᠰᠤ ᠬᠤᠳᠠᠯᠳᠤᠨ ᠠᠪᠬᠤ ᠠᠷᠭ᠎ᠠ ᠮᠠᠶ᠋ᠢᠭ ᠤᠨ ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠤᠨ ᠶᠠᠮᠤᠨ ᠤ ᠵᠠᠷᠯᠢᠭ 74 ᠳ᠋ᠦ᠋ᠭᠡᠷ ᠲᠣᠭᠠᠲᠤ︶ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠳᠠᠭᠠᠭᠠᠨ ᠠᠪᠬᠤ ᠭᠤᠤᠯ ᠴᠣᠭᠴᠠ ᠶᠢ ᠲᠣᠭᠲᠠᠭᠠᠨ᠎ᠠ᠃ ᠡᠭᠦᠨ ᠤ ᠬᠠᠮᠲᠤ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠲᠦᠷᠢᠮ ᠢᠶᠠᠷ ᠬᠡᠷᠡᠭᠵᠢᠭᠦᠯᠬᠦ ᠶᠢ ᠬᠠᠶᠢᠨ ᠰᠦᠪᠡᠭᠴᠢᠯᠡᠬᠦ ᠶᠢ ᠢᠳᠡᠪᠬᠢᠲᠡᠶ ᠵᠣᠷᠢᠭᠵᠢᠭᠤᠯᠤᠨ᠎ᠠ᠃      ᠬᠤᠳᠠᠯᠳᠤᠨ ᠠᠪᠬᠤ ᠭᠤᠣᠯ ᠴᠣᠭᠴᠠ ᠨᠢ ᠳᠠᠭᠠᠭᠠᠨ ᠠᠪᠬᠤ ᠭᠤᠣᠯ ᠴᠣᠭᠴᠠ ᠲᠠᠢ ᠭᠡᠷ᠎ᠡ ᠲᠣᠭᠲᠠᠵᠤ᠂ ᠦᠢᠯᠡᠴᠢᠯᠡᠭᠡ ᠬᠤᠳᠠᠯᠳᠤᠨ ᠠᠪᠬᠤ ᠠᠭᠤᠯᠭ᠎ᠠ᠂ ᠬᠤᠭᠤᠴᠠᠭ᠎ᠠ ᠬᠢᠵᠠᠭᠠᠷ᠂ ᠲᠤᠭ᠎ᠠ ᠬᠡᠮᠵᠢᠶ᠎ᠡ᠂ ᠶᠠᠰᠤ ᠴᠢᠨᠠᠷ᠂ ᠦᠨ᠎ᠡ ᠬᠠᠩᠰᠢ ᠵᠡᠷᠭᠡ ᠱᠠᠭᠠᠷᠳᠠᠯᠭ᠎ᠠ ᠵᠢᠴᠢ ᠪᠡᠯᠡ ᠮᠥᠩᠭᠦ ᠶᠢ ᠳ᠋ᠦᠩᠨᠡᠨ ᠪᠣᠳᠣᠬᠤ ᠠᠷᠭ᠎ᠠ ᠮᠠᠶ᠋ᠢᠭ᠂ ᠬᠤᠶᠠᠷ ᠲᠠᠯ᠎ᠠ ᠶᠢᠨ ᠡᠷᠬᠡ ᠡᠭᠦᠷᠭᠡ ᠪᠠ ᠭᠡᠷ᠎ᠡ ᠶᠢ ᠵᠥᠷᠢᠴᠡᠭᠰᠡᠨ ᠬᠠᠷᠢᠭᠤᠴᠠᠯᠭ᠎ᠠ ᠵᠡᠷᠭᠡ ᠠᠭᠤᠯᠭ᠎ᠠ ᠶᠢ ᠲᠣᠳᠣᠷᠬᠠᠶᠢᠯᠠᠨ᠎ᠠ᠂ ᠲᠡᠷᠡᠴᠢᠯᠡᠨ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠭᠡᠮ ᠳᠤ ᠢᠯᠡ ᠪᠣᠯᠭᠠᠬᠤ ᠬᠡᠷᠡᠭᠲᠡᠶ᠃      ᠲᠠᠪᠤ᠂ ᠮᠡᠳᠡᠭᠦᠯᠵᠦ ᠬᠢᠨᠠᠨ ᠵᠥᠪᠰᠢᠶᠡᠷᠡᠭᠦᠯᠬᠦ ᠳᠡᠰ ᠳᠠᠷᠠᠭᠠᠯᠠᠯ      ︵ᠨᠢᠭᠡ︶ ᠭᠤᠶᠤᠴᠢᠯᠠᠬᠤ᠃ ᠭᠤᠶᠤᠴᠢᠯᠠᠭᠴᠢ ᠥᠪᠡᠷ ᠢᠶᠠᠨ ᠭᠤᠶᠤᠴᠢᠯᠠᠯ ᠭᠠᠷᠭᠠᠵᠤ ᠪᠣᠯᠤᠨ᠎ᠠ᠂ ᠲᠦᠷᠦᠯ ᠰᠠᠳᠤᠨ᠂ ᠬᠥᠷᠰᠢ ᠵᠡᠷᠭᠡᠯᠡᠳᠡᠭᠡ ᠪᠤᠶᠤ ᠨᠡᠶᠢᠭᠡᠮ ᠲᠣᠭᠤᠷᠢᠭ ᠤᠨ ᠠᠵᠢᠯᠲᠠᠨ ᠳᠤ ᠨᠠᠶᠢᠳᠠᠵᠤ ᠣᠷᠣᠯᠠᠭᠤᠯᠤᠨ ᠭᠤᠶᠤᠴᠢᠯᠠᠯ ᠭᠠᠷᠭᠠᠭᠤᠯᠵᠤ ᠴᠤ ᠪᠣᠯᠤᠨ᠎ᠠ᠃ ᠨᠢᠭᠡᠨᠲᠡ ᠦᠢᠯᠡᠴᠢᠯᠡᠭᠡ ᠬᠦᠷᠲᠡᠭᠰᠡᠨ ᠡᠲᠡᠭᠡᠳ ᠢ ᠳᠠᠷᠠᠭ᠎ᠠ ᠵᠢᠯ ᠳᠤ ᠨᠢ ᠳᠠᠬᠢᠨ ᠬᠢᠨᠠᠭᠠᠳ ᠳᠡᠭᠡᠭᠰᠢ ᠮᠡᠳᠡᠭᠦᠯᠵᠦ᠂ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠦᠨ᠎ᠡ᠃      ︵ᠬᠤᠶᠠᠷ︶ ᠬᠦᠯᠢᠶᠡᠨ ᠠᠪᠴᠤ ᠰᠢᠢᠳᠪᠦᠷᠢᠯᠡᠬᠦ᠂ ᠠᠩᠬ᠎ᠠ ᠦᠨᠡᠯᠡᠬᠦ᠃ ᠨᠡᠶᠢᠭᠡᠮ ᠲᠣᠭᠤᠷᠢᠭ ︵ᠲᠣᠰᠬᠤᠨ︶ ᠨᠢ ᠭᠤᠶᠤᠴᠢᠯᠠᠯ ᠢ ᠣᠯᠤᠭᠰᠠᠨ ᠤ ᠳᠠᠷᠠᠭ᠎ᠠ᠂ ᠭᠤᠶᠤᠴᠢᠯᠠᠭᠰᠠᠨ ᠡᠲᠡᠭᠡᠳ ᠤᠨ ᠵᠠᠰᠠᠭ ᠤᠨ ᠣᠷᠳᠣᠨ ᠤ ᠬᠤᠳᠠᠯᠳᠤᠨ ᠠᠪᠤᠭᠰᠠᠨ ᠦᠢᠯᠡᠴᠢᠯᠡᠭᠡ ᠶᠢᠨ ᠪᠠᠲᠤᠯᠠᠭ᠎ᠠ ᠶᠢᠨ ᠬᠡᠪᠴᠢᠶ᠎ᠡ ᠳᠤ ᠬᠠᠷᠢᠶᠠᠯᠠᠭᠳᠠᠬᠤ ᠡᠰᠡᠬᠦ ᠲᠤᠬᠠᠶ ᠠᠩᠬ᠎ᠠ ᠬᠢᠨᠠᠯᠲᠠ ᠬᠢᠵᠦ᠂ ᠪᠠᠷᠢᠮᠵᠢᠶ᠎ᠠ ᠳᠤ ᠨᠡᠶᠢᠴᠡᠭᠰᠡᠨ ᠪᠠᠶᠢᠪᠠᠯ᠂ ᠨᠠᠰᠤᠲᠠᠳ ᠤᠨ ᠦᠨᠳᠦᠰᠦᠨ ᠪᠠᠶᠢᠳᠠᠯ ᠢ ᠨᠡᠶᠢᠭᠡᠮ ᠲᠣᠭᠤᠷᠢᠭ ᠲᠤ ᠢᠯᠡ ᠨᠡᠶᠢᠲᠡᠯᠡᠨ᠎ᠡ᠃      ︵ᠭᠤᠷᠪᠠ︶ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ᠃ ᠵᠡᠭᠡᠯᠢ ᠭᠤᠳᠤᠮᠵᠢ ︵ᠰᠢᠶᠠᠩ ᠪᠠᠯᠭᠠᠰᠤ︶ 5 ᠠᠵᠢᠯᠯᠠᠬᠤ ᠡᠳᠦᠷ ᠤᠨ ᠳᠣᠲᠣᠷ᠎ᠠ ᠨᠡᠶᠢᠭᠡᠮ ᠲᠣᠭᠤᠷᠢᠭ ︵ᠲᠣᠰᠬᠤᠨ︶ ᠤᠨ ᠠᠩᠬ᠎ᠠ ᠬᠢᠨᠠᠭᠰᠠᠨ ᠦᠷ᠎ᠡ ᠳ᠋ᠦᠩ ᠢ ᠬᠢᠨᠠᠨ ᠬᠠᠷᠭᠤᠭᠤᠯᠬᠤ ᠶᠢᠨ ᠬᠠᠮᠲᠤ ᠲᠣᠭᠤᠷᠢᠭ ︵ᠬᠤᠰᠢᠭᠤ ᠰᠢᠶᠠᠨ︶ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠮᠡᠳᠡᠭᠦᠯᠦᠨ᠎ᠡ᠃ ᠲᠣᠭᠤᠷᠢᠭ ︵ᠬᠤᠰᠢᠭᠤ ᠰᠢᠶᠠᠨ︶ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ 5 ᠠᠵᠢᠯᠯᠠᠬᠤ ᠡᠳᠦᠷ ᠤᠨ ᠳᠣᠲᠣᠷ᠎ᠠ ᠬᠢᠨᠠᠨ ᠵᠥᠪᠰᠢᠶᠡᠷᠡᠬᠦ ᠶᠢᠨ ᠬᠠᠮᠲᠤ᠂ ᠬᠠᠮᠢᠶ᠎ᠠ ᠪᠦᠬᠦᠢ ᠪᠠᠶᠢᠳᠠᠯ ︵ᠭᠤᠶᠤᠴᠢᠯᠠᠭᠴᠢ ᠶᠢᠨ ᠦᠨᠳᠦᠰᠦᠨ ᠪᠠᠶᠢᠳᠠᠯ᠂ ᠦᠢᠯᠡᠴᠢᠯᠡᠭᠡᠨ ᠡᠬᠢᠯᠡᠬᠦ ᠴᠠᠭ᠂ ᠭᠤᠶᠤᠴᠢᠯᠠᠭᠴᠢ ᠶᠢᠨ ᠦᠵᠦᠭᠦᠷ ᠤᠨ ᠨᠣᠮᠧᠷ ᠵᠡᠷᠭᠡ︶ ᠢ ᠴᠠᠭ ᠲᠤᠬᠠᠶ ᠳᠤᠨᠢ ᠳᠠᠩᠰᠠᠯᠠᠨ ᠲᠡᠮᠳᠡᠭᠯᠡᠬᠦ ᠶᠢᠨ ᠬᠠᠮᠲᠤ ᠮᠡᠳᠡᠭᠡ ᠵᠠᠩᠭᠢᠵᠢᠯᠲᠠ ᠶᠢᠨ ᠡᠵᠡᠩᠨᠡᠯᠲᠡ ᠶᠢᠨ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠤᠨ᠎ᠠ᠃      ᠵᠢᠷᠭᠤᠭ᠎ᠠ᠂ ᠵᠠᠷᠤᠳᠠᠯ ᠤᠨ ᠪᠠᠲᠤᠯᠠᠭ᠎ᠠ      ︵ᠨᠢᠭᠡ︶ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠤᠳᠠᠯᠳᠤᠨ ᠠᠪᠬᠤ ᠳᠤ ᠬᠡᠷᠡᠭᠰᠡᠬᠦ ᠵᠠᠷᠤᠳᠠᠯ ᠢ ᠬᠤᠲᠠ᠂ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠠᠴᠠ 1᠄ 1 ᠶᠢᠨ ᠬᠠᠷᠢᠴᠠᠯ ᠢᠶᠠᠷ ᠢᠵᠢ ᠪᠦᠷᠢᠳᠦᠭᠦᠯᠵᠦ᠂ ᠬᠤᠲᠠ᠂ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠣᠨ ᠤ ᠲᠥᠰᠦᠪ ᠲᠤ ᠣᠷᠣᠭᠤᠯᠤᠨ᠎ᠠ᠃      ︵ᠬᠤᠶᠠᠷ︶ ᠪᠥᠬᠦ ᠬᠤᠲᠠ ᠶᠢᠨ ᠨᠢᠭᠡᠳᠦᠯᠲᠡᠶ ᠮᠡᠳᠡᠭᠡ ᠵᠠᠩᠭᠢᠴᠢᠯᠠᠯᠲᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠪᠴᠠᠩ  ᠢ ᠨᠢᠭᠡᠳᠦᠯᠲᠡᠶ ᠬᠡᠷᠡᠭᠯᠡᠭᠰᠡᠨ ᠤ ᠳᠠᠷᠠᠭ᠎ᠠ᠂ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠠᠶᠠᠨᠳᠠᠭᠠᠨ ᠪᠣᠶ ᠪᠣᠯᠤᠭᠰᠠᠨ ᠲᠤᠭ᠎ᠠ ᠪᠠᠷᠢᠮᠲᠠ ᠶᠣᠰᠣᠭᠠᠷ ᠦᠢᠯᠡᠴᠢᠯᠡᠭᠡ ᠬᠤᠳᠠᠯᠳᠤᠨ ᠠᠪᠬᠤ ᠨᠥᠬᠦᠪᠥᠷᠢ ᠶᠢ ᠪᠣᠳᠠᠲᠠᠶ ᠪᠠᠷ ᠰᠠᠯᠭᠠᠨ ᠥᠭᠭᠦᠨ᠎ᠡ᠃      ᠳᠣᠯᠤᠭ᠎ᠠ᠂ ᠤᠬᠤᠷᠢᠨ ᠭᠠᠷᠬᠤ ᠲᠣᠭᠲᠠᠴᠠ      ︵ᠨᠢᠭᠡ︶ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ ᠠᠪᠤᠭᠰᠠᠨ ᠡᠲᠡᠭᠡᠳ ᠤᠨ ᠤᠬᠤᠷᠢᠨ ᠭᠠᠷᠬᠤ ᠲᠣᠭᠲᠠᠴᠠ᠃ ᠦᠢᠯᠡᠴᠢᠯᠡᠭᠡ ᠬᠤᠳᠠᠯᠳᠤᠨ ᠠᠪᠤᠭᠰᠠᠨ ᠡᠲᠡᠭᠡᠳ ᠲᠤ ᠳᠣᠣᠷ᠎ᠠ ᠵᠢᠭᠰᠠᠭᠠᠭᠰᠠᠨ ᠪᠠᠶᠢᠳᠠᠯ ᠭᠠᠷᠪᠠᠯ᠂ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠦᠢᠯᠡᠴᠢᠯᠡᠭᠡ ᠶᠢᠨ ᠠᠵᠢᠯ ᠠᠴᠠ ᠭᠠᠷᠭᠠᠨ᠎ᠠ᠂ ᠭᠠᠷᠤᠭᠰᠠᠨ ᠳᠠᠷᠠᠭᠠᠬᠢ 12 ᠰᠠᠷ᠎ᠠ ᠶᠢᠨ ᠳᠠᠷᠠᠭ᠎ᠠ ᠳᠠᠬᠢᠨ ᠭᠤᠶᠤᠴᠢᠯᠠᠵᠤ ᠪᠣᠯᠣᠨ᠎ᠠ᠄      1. ᠡᠷᠦᠬᠡ ᠠᠮᠠ ᠶᠢᠨ ᠲᠠᠩᠰᠠ ᠪᠠᠨ ᠰᠢᠯᠵᠢᠭᠦᠯᠦᠭᠰᠡᠨ ᠪᠠᠶᠢᠪᠠᠯ᠂ ᠰᠢᠯᠵᠢᠭᠦᠯᠦᠭᠰᠡᠨ ᠵᠠᠰᠠᠭ ᠵᠠᠬᠢᠷᠭᠠᠨ ᠤ ᠣᠷᠣᠨ ᠠᠴᠠ ᠤᠬᠤᠷᠢᠨ ᠭᠠᠷᠤᠨ᠎ᠠ︔      2. ᠲᠤᠰ ᠬᠥᠮᠦᠨ ᠨᠢ ᠨᠠᠰᠤ ᠪᠠᠷᠠᠭᠰᠠᠨ ᠪᠠᠶᠢᠪᠠᠯ ᠳᠠᠷᠤᠶ ᠤᠬᠤᠷᠢᠨ ᠭᠠᠷᠤᠨ᠎ᠠ︔      3. ᠪᠡᠶ᠎ᠡ ᠮᠠᠬᠠᠪᠣᠳ᠂ ᠬᠡᠷ ᠪᠦᠯᠢ᠂ ᠠᠵᠤ ᠠᠬᠤᠶ ᠵᠡᠷᠭᠡ ᠬᠤᠯᠪᠣᠭᠳᠠᠯ ᠪᠥᠬᠦᠶ ᠬᠦᠴᠦᠨ ᠵᠦᠢᠯ ᠠᠴᠠ ᠪᠣᠯᠵᠣ᠂ ᠨᠥᠬᠦᠴᠡᠯ ᠳᠤ ᠨᠡᠶᠢᠴᠡᠬᠦ ᠪᠠᠨ ᠪᠤᠯᠢᠪᠠᠯ᠂ ᠬᠢᠨᠠᠨ ᠲᠣᠭᠲᠠᠭᠠᠭᠰᠠᠨ ᠤ ᠳᠠᠷᠠᠭ᠎ᠠ ᠤᠬᠤᠷᠢᠨ ᠭᠠᠷᠤᠨ᠎ᠠ︔      4. ᠲᠣᠭᠲᠠᠭᠠᠯ ᠶᠣᠰᠣᠭᠠᠷ ᠦᠢᠯᠡᠴᠢᠯᠡᠭᠡ ᠬᠦᠯᠢᠶᠡᠭᠰᠡᠨ ᠦᠭᠡᠢ ᠪᠠᠷ ᠰᠢᠭᠤᠳ ᠪᠡᠯᠡᠨ ᠵᠣᠭᠤᠰ ᠢ ᠮᠡᠬᠡᠯᠡᠨ ᠠᠪᠤᠭᠰᠠᠨ ᠪᠤᠶᠤ ᠲᠠᠸᠠᠷ ᠢᠶᠠᠷ ᠦᠢᠯᠡᠴᠢᠯᠡᠭᠡ ᠶᠢ ᠣᠷᠣᠯᠠᠭᠤᠯᠤᠭᠰᠠᠨ ᠪᠠᠶᠢᠪᠠᠯ ᠬᠢᠨᠠᠨ ᠬᠠᠷᠭᠤᠭᠤᠯᠤᠭᠠᠳ ᠭᠠᠷᠭᠠᠨ᠎ᠠ᠃      ︵ᠬᠤᠶᠠᠷ︶ ᠦᠢᠯᠡᠴᠢᠯᠡᠭᠡᠨ ᠤ ᠬᠤᠳᠠᠯᠳᠤᠭᠠᠴᠢᠨ ᠤ ᠤᠬᠤᠷᠢᠨ ᠭᠠᠷᠬᠤ ᠲᠣᠭᠲᠠᠴᠠ᠃ ᠦᠢᠯᠡᠴᠢᠯᠡᠭᠡ ᠬᠤᠳᠠᠯᠳᠤᠨ ᠠᠪᠬᠤ ᠬᠥᠳᠡᠯᠦᠩᠭᠦᠶ ᠪᠠᠷ ᠣᠷᠣᠵᠤ ᠭᠠᠷᠬᠤ ᠲᠣᠭᠲᠠᠴᠠ ᠶᠢ ᠪᠠᠶᠢᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠨᠢ ᠳᠣᠤᠷᠠᠬᠢ ᠮᠡᠲᠦ ᠰᠢᠢᠳᠬᠡᠨ ᠲᠣᠷᠭᠠᠬᠤ ᠵᠦᠢᠯ ᠵᠤᠷᠪᠤᠰ ᠢ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠭᠡᠷ᠎ᠡ ᠳᠤ ᠣᠷᠣᠭᠤᠯᠬᠤ ᠬᠡᠷᠡᠭᠲᠡᠶ᠃ ᠳᠣᠣᠷᠠᠬᠢ ᠪᠠᠶᠢᠳᠠᠯ ᠤᠨ ᠨᠢᠭᠡ ᠨᠢ ᠪᠠᠶᠢᠬᠤ ᠶᠢ ᠪᠠᠶᠢᠴᠠᠭᠠᠨ ᠲᠣᠳᠣᠯᠠᠪᠠᠯ᠂ ᠡᠯ᠎ᠡ ᠬᠤᠰᠢᠭᠤ ᠰᠢᠶᠠᠨ ᠲᠣᠭᠤᠷᠢᠭ ᠨᠢ ᠭᠡᠷ᠎ᠡ ᠪᠠᠨ ᠴᠠᠭ ᠲᠤᠬᠠᠶ ᠳᠤᠨᠢ  ᠵᠣᠭᠰᠤᠭᠠᠬᠤ ᠶᠢᠨ ᠬᠠᠮᠲᠤ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠶ᠄      1. ᠵᠣᠬᠢᠬᠤ ᠬᠢᠷᠢ ᠬᠡᠮ ᠦᠭᠡᠢ︔      2. ᠡᠯ᠎ᠡ ᠵᠦᠢᠯ ᠤᠨ ᠠᠷᠭ᠎ᠠ ᠮᠠᠶ᠋ᠢᠭ ᠢᠶᠠᠷ ᠬᠤᠳᠠᠯ ᠬᠠᠭᠤᠷᠮᠠᠭ ᠦᠢᠯᠡᠴᠢᠯᠡᠭᠡ ᠶᠢ ᠲᠡᠮᠳᠡᠭᠯᠡᠭᠰᠡᠨ ᠪᠥᠭᠡᠳ ᠡᠭᠦᠨ ᠢᠶᠠᠷ ᠵᠠᠰᠠᠭ ᠤᠨ ᠣᠷᠳᠣᠨ ᠤ ᠨᠥᠬᠦᠪᠥᠷᠢ ᠶᠢᠨ ᠦᠨᠳᠦᠰᠦᠯᠡᠯ ᠪᠣᠯᠭᠠᠭᠰᠠᠨ︔      3. ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠤᠶᠤ ᠪᠤᠰᠤᠳ ᠨᠢᠭᠡᠴᠡ ᠲᠠᠢ ᠬᠤᠯᠪᠣᠭᠠᠯᠠᠵᠤ ᠪᠠᠶᠢᠭᠠᠳ ᠨᠠᠰᠤᠲᠠᠶᠢᠴᠤᠳ ᠲᠤ ᠡᠷᠡᠭᠦᠯᠵᠢᠯ ᠤᠨ ᠡᠳ᠋ ᠢ ᠲᠠᠨᠢᠯᠴᠠᠭᠤᠯᠤᠭᠰᠠᠨ᠂ ᠪᠣᠷᠣᠯᠠᠭᠤᠯᠤᠭᠰᠠᠨ︔      4. ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠤᠶᠤ ᠪᠤᠰᠤᠳ ᠨᠢᠭᠡᠴᠡ ᠲᠠᠢ ᠬᠤᠯᠪᠣᠭᠠᠯᠠᠵᠤ ᠪᠠᠶᠢᠭᠠᠳ ᠨᠠᠰᠤᠲᠠᠨ ᠤ ᠵᠣᠭᠤᠰ ᠮᠥᠩᠭᠦ ᠡᠳ᠋ ᠪᠣᠳᠠᠰ ᠢ ᠮᠡᠬᠡᠯᠡᠵᠦ ᠠᠪᠤᠭᠰᠠᠨ︔      5. ᠲᠣᠰ ᠪᠠᠶᠢᠭᠤᠯᠤᠮᠵᠢ ᠶᠢᠨ ᠥᠪᠡᠰᠦᠪᠡᠨ ᠲᠠᠷᠬᠠᠭᠠᠭᠰᠠᠨ ᠺᠠᠷᠲ ᠢ ᠬᠡᠷᠡᠭᠯᠡᠨ ᠨᠠᠰᠤᠲᠠᠳ ᠢᠶᠠᠷ ᠵᠣᠭᠤᠰ ᠨᠡᠮᠡᠭᠦᠯᠦᠭᠰᠡᠨ︔      6. ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠳᠡᠭᠡᠳᠦ ᠱᠠᠲᠤᠨ ᠤ ᠨᠢᠭᠡᠴᠡ ︵ᠪᠤᠶᠤ ᠡᠭᠡ ᠺᠣᠮᠫᠠᠨᠢ︶ ᠮᠡᠬᠡᠯᠡᠯ ᠬᠢᠭᠰᠡᠨ ᠪᠤᠶᠤ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠰᠡᠵᠢᠭᠯᠡᠯᠲᠡᠶ ᠠᠵᠢᠯᠯᠠᠭ᠎ᠠ ᠬᠢᠭᠰᠡᠨ︔      7. ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠭᠯᠡᠯ ᠢ ᠬᠦᠨᠳᠦ ᠨᠣᠴᠢᠲᠠᠶ ᠵᠥᠷᠢᠴᠡᠭᠰᠡᠨ ᠪᠤᠶᠤ ᠬᠠᠤᠯᠢ ᠰᠠᠬᠢᠯᠭ᠎ᠠ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠲᠠᠢ᠃      ᠨᠠᠢᠮᠠ᠂ ᠬᠢᠨᠠᠯᠲᠠ ᠬᠠᠮᠢᠶᠠᠷᠤᠯᠲᠠ      ︵ᠨᠢᠭᠡ︶ ᠨᠠᠰᠤᠵᠢᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠦᠨᠡᠯᠡᠨ ᠵᠢᠱᠢᠬᠦ ᠰᠢᠰᠲ᠋ᠧᠮᠵᠢ ᠶᠢ ᠪᠦᠷᠢᠨᠰᠢᠭᠦᠯᠦᠨ᠎ᠡ᠃ ᠨᠠᠰᠤᠵᠢᠯ ᠤᠨ ᠦᠢᠯᠡᠴᠢᠯᠡᠭᠡᠨ ᠤ ᠦᠨᠡᠯᠡᠨ ᠵᠢᠱᠢᠬᠦ ᠠᠵᠢᠯ ᠢ ᠵᠢᠷᠤᠮᠵᠢᠭᠤᠯᠵᠤ᠂ ᠨᠠᠰᠤᠲᠠᠳ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠨᠠᠰᠤᠲᠠᠳ ᠤᠨ ᠪᠡᠶ᠎ᠡ ᠮᠠᠬᠠᠪᠣᠳ ᠤᠨ ᠪᠠᠶᠢᠳᠠᠯ᠂ ᠠᠵᠤ ᠠᠬᠤᠶ ᠶᠢᠨ ᠪᠠᠶᠢᠳᠠᠯ᠂ ᠣᠷᠣᠨ ᠰᠠᠭᠤᠴᠠ ᠶᠢᠨ ᠪᠠᠶᠢᠳᠠᠯ ᠪᠠ ᠨᠠᠰᠤᠵᠢᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠵᠡᠷᠭᠡ ᠳᠤ ᠪᠠᠶᠢᠴᠠᠭᠠᠯᠲᠠ ᠦᠨᠡᠯᠡᠯᠲᠡ ᠬᠢᠵᠦ᠂ ᠦᠨᠡᠯᠡᠨ ᠵᠢᠱᠢᠭᠰᠡᠨ ᠰᠠᠨᠠᠯ ᠢ ᠪᠦᠷᠢᠯᠳᠦᠭᠦᠯᠦᠨ᠎ᠡ᠃ ᠵᠠᠰᠠᠭ ᠤᠨ ᠣᠷᠳᠣᠨ ᠤ ᠨᠠᠰᠤᠵᠢᠯ ᠤᠨ ᠦᠢᠯᠡᠴᠢᠯᠡᠭᠡ ᠬᠤᠳᠠᠯᠳᠤᠨ ᠠᠪᠬᠤ ᠳᠤ ᠦᠨᠳᠦᠰᠦᠯᠡᠯ ᠬᠠᠩᠭᠠᠬᠤ ᠬᠡᠷᠡᠭᠲᠡᠶ᠃      ︵ᠬᠤᠶᠠᠷ︶ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠳᠠᠭᠠᠭᠠᠨ ᠠᠪᠬᠤ ᠭᠤᠣᠯ ᠴᠣᠭᠴᠠ ᠶᠢᠨ ᠦᠨᠡᠯᠡᠨ ᠵᠢᠱᠢᠬᠦ᠂ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠬᠤᠳᠠᠯᠳᠤᠨ ᠠᠪᠬᠤ ᠭᠤᠣᠯ ᠴᠣᠭᠴᠠ᠂ ᠦᠢᠯᠡᠴᠢᠯᠡᠬᠦ ᠡᠲᠡᠭᠡᠳ ᠵᠢᠴᠢ ᠭᠤᠷᠪᠠᠳᠠᠬᠢ ᠡᠲᠡᠭᠡᠳ ᠢᠶᠠᠷ ᠪᠦᠷᠢᠯᠳᠦᠭᠰᠡᠨ ᠶᠡᠷᠦᠩᠬᠡᠶᠢᠯᠡᠭᠰᠡᠨ ᠴᠢᠨᠠᠷᠲᠠᠶ ᠬᠢᠨᠠᠨ ᠲᠣᠭᠲᠠᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠳᠠᠭᠠᠭᠠᠨ ᠠᠪᠬᠤ ᠭᠤᠤᠯ ᠴᠣᠭᠴᠠ ᠶᠢᠨ ᠦᠢᠯᠡᠴᠢᠯᠡᠭᠡᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠦᠨᠡᠯᠡᠵᠦ᠂ ᠭᠤᠤᠯᠳᠠᠭᠤ ᠨᠠᠰᠤᠲᠠᠳ ᠤᠨ ᠬᠠᠨᠤᠮᠵᠢ ᠶᠢᠨ ᠨᠣᠷᠮ᠎ᠠ᠂ ᠦᠢᠯᠡᠴᠢᠯᠡᠭᠡᠨ ᠤ ᠴᠠᠭ ᠤᠨ ᠣᠨᠣᠪᠴᠢᠲᠠᠶ ᠨᠤᠷᠮ᠎ᠠ᠂ ᠦᠢᠯᠡᠴᠢᠯᠡᠭᠡᠨ ᠤ ᠲᠥᠷᠥᠯ ᠵᠦᠢᠯ ᠤᠨ ᠪᠦᠷᠢᠨ ᠪᠦᠲᠦᠨ ᠪᠠᠶᠢᠬᠤ ᠨᠣᠷᠮ᠎ᠠ᠂ ᠪᠦᠲᠦᠮᠵᠢᠲᠡᠶ ᠵᠠᠭᠠᠯᠳᠤᠵᠤ ᠬᠡᠷᠡᠭ ᠳᠠᠭᠤᠰᠬᠠᠬᠤ ᠨᠣᠷᠮ᠎ᠠ᠂ ᠦᠢᠯᠡᠴᠢᠯᠡᠭᠡᠨ ᠤ ᠳᠠᠩᠰᠠ ᠡᠪᠬᠡᠮᠡᠯ ᠵᠡᠷᠭᠡ ᠠᠭᠤᠯᠭ᠎ᠠ ᠶᠢᠨ ᠦᠢᠯᠡᠴᠢᠯᠡᠭᠡᠨ ᠳᠤ ᠶᠠᠰᠤ ᠴᠢᠨᠠᠷ ᠤᠨ ᠦᠨᠡᠯᠡᠯᠲᠡ ᠬᠢᠨ᠎ᠡ᠃ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠦᠢᠯᠡᠴᠢᠯᠡᠭᠡᠨ ᠤ ᠳᠠᠭᠠᠭᠠᠨ ᠠᠪᠬᠤ ᠭᠤᠤᠯ ᠴᠣᠭᠴᠠ ᠶᠢᠨ ᠲᠡᠰ ᠤᠨ ᠬᠠᠮᠢᠶᠠᠷᠤᠯᠲᠠ ᠬᠢᠭᠡᠳ ᠦᠨᠡᠯᠡᠯᠲᠡ ᠶᠢᠨ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃      ︵ᠭᠤᠷᠪᠠ︶ ᠬᠤᠲᠠ᠂ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ᠂ ᠬᠢᠨᠠᠨ ᠪᠤᠳᠤᠬᠤ ᠰᠠᠯᠠᠭ᠎ᠠ ᠮᠥᠴᠢᠷ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠪᠠᠯᠠ ᠮᠥᠩᠭᠦ ᠳᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠯᠲᠠ ᠲᠠᠯᠪᠢᠵᠤ᠂ ᠬᠢᠨᠠᠨ ᠪᠤᠳᠤᠬᠤ ᠬᠡᠷᠡᠭᠲᠡᠶ᠃ ᠬᠤᠲᠠ ᠶᠢᠨ ᠡᠳ᠋ ᠤᠨ ᠵᠠᠰᠠᠭ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠲᠤᠰᠬᠠᠶ ᠪᠠᠶᠢᠴᠠᠭᠠᠯᠲᠠ ᠶᠢ  ᠵᠣᠬᠢᠶᠠᠨ ᠪᠠᠶᠢᠭᠤᠯᠵᠤ᠂ ᠵᠠᠰᠠᠭ ᠤᠨ ᠣᠷᠳᠣᠨ ᠤ ᠦᠢᠯᠡᠴᠢᠯᠡᠭᠡᠨ ᠬᠤᠳᠠᠯᠳᠤᠨ ᠠᠪᠬᠤ ᠪᠠᠯᠠ ᠮᠥᠩᠭᠦ ᠶᠢ ᠵᠢᠷᠤᠮᠵᠢᠭᠤᠯᠤᠨ ᠬᠠᠮᠢᠶᠠᠷᠬᠤ ᠪᠠ ᠵᠦᠶ ᠵᠣᠬᠢᠰᠲᠠᠶ ᠬᠡᠷᠡᠭᠯᠡᠬᠦ ᠶᠢ ᠦᠨᠡᠨᠬᠦ ᠪᠠᠲᠤᠯᠠᠨ᠎ᠠ᠃ ᠪᠡᠯᠡ ᠮᠥᠩᠭᠦ ᠶᠢ ᠳᠤᠮᠳᠠ ᠠᠴᠠ ᠨᠢ ᠲᠠᠰᠤᠳᠠᠨ ᠦᠯᠡᠳᠡᠭᠡᠭᠰᠡᠨ᠂ ᠨᠡᠭᠦᠯᠭᠡᠨ ᠬᠡᠷᠡᠭᠯᠡᠭᠰᠡᠨ ᠪᠠ ᠰᠠᠭᠠᠲᠠᠭᠠᠭᠰᠠᠨ ᠵᠢᠴᠢ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾᠂ ︽ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠳᠬᠡᠨ ᠲᠣᠷᠭᠠᠬᠤ ᠲᠦᠷᠢᠮ︾ ᠵᠡᠷᠭᠡ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃      ︵ᠳᠥᠷᠪᠡ︶ ᠳᠠᠭᠠᠭᠠᠨ ᠠᠪᠬᠤ ᠭᠤᠤᠯ ᠴᠣᠭᠴᠠ ᠶᠢᠨ ᠢᠲᠡᠭᠡᠮᠵᠢ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ᠃ ᠡᠯ᠎ᠡ ᠱᠠᠲᠤᠨ ᠤ ᠠᠷᠠᠳ ᠤᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠢᠴᠢ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠦᠢᠯᠡᠴᠢᠯᠡᠭᠡ ᠶᠢ ᠳᠠᠭᠠᠭᠠᠨ ᠠᠪᠤᠭᠰᠠᠨ ᠭᠤᠤᠯ ᠴᠣᠭᠴᠠ ᠶᠢᠨ ᠢᠲᠡᠭᠡᠮᠵᠢ ᠶᠢᠨ ᠲᠡᠮᠳᠡᠭᠯᠡᠯ ᠢ ᠣᠨ ᠤ ᠪᠠᠶᠢᠴᠠᠭᠠᠯᠲᠠ ︵ᠮᠡᠳᠡᠭᠦᠯᠦᠯᠲᠡ︶᠂ ᠦᠨᠡᠯᠡᠨ ᠵᠢᠱᠢᠬᠦ᠂ ᠬᠠᠤᠯᠢ ᠬᠡᠷᠡᠭᠵᠢᠭᠦᠯᠬᠦ ᠵᠡᠷᠭᠡ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠳᠤ ᠣᠷᠣᠭᠤᠯᠬᠤ ᠬᠡᠷᠡᠭᠲᠡᠶ᠃ ᠡᠭᠦᠨ ᠤ ᠬᠠᠮᠲᠤ ᠵᠠᠰᠠᠭ ᠤᠨ ᠣᠷᠳᠣᠨ ᠬᠤᠳᠠᠯᠳᠤᠨ ᠠᠨᠠᠬᠤ ᠦᠢᠯᠡᠴᠢᠯᠡᠭᠡ ᠶᠢ ᠳᠠᠭᠠᠭᠠᠨ ᠠᠪᠬᠤ ᠭᠤᠤᠯ ᠴᠣᠭᠴᠠ ᠶᠢ ᠰᠣᠩᠭᠤᠬᠤ ᠴᠢᠬᠤᠯᠠ ᠯᠠᠪᠯᠠᠬᠤ ᠦᠨᠳᠦᠰᠦᠯᠡᠯ ᠪᠣᠯᠭᠠᠵᠤ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠠᠰᠤᠷᠠᠯᠲᠠ ᠥᠬᠡᠶ ᠪᠦᠷᠢᠨᠰᠢᠭᠦᠯᠬᠦ ᠬᠡᠷᠡᠭᠲᠡᠢ᠃      ︵ᠲᠠᠪᠤ︶ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠬᠤᠳᠠᠯᠳᠤᠨ ᠠᠪᠬᠤ ᠦᠢᠯᠡᠴᠢᠯᠡᠭᠡᠨ ᠤ ᠮᠡᠳᠡᠭᠡ ᠵᠠᠩᠭᠢ ᠵᠡᠷᠭᠡ ᠲᠤᠭ᠎ᠠ ᠪᠠᠷᠢᠮᠲᠠ ᠶᠢ ᠪᠥᠬᠦ ᠬᠤᠲᠠ ᠶᠢᠨ ᠨᠠᠰᠤᠵᠢᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠳᠤ ᠣᠷᠣᠭᠤᠯᠵᠤ᠂ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠦᠢᠯᠡᠴᠢᠯᠡᠭᠡ ᠬᠤᠳᠠᠯᠳᠤᠨ ᠠᠪᠬᠤ ᠪᠠᠶᠢᠭᠤᠯᠤᠮᠵᠢ ᠨᠢ ᠬᠤᠲᠠ ᠶᠢᠨ ᠨᠠᠰᠤᠵᠢᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠯᠤᠭ᠎ᠠ ᠮᠡᠳᠡᠭᠡ ᠵᠠᠩᠭᠢ ᠵᠣᠯᠭᠠᠭᠤᠯᠬᠤ ᠶᠢ ᠬᠡᠷᠡᠭᠵᠢᠭᠦᠯᠵᠦ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠦᠨᠡᠨᠬᠦ ᠪᠠᠲᠤᠯᠠᠬᠤ ᠬᠡᠷᠡᠭᠲᠡᠶ᠃      ᠲᠣᠰ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠦᠨ᠎ᠡ᠃ ᠳᠠᠭᠠᠯᠳᠤᠭᠤᠯᠤᠯ᠄ 1. ᠬᠥᠬᠡᠬᠤᠲᠠ ᠶᠢᠨ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠵᠢᠯᠣᠭᠤᠳᠬᠤ ᠴᠢᠨᠠᠷᠲᠠᠶ ᠭᠠᠷᠴᠠᠭ  ︵ᠳᠥᠭᠦᠮᠴᠢᠯᠡᠪᠡ︶2. ᠬᠥᠬᠡᠬᠤᠲᠠ ᠶᠢᠨ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠭᠤᠶᠤᠴᠢᠯᠠᠯ ᠤᠨ ᠬᠦᠰᠦᠨᠦᠭᠲᠦ  ︵ᠳᠥᠭᠦᠮᠴᠢᠯᠡᠪᠡ︶3. ᠠᠵᠢᠯᠲᠠᠨ ᠤ ᠲᠥᠷᠥᠯ ᠢᠯᠭᠠᠯ ᠨᠡᠷ᠎ᠡ ᠦᠭᠡ ᠶᠢᠨ ᠲᠠᠶᠢᠯᠪᠤᠷᠢᠯᠠᠯᠲᠠ ᠵᠢᠴᠢ ᠪᠡᠶ᠎ᠡ ᠶᠢᠨ ᠬᠢᠷᠢ ᠬᠡᠮ ᠤᠨ ᠮᠠᠭᠠᠳᠯᠠᠨ ᠲᠣᠭᠲᠠᠭᠠᠯᠲᠠᠳᠠᠭᠠᠯᠳᠤᠭᠤᠯᠤᠯ 3 ᠠᠵᠢᠯᠲᠠᠨ ᠤ ᠲᠥᠷᠥᠯ ᠢᠯᠭᠠᠯ ᠨᠡᠷ᠎ᠡ ᠦᠭᠡ ᠶᠢᠨ ᠲᠠᠶᠢᠯᠪᠤᠷᠢᠯᠠᠯᠲᠠ ᠵᠢᠴᠢ ᠪᠡᠶ᠎ᠡ ᠶᠢᠨ ᠬᠢᠷᠢ ᠬᠡᠮ ᠤᠨ ᠮᠠᠭᠠᠳᠯᠠᠨ ᠲᠣᠭᠲᠠᠭᠠᠯᠲᠠ      ︵ᠨᠢᠭᠡ︶ ᠭᠠᠭᠴᠠᠭᠠᠷ ᠰᠠᠭᠤᠭ᠎ᠠ ᠨᠠᠰᠤᠲᠠᠨ ᠨᠢ ᠭᠡᠷ ᠪᠦᠯᠢ ᠶᠢᠨ ᠪᠦᠷᠢᠯᠳᠦᠬᠦᠨ ᠨᠢ ᠪᠦᠬᠦᠯᠢ 60 ᠨᠠᠰᠤ ︵ᠪᠠᠭᠲᠠᠨ᠎ᠠ︶ ᠠᠴᠠ ᠳᠡᠭᠡᠭᠰᠢᠬᠢ ᠨᠢᠭᠡ ᠨᠠᠰᠤᠲᠠᠶ ᠬᠥᠮᠦᠨ ᠲᠠᠢ ᠮᠥᠷᠲᠡᠭᠡᠨ ᠦᠷ᠎ᠡ ᠬᠡᠤᠬᠡᠳ ᠨᠢ ᠠᠳᠠᠯᠢ ᠨᠢᠭᠡᠨ ᠣᠷᠣᠨ ᠰᠠᠭᠤᠴᠠ ᠶᠢᠨ ᠬᠤᠷᠢᠶᠠᠯᠠᠯ ︵ᠠᠶᠢᠯ ᠲᠣᠰᠬᠤᠨ︶ ᠲᠤ ᠰᠠᠭᠤᠵᠤ ᠪᠠᠶᠢᠬᠤ ᠦᠭᠡᠢ᠂ ᠡᠰᠡᠬᠦᠯ᠎ᠡ ᠦᠷ᠎ᠡ ᠬᠡᠤᠬᠡᠳ ᠨᠢ ᠵᠡᠮᠳᠡᠭ ᠪᠠᠶᠢᠵᠤ ᠬᠠᠷᠠᠭᠠᠯᠵᠠᠬᠤ ᠴᠢᠳᠠᠪᠤᠷᠢ ᠦᠭᠡᠢ ᠭᠡᠷ ᠪᠦᠯᠢ ᠶᠢ ᠵᠢᠭᠠᠨ᠎ᠠ᠂ ᠲᠡᠭᠦᠨ ᠤ ᠪᠡᠶ᠎ᠡ ᠶᠢᠨ ᠬᠢᠷᠢ ᠬᠡᠮ ᠢ ᠨᠡᠶᠢᠭᠡᠮ ᠲᠣᠭᠤᠷᠢᠭ ︵ᠭᠠᠴᠠᠭᠠᠨ ᠤ ᠠᠷᠠᠳ ᠤᠨ ᠵᠥᠪᠯᠡᠯ︶ ᠠᠴᠠ ᠦᠨᠡᠮᠰᠢᠨ ᠲᠣᠭᠲᠠᠭᠠᠨ᠎ᠠ᠃      ︵ᠬᠤᠶᠠᠷ︶ ᠲᠥᠯᠥᠪᠯᠡᠭᠡᠲᠦ ᠦᠷᠡᠵᠢᠯ ᠤᠨ ᠣᠨᠴᠠ ᠲᠡᠳᠬᠦᠬᠦ ᠨᠠᠰᠤᠲᠠᠨ ᠨᠢ ᠭᠠᠭᠴᠠ ᠬᠡᠤᠬᠡᠳ ᠨᠢ ᠵᠡᠮᠳᠡᠭ ᠪᠣᠯᠤᠭᠰᠠᠨ ᠪᠤᠶᠤ ᠨᠠᠰᠤ ᠪᠠᠷᠠᠭᠰᠠᠨ᠂ ᠳᠠᠭᠢᠵᠤ ᠬᠡᠤᠬᠡᠳ ᠠᠪᠤᠭᠰᠠᠨ ᠥᠬᠡᠶ ᠪᠤᠶᠤ ᠡᠷᠭᠦᠵᠦ ᠲᠡᠵᠢᠭᠡᠭᠰᠡᠨ ᠦᠭᠡᠢ ᠨᠠᠰᠤᠲᠠᠳ ᠤᠨ ᠬᠡᠷ ᠪᠦᠯᠢ ᠶᠢ ᠵᠢᠭᠠᠨ᠎ᠠ᠂ ᠲᠡᠭᠦᠨ ᠤ ᠪᠡᠶ᠎ᠡ ᠶᠢᠨ ᠬᠢᠷᠢ ᠬᠡᠮ ᠢ ᠬᠤᠰᠢᠭᠤ ᠰᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠦᠨᠡᠮᠰᠢᠨ ᠲᠣᠭᠲᠠᠭᠠᠨ᠎ᠠ᠃      ︵ᠭᠤᠷᠪᠠ︶ ᠳᠤᠮᠳᠠ ᠵᠡᠷᠭᠡ ᠶᠢᠨ ᠴᠢᠳᠠᠪᠤᠷᠢ ᠪᠠᠨ ᠠᠯᠳᠠᠭᠰᠠᠨ ᠣᠶᠤᠨ ᠢᠶᠠᠨ ᠠᠯᠳᠠᠭᠰᠠᠨ᠂ ᠬᠦᠨᠳᠦ ᠵᠡᠷᠭᠡ ᠶᠢᠨ ᠴᠢᠳᠠᠪᠤᠷᠢ ᠪᠠᠨ ᠠᠯᠳᠠᠭᠰᠠᠨ ᠣᠶᠤᠨ ᠢᠶᠠᠨ ᠠᠯᠳᠠᠭᠰᠠᠨ ᠨᠠᠰᠤᠲᠠᠨ ᠨᠢ ᠡᠳᠦᠷ ᠲᠤᠲᠤᠮ ᠤᠨ ᠦᠢᠯᠡ ᠠᠵᠢᠯᠯᠠᠭ᠎ᠠ ᠨᠢ ᠲᠦᠰᠢᠭᠦᠷᠢ᠂ ᠲᠠᠶᠠᠭ᠂ ᠬᠦᠷᠳᠦᠲᠦ ᠰᠠᠨᠳᠠᠯᠢ ᠪᠠ ᠡᠷᠭᠦᠭᠴᠢ ᠮᠠᠰᠢᠨ ᠵᠡᠷᠭᠡ ᠲᠥᠬᠦᠭᠡᠷᠦᠮᠵᠢ ᠳᠤ ᠲᠦᠰᠢᠭᠯᠡᠨ ᠴᠢᠳᠠᠪᠤᠷᠢ ᠪᠠᠨ ᠠᠯᠳᠠᠭᠰᠠᠨ᠂ ᠴᠢᠳᠠᠪᠤᠷᠢ ᠪᠠᠨ ᠬᠠᠭᠠᠰ ᠠᠯᠳᠠᠭᠰᠠᠨ ᠨᠠᠰᠤᠲᠠᠳ ᠢ ᠵᠢᠭᠠᠨ᠎ᠠ︔ ᠲᠡᠭᠦᠨ ᠤ ᠪᠡᠶ᠎ᠡ ᠶᠢᠨ ᠬᠢᠷᠢ ᠬᠡᠮ ᠢ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠡᠮᠴᠢᠯᠡᠭᠡ ᠶᠢᠨ ᠳᠠᠭᠠᠳᠬᠠᠯ ᠤᠨ ᠲᠣᠪᠴᠢᠶ᠎ᠠ ᠠᠴᠠ ᠬᠠᠮᠢᠶ᠎ᠠ ᠪᠦᠬᠦᠢ ᠦᠨᠡᠯᠡᠨ ᠵᠢᠱᠢᠬᠦ ᠪᠠᠷᠢᠮᠵᠢᠶ᠎ᠠ ᠶᠣᠰᠣᠭᠠᠷ ᠴᠢᠳᠠᠪᠤᠷᠢ ᠶᠢᠨ ᠦᠨᠡᠯᠡᠨ ᠵᠢᠱᠢᠯᠲᠡ ᠬᠢᠨ᠎ᠡ᠃      ︵ᠳᠥᠷᠪᠡ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠥᠪᠡᠭᠡᠨ ᠳᠠᠬᠢ ᠭᠡᠷ ᠪᠦᠯᠢ ᠨᠢ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠡᠭᠡᠭᠰᠢ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ 1.5 ᠳᠠᠬᠢᠨ ᠳᠣᠷᠣᠭᠰᠢᠬᠢ ᠭᠡᠷ ᠪᠦᠯᠢ ᠶᠢ ᠵᠢᠭᠠᠨ᠎ᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠦᠨᠡᠮᠰᠢᠨ ᠲᠣᠭᠲᠠᠭᠠᠨ᠎ᠠ᠃      ︵ᠲᠠᠪᠤ︶ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠦᠢᠯᠡᠴᠢᠯᠡᠭᠡ ᠶᠢᠨ ᠪᠤᠰᠤᠳ ᠡᠲᠡᠭᠡᠳ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠵᠣᠬᠢᠴᠠᠩᠭᠤᠶ ᠭᠡᠷᠡᠴᠢ ᠮᠠᠲ᠋ᠧᠷᠢᠶᠠᠯ ᠢ ᠬᠠᠩᠭᠠᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号