ᠪᠦᠬᠦ ᠬᠤᠲᠠ ᠶᠢᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠵᠢᠷᠤᠮᠵᠢᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠣᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/1/11
             ᠬᠥᠬᠡᠬᠤᠲᠠ ᠵᠠᠰᠠᠭ ᠠᠯᠪᠠᠨ ᠦᠰᠦᠭ ﹇2020﹈ 57 ᠳ᠋ᠤᠭᠠᠷ ᠲᠣᠭᠠᠲᠤ              2020 ᠣᠨ ᠤ 9 ᠳ᠋ᠦ᠋ᠭᠡᠷ ᠰᠠᠷ᠎ᠠ ᠶᠢᠨ 30 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ  ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ  ᠮᠦᠴᠢᠷ ᠲᠤ᠄      ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ︽ᠪᠥᠬᠦ ᠬᠤᠲᠠ ᠶᠢᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠵᠢᠷᠤᠮᠵᠢᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠰᠠᠶᠢᠲᠤᠷ ᠠᠳᠬᠤᠵᠤ ᠨᠠᠶᠢᠳᠠᠪᠤᠷᠢᠵᠢᠭᠤᠯᠲᠤᠭᠠᠶ᠃ᠪᠦᠬᠦ ᠬᠤᠲᠠ ᠶᠢᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠵᠢᠷᠤᠮᠵᠢᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠬᠡᠷᠡᠭᠵᠢᠭᠦᠯᠬᠦ ᠲᠥᠰᠦᠯ      ᠮᠠᠨ ᠤ ᠬᠤᠲᠠ ᠶᠢᠨ ᠲᠠᠷᠢᠶᠠᠯᠠᠩ ᠠᠷᠠᠯᠵᠢᠶᠠᠨ ᠤ ︵ᠳᠠᠯᠠᠢ ᠶᠢᠨ ᠢᠳᠡᠭᠡᠨ︶ ᠵᠠᠬ᠎ᠠ ᠳᠡᠯᠭᠡᠭᠦᠷ ᠤᠨ ᠬᠢᠨᠠᠯᠲᠠ ᠪᠠ ᠬᠠᠮᠢᠶᠠᠷᠤᠯᠲᠠ ᠶᠢ ᠤᠯᠠᠮ ᠨᠢᠭᠡ ᠠᠯᠬᠤᠮ  ᠴᠢᠩᠭᠠᠳᠬᠠᠵᠦ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠷᠢᠮᠵᠢᠶᠠᠵᠢᠭᠰᠠᠨ ᠪᠠᠶᠢᠭᠤᠯᠤᠯᠲᠠ ᠶᠢ ᠠᠬᠢᠭᠤᠯᠵᠤ᠂ ᠪᠣᠯᠪᠠᠰᠤᠨ᠂ ᠡᠮᠬᠢ ᠵᠢᠷᠤᠮ ᠲᠠᠢ᠂  ᠠᠷᠢᠭᠤᠨ ᠴᠡᠪᠡᠷ᠂ ᠠᠮᠤᠷ ᠲᠦᠪᠰᠢᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠡᠭᠦᠳᠦᠨ ᠪᠠᠶᠢᠭᠤᠯᠬᠤ  ᠶᠢᠨ ᠳᠦᠯᠦᠭᠡ᠂ ᠣᠨᠴᠠᠭᠠᠶᠢᠯᠠᠨ ᠳᠣᠤᠷᠠᠬᠢ ᠮᠡᠲᠦ ᠠᠵᠢᠯ ᠤᠨ ᠲᠥᠰᠦᠯ ᠢ  ᠲᠣᠭᠳᠠᠭᠠᠪᠠ᠃      ᠨᠢᠭᠡ᠂ ᠶᠡᠷᠦᠩᠬᠡᠶ ᠱᠠᠭᠠᠷᠳᠠᠯᠭ᠎ᠠᠪᠠᠷᠢᠮᠵᠢᠶᠠᠵᠢᠭᠰᠠᠨ ᠬᠠᠮᠢᠶᠠᠷᠤᠯᠲᠠ ᠪᠠᠷ ᠭᠠᠷᠳᠠᠴᠠ ᠪᠣᠯᠭᠠᠵᠤ᠂ ᠮᠡᠳᠡᠭᠡ ᠵᠠᠩᠭᠢᠵᠢᠯᠲᠠ ᠶᠢᠨ ᠮᠡᠷᠭᠡᠵᠢᠯ ᠢᠶᠠᠷ  ᠲᠣᠯᠠᠭᠠᠭᠤᠷᠢᠯᠠᠯ ᠪᠣᠯᠭᠠᠵᠤ᠂ ᠠᠳᠠᠯᠢ ᠪᠤᠰᠤ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠣᠳᠣᠬᠢ ᠪᠠᠶᠢᠳᠠᠯ ᠳᠤ ᠴᠢᠭᠯᠡᠭᠦᠯᠦᠨ᠂ ᠲᠥᠷᠥᠯ ᠬᠤᠪᠢᠶᠠᠨ ᠪᠣᠳᠣᠯᠭ᠎ᠠ ᠬᠡᠷᠡᠭᠵᠢᠭᠦᠯᠵᠦ᠂ ᠠᠯᠬᠤᠮ ᠬᠤᠪᠢᠶᠠᠨ ᠠᠬᠢᠭᠤᠯᠵᠤ᠂ ᠬᠤᠲᠠ ᠶᠢᠨ ᠲᠣᠭᠤᠷᠢᠭ ᠤᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠬᠡᠷᠡᠭᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠴᠢᠨᠠᠷ ᠰᠠᠶᠢᠲᠠᠶ ᠬᠡᠷᠡᠭᠯᠡᠭᠡᠨ ᠤ ᠬᠡᠷᠡᠭᠴᠡᠭᠡ ᠶᠢ  ᠪᠦᠳᠦᠮᠵᠢᠳᠠᠢ ᠬᠠᠩᠭᠠᠵᠤ᠂ ᠶᠠᠰᠤ ᠴᠢᠨᠠᠷ  ᠤᠨ ᠲᠥᠪ ᠬᠤᠲᠠ᠂ ᠵᠣᠯ ᠵᠢᠷᠭᠠᠯᠲᠤ ᠲᠥᠪ ᠬᠤᠲᠠ ᠶᠢ ᠴᠢᠷᠮᠠᠶᠢᠨ ᠪᠠᠶᠢᠭᠤᠯᠤᠨ᠎ᠠ᠃ᠬᠤᠶᠠᠷ᠂ ᠠᠵᠢᠯ ᠤᠨ ᠬᠠᠷᠠᠯᠲᠠ2020 ᠣᠨ ᠤ ᠡᠴᠦᠰ ᠪᠣᠯᠬᠤ ᠳᠤ᠂ ᠪᠦᠬᠦ ᠬᠤᠲᠠ ᠶᠢᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠨᠢ ︽ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠡᠵᠡᠩᠨᠡᠯᠲᠡ ᠬᠠᠮᠢᠶᠠᠷᠤᠯᠲᠠ ᠶᠢᠨ ᠵᠦᠭᠯᠡᠭᠦᠷ ︵DB1501/T0002-2020︶︾ ᠤᠨ ᠱᠠᠭᠠᠷᠳᠠᠯᠭ᠎ᠠ ᠶᠣᠰᠣᠭᠠᠷ ᠪᠦᠬᠦᠨ ᠢ ᠴᠡᠭᠴᠡᠯᠡᠨ ᠰᠠᠶᠢᠵᠢᠷᠠᠭᠤᠯᠵᠣ ᠪᠠᠷᠢᠮᠵᠢᠶ᠎ᠠ ᠳᠤ ᠬᠦᠷᠭᠡᠨ᠂ ᠪᠠᠷᠢᠮᠵᠢᠶᠠᠵᠢᠭᠰᠠᠨ ᠡᠵᠡᠩᠨᠡᠯᠲᠡ᠂ ᠵᠢᠷᠤᠮᠵᠢᠭᠰᠠᠨ ᠬᠠᠮᠢᠶᠠᠷᠤᠯᠲᠠ ᠶᠢ ᠪᠡᠶᠡᠯᠡᠭᠦᠯᠵᠦ᠂ ᠵᠠᠬ᠎ᠠ ᠳᠡᠯᠭᠡᠭᠦᠷ ᠵᠢᠴᠢ ᠡᠷᠭᠢᠨ ᠲᠣᠭᠤᠷᠢᠨ ᠤ ᠣᠷᠴᠢᠨ ᠲᠣᠭᠤᠷᠢᠨ ᠤ ︽ᠪᠤᠵᠠᠷ᠂ ᠡᠷᠦᠶ ᠬᠤᠷᠤᠶ ᠥᠬᠡᠶ᠂ ᠠᠨᠠᠶ︾ ᠠᠰᠠᠭᠤᠳᠠᠯ ᠢ ᠪᠦᠲᠦᠮᠵᠢᠲᠡᠶ ᠴᠡᠭᠴᠡᠯᠡᠨ ᠵᠠᠰᠠᠨ᠎ᠠ᠃ ᠬᠤᠲᠠ ᠶᠢᠨ ᠳᠥᠷᠪᠡᠨ ᠲᠣᠭᠤᠷᠢᠭ ᠣᠳᠣ ᠪᠠᠶᠢᠭ᠎ᠠ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠲᠣᠭᠤᠷᠢᠭ ᠨᠢᠭᠡᠪᠦᠷᠢ ᠪᠠᠰᠠ ᠨᠢᠭᠡ ᠥᠨᠳᠥᠷ ᠪᠠᠷᠢᠮᠵᠢᠶᠠᠲᠤ ᠵᠢᠱᠢᠶ᠎ᠡ ᠦᠵᠡᠭᠦᠯᠬᠦ ᠴᠢᠨᠠᠷᠲᠠᠶ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠪᠠᠶᠢᠭᠤᠯᠵᠤ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠭᠦᠢᠴᠡᠳ ᠠᠰᠢᠭᠯᠠᠨ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠬᠢᠷᠢ  ᠲᠦᠪᠰᠢᠨ ᠪᠠ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ᠂ ᠤᠶᠤᠨᠲᠤ ᠬᠠᠮᠢᠶᠠᠷᠤᠯᠲᠠ᠂ ᠦᠢᠯᠡᠳᠬᠦᠨ ᠤ ᠮᠦᠷᠳᠡᠯᠳᠡ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃      ᠭᠤᠷᠪᠠ᠂ ᠭᠤᠤᠯ ᠡᠭᠦᠷᠭᠡ      ︵ᠨᠢᠭᠡ︶ ᠬᠠᠷᠢᠶ᠎ᠠ ᠭᠠᠵᠠᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭᠠᠷᠠᠭᠤᠯᠵᠤ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ᠡᠯ᠎ᠡ ᠲᠣᠭᠤᠷᠢᠭ ᠤᠨ ᠵᠠᠰᠠᠭ ᠤᠨ ᠣᠷᠳᠣᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠵᠣᠬᠢᠶᠠᠨ ᠪᠠᠶᠢᠭᠤᠯᠣᠨ ᠣᠳᠣᠷᠢᠳᠬᠤ ᠪᠠᠨ ᠴᠢᠩᠭᠠᠳᠬᠠᠵᠤ᠂ ᠨᠢᠭᠡᠳᠦᠯᠲᠡᠶ ᠳᠦᠯᠦᠪᠯᠡᠨ ᠵᠣᠬᠢᠴᠠᠭᠤᠯᠤᠨ  ᠲᠣᠬᠢᠷᠠᠭᠤᠯᠵᠣ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠢ ᠳᠡᠰ  ᠳᠠᠪᠰᠢᠭᠦᠯᠣᠨ ᠦᠭᠡᠷᠡᠴᠢᠯᠡᠬᠦ ᠶᠢ ᠪᠦᠬᠦ ᠬᠦᠴᠦᠨ ᠢᠶᠠᠷ ᠠᠬᠢᠭᠤᠯᠵᠤ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠵᠢᠴᠢ ᠡᠷᠭᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ  ᠵᠠᠰᠠᠬᠤ ᠶᠢ ᠴᠢᠩᠭᠠᠳᠬᠠᠵᠤ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠤᠷᠲᠤ ᠬᠤᠭᠤᠴᠠᠭᠠᠨ ᠤ ᠪᠦᠳᠦᠮᠵᠢᠳᠠᠢ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠨᠥᠬᠦᠴᠡᠯ ᠢᠶᠠᠨ ᠰᠠᠶᠢᠵᠢᠷᠠᠭᠤᠯᠬᠤ ᠶᠢ ᠰᠢᠮᠳᠠᠭᠤᠯᠬᠤ ᠪᠠ ᠵᠢᠯᠣᠭᠤᠳᠴᠤ᠂ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠵᠤᠷᠢᠭᠵᠢᠭᠤᠯᠤᠨ ᠲᠡᠳᠬᠦᠵᠦ᠂ ᠥᠨᠳᠥᠷ ᠪᠠᠷᠢᠮᠵᠢᠶᠠᠲᠤ ᠵᠢᠱᠢᠶ᠎ᠡ ᠦᠵᠡᠭᠦᠯᠬᠦ ᠴᠢᠨᠠᠷᠲᠠᠶ ᠲᠠᠷᠢᠶᠠᠯᠠᠩ  ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠬᠤ ᠬᠡᠷᠡᠭᠲᠡᠶ᠃︵ᠬᠤᠶᠠᠷ︶ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠬᠠᠮᠵᠢᠯᠴᠠᠨ ᠬᠢᠨᠠᠨ ᠬᠠᠮᠢᠶᠠᠷᠬᠤ ᠶᠢ ᠴᠢᠩᠭᠠᠳᠬᠠᠨ᠎ᠠ᠃ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠡᠯ᠎ᠡ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠬᠠᠮᠵᠢᠯᠴᠠᠨ ᠬᠢᠨᠠᠨ ᠬᠠᠮᠢᠶᠠᠷᠬᠤ ᠶᠢ ᠴᠢᠩᠭᠠᠳᠬᠠᠵᠤ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠷᠢᠮᠵᠢᠶᠠᠵᠢᠭᠰᠠᠨ ᠬᠠᠮᠢᠶᠠᠷᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠶ᠃ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠵᠠᠬ᠎ᠠ ᠳᠡᠯᠭᠡᠭᠦᠷ  ᠨᠡᠭᠡᠭᠡᠨ ᠡᠷᠬᠢᠯᠡᠬᠦ ᠲᠠᠯ᠎ᠠ ᠶᠢᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠰᠠᠭᠤᠷᠢ ᠪᠡᠯᠡᠳᠭᠡᠮᠵᠢ᠂ ᠡᠵᠡᠩᠨᠡᠯᠲᠡ ᠶᠢᠨ ᠪᠡᠯᠡᠳᠭᠡᠮᠵᠢ ᠶᠢ ᠲᠥᠯᠥᠪᠵᠢᠭᠦᠯᠦᠨ ᠪᠠᠶᠢᠭᠤᠯᠬᠤ  ᠶᠢ ᠵᠢᠯᠤᠭᠤᠳᠤᠨ ᠰᠢᠮᠳᠠᠭᠤᠯᠬᠤ ᠶᠢ ᠬᠠᠷᠢᠭᠤᠴᠠᠵᠤ᠂ ᠡᠵᠡᠩᠨᠡᠯᠲᠡ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ  ᠲᠡᠭᠦᠯᠳᠠᠷᠵᠢᠭᠦᠯᠵᠦ᠂ ᠵᠠᠬ᠎ᠠ ᠳᠡᠯᠭᠡᠭᠦᠷ ᠢ ᠵᠢᠯᠣᠭᠤᠳᠴᠤ ᠪᠠᠶᠢᠭᠠᠳ ᠪᠡᠯᠡᠳᠭᠡᠮᠵᠢ ᠶᠢᠨ ᠥᠭᠡᠷᠡᠴᠢᠯᠡᠯᠲᠡ ᠶᠢ ᠰᠠᠶᠢᠲᠤᠷ  ᠬᠢᠯᠭᠡᠵᠦ᠂ ᠡᠵᠡᠩᠨᠡᠯᠲᠡ ᠪᠠ ᠬᠡᠷᠡᠭᠯᠡᠭᠡᠨ ᠤ ᠣᠷᠴᠢᠨ ᠲᠣᠭᠤᠷᠢᠨ ᠢ ᠰᠠᠶᠢᠵᠢᠷᠠᠭᠤᠯᠤᠨ᠎ᠠ︔ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠭᠴᠢᠳ ᠢ ᠰᠢᠮᠳᠠᠭᠤᠯᠤᠨ ᠵᠢᠯᠣᠭᠤᠳᠴᠤ ᠪᠠᠶᠢᠭᠠᠳ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠬᠢᠷᠢ ᠲᠡᠩᠴᠡᠭᠰᠡᠨ ᠦᠨᠡᠮᠯᠡᠯ ᠠᠪᠣᠭᠤᠯᠬᠤ ᠬᠡᠷᠡᠭᠲᠡᠶ︔ ᠭᠠᠯ  ᠣᠨᠳᠠᠷᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠨᠢ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠲᠤ ᠠᠵᠢᠯ ᠡᠬᠢᠯᠡᠬᠦ ᠠᠴᠠ ᠡᠮᠦᠨᠡᠬᠢ ᠭᠠᠯ ᠣᠨᠳᠠᠷᠭᠠᠵᠤ ᠠᠮᠤᠷ ᠲᠦᠪᠰᠢᠨ ᠤ ᠪᠠᠶᠢᠴᠠᠭᠠᠯᠲᠠ ᠶᠢ ᠬᠠᠤᠯᠢ ᠶᠣᠰᠣᠭᠠᠷ ᠬᠡᠷᠡᠭᠵᠢᠭᠦᠯᠵᠦ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠲᠤ ᠭᠠᠯ ᠣᠨᠳᠠᠷᠭᠠᠵᠤ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠶᠢ ᠬᠡᠷᠡᠭᠵᠢᠭᠦᠯᠦᠨ᠎ᠡ︔ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠠᠬ᠎ᠠ ᠳᠡᠯᠭᠡᠭᠦᠷ ᠤᠨ ᠲᠠᠸᠠᠷ ᠤᠨ ᠠᠷᠠᠯᠵᠢᠶᠠᠨ ᠤ ᠠᠵᠢᠯᠯᠠᠭ᠎ᠠ ᠶᠢᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠬᠠᠷᠢᠭᠤᠴᠠᠵᠤ᠂ ᠵᠠᠬ᠎ᠠ ᠳᠡᠯᠭᠡᠭᠦᠷ  ᠨᠡᠭᠡᠭᠡᠨ ᠡᠷᠬᠢᠯᠡᠭᠴᠢ ᠪᠠ ᠡᠵᠡᠩᠨᠡᠭᠴᠢ ᠶᠢ ᠰᠢᠮᠳᠠᠭᠤᠯᠵᠤ ᠪᠠᠶᠢᠭᠠᠳ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠤᠭᠤᠯᠬᠤ ᠬᠡᠷᠡᠭᠲᠡᠶ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠠᠵᠢᠯ  ᠦᠷᠨᠢᠭᠦᠯᠬᠦ ᠶᠢ ᠵᠢᠭᠠᠨ ᠵᠢᠯᠣᠭᠤᠳᠴᠤ ᠂ ᠰᠢᠮᠳᠠᠭᠤᠯᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠵᠢᠯᠣᠭᠤᠳᠣᠯᠭ᠎ᠠ ᠶᠢ ᠴᠢᠩᠭᠠᠳᠬᠠᠬᠤ ᠬᠡᠷᠡᠭᠲᠡᠶ︔ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠡᠷᠬᠢᠨ ᠲᠣᠭᠤᠷᠢᠨ ᠤ ᠵᠠᠮ ᠡᠵᠡᠯᠡᠨ ᠡᠵᠡᠩᠨᠡᠬᠦ᠂ ᠳᠤᠷ᠎ᠠ ᠪᠠᠷ ᠢᠶᠠᠨ ᠮᠠᠶᠢᠮᠠᠢ ᠳᠡᠯᠭᠡᠬᠦ ᠵᠡᠷᠭᠡ ᠬᠤᠲᠠ ᠶᠢᠨ ᠦᠩᠭᠡ ᠳᠦᠷᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢ ᠵᠦᠷᠴᠢᠭᠰᠡᠨ ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ︔ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠬᠠᠷᠢᠭᠤᠴᠠᠵᠤ᠂ ᠵᠠᠬ᠎ᠠ ᠳᠡᠯᠭᠡᠭᠦᠷ ᠤᠨ ᠭᠤᠤᠯᠯᠠᠨ ᠡᠷᠬᠢᠯᠡᠭᠰᠡᠨ ᠲᠠᠯ᠎ᠠ  ᠶᠢᠨ ᠬᠢᠨ ᠢ ᠰᠢᠮᠳᠠᠭᠤᠯᠵᠣ ᠪᠠᠶᠢᠭᠠᠳ ᠵᠢᠷᠤᠮᠵᠢᠭᠰᠠᠨ ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠵᠡᠷᠭᠡ ᠠᠮᠤᠷ ᠲᠦᠪᠰᠢᠨ ᠤ ᠰᠡᠷᠭᠡᠶᠢᠯᠡᠯᠲᠡ ᠶᠢᠨ  ᠳᠦᠬᠦᠭᠡᠷᠥᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠯᠭᠡᠬᠦ ᠬᠡᠷᠡᠭᠲᠡᠶ︔ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠠᠬ᠎ᠠ ᠳᠡᠯᠭᠡᠭᠦᠷ ᠤᠨ ᠳᠣᠲᠣᠭᠠᠳᠤ ᠳᠤ ᠳᠤᠷ᠎ᠠ ᠪᠠᠷ ᠢᠶᠠᠨ ᠵᠣᠭᠰᠣᠵᠤ ᠳᠤᠷ᠎ᠠ ᠪᠠᠷ ᠢᠶᠠᠨ ᠲᠠᠯᠪᠢᠵᠤ ᠪᠠᠶᠢᠭ᠎ᠠ ᠵᠠᠮ ᠬᠠᠷᠢᠯᠴᠠᠭᠠᠨ ᠤ ᠲᠡᠷᠭᠡ ᠬᠥᠰᠬᠡ ᠶᠢ ᠵᠢᠷᠤᠮᠵᠢᠭᠤᠯᠤᠨ ᠬᠠᠮᠢᠶᠠᠷᠬᠤ ᠠᠵᠢᠯ ᠳᠤ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠬᠢᠵᠦ᠂ ᠡᠭᠦᠨ ᠤ ᠬᠠᠮᠲᠤ ᠵᠠᠬ᠎ᠠ ᠳᠡᠯᠭᠡᠭᠦᠷ ᠤᠨ ᠡᠷᠭᠢᠨ ᠲᠣᠭᠤᠷᠢᠨ ᠤ ᠵᠠᠮ ᠳᠡᠭᠡᠷ᠎ᠡ ᠳᠤᠷ᠎ᠠ ᠪᠠᠷ ᠢᠶᠠᠨ ᠵᠣᠭᠰᠣᠵᠣ ᠳᠤᠷ᠎ᠠ ᠪᠠᠷ ᠢᠶᠠᠨ  ᠲᠠᠯᠪᠢᠵᠦ ᠪᠠᠶᠢᠭ᠎ᠠ ᠲᠡᠷᠭᠡ ᠬᠥᠰᠬᠡ ᠶᠢ ᠵᠢᠷᠤᠮᠵᠢᠭᠤᠯᠤᠨ ᠬᠠᠮᠢᠶᠠᠷᠴᠤ᠂ ᠵᠠᠬ᠎ᠠ ᠳᠡᠯᠭᠡᠭᠦᠷ ᠤᠨ ᠡᠷᠭᠢᠨ ᠲᠣᠭᠤᠷᠢᠨ ᠤ ᠵᠠᠮ ᠤᠨ ᠠᠮᠤᠷ ᠲᠦᠪᠰᠢᠨ᠂ ᠰᠠᠭᠠᠳ ᠦᠭᠡᠶ ᠨᠡᠪᠲᠡᠷᠡᠬᠦ᠂ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ ᠬᠢᠨ ᠬᠠᠤᠯᠢ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠲᠣᠭᠳᠠᠮᠠᠯ ᠪᠤᠰᠤ ᠬᠤᠭᠤᠴᠠᠭ᠎ᠠ ᠲᠠᠢ ᠪᠠᠷ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠢ ᠬᠢᠨᠠᠨ ᠵᠢᠯᠣᠭᠤᠳᠬᠤ ᠪᠠ ᠲᠣᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠵᠦ᠂ ᠬᠠᠮᠵᠢᠯᠴᠠᠨ ᠬᠢᠨᠠᠨ ᠬᠠᠮᠢᠶᠠᠷᠴᠤ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠷᠢᠮᠵᠢᠶᠠᠵᠢᠭᠰᠠᠨ ᠡᠵᠡᠩᠨᠡᠯᠳᠡ ᠂ ᠵᠢᠷᠤᠮᠵᠢᠭᠰᠠᠨ ᠬᠠᠮᠢᠶᠠᠷᠤᠯᠲᠠ ᠶᠢ ᠬᠠᠮᠲᠤᠪᠠᠷ ᠠᠬᠢᠭᠤᠯᠤᠨ᠎ᠠ᠃︵ᠭᠤᠷᠪᠠ︶ ᠵᠠᠬ᠎ᠠ ᠳᠡᠯᠭᠡᠭᠦᠷ ᠤᠨ ᠭᠤᠤᠯᠴᠢᠯᠠᠨ ᠡᠷᠬᠢᠯᠡᠬᠦ ᠲᠠᠯ᠎ᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ  ᠨᠠᠶᠢᠳᠠᠪᠣᠷᠢᠵᠢᠭᠤᠯᠵᠤ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠷᠢᠮᠵᠢᠶᠠᠵᠢᠭᠰᠠᠨ ᠬᠠᠮᠢᠶᠠᠷᠣᠯᠳᠠ ᠶᠢ ᠪᠦᠬᠦ ᠲᠠᠯ᠎ᠠ ᠪᠠᠷ  ᠬᠡᠷᠡᠭᠵᠢᠭᠦᠯᠦᠨ᠎ᠡ᠃ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠭᠤᠣᠯᠯᠠᠨ ᠡᠷᠬᠢᠯᠡᠬᠦ ᠲᠠᠯ᠎ᠠ ᠨᠢ ᠭᠤᠣᠯ ᠴᠣᠭᠴᠠ ᠶᠢᠨ ᠬᠠᠷᠢᠭᠤᠴᠠᠯᠭ᠎ᠠ  ᠶᠢ ᠨᠠᠶᠢᠳᠠᠪᠣᠷᠢᠵᠢᠭᠤᠯᠵᠤ᠂ ᠬᠥᠬᠡᠬᠤᠲᠠ ᠶᠢᠨ ᠣᠷᠣᠨ ᠨᠤᠲᠤᠭ ᠤᠨ ᠪᠠᠷᠢᠮᠵᠢᠶ᠎ᠠ ︽ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ  ᠡᠵᠡᠩᠨᠡᠯᠳᠡ ᠬᠠᠮᠢᠶᠠᠷᠤᠯᠲᠠ ᠶᠢᠨ ᠵᠦᠭᠯᠡᠭᠦᠷ ︵DB1501/T0002 — 2020︶︾ ᠶᠣᠰᠣᠭᠠᠷ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠢ ᠲᠠᠰ ᠳᠡᠪᠰᠢᠭᠦᠯᠦᠨ ᠥᠭᠡᠷᠡᠴᠢᠯᠡᠵᠦ ᠂ ᠪᠠᠷᠢᠮᠵᠢᠶᠠᠵᠢᠭᠰᠠᠨ ᠡᠵᠡᠩᠨᠡᠯᠲᠡ ᠶᠢ ᠪᠡᠶᠡᠯᠡᠭᠦᠯᠵᠦ᠂ ᠵᠢᠷᠤᠮᠵᠢᠭᠤᠯᠤᠨ ᠬᠠᠮᠢᠶᠠᠷᠤᠨ᠎ᠠ᠃ ᠨᠢᠭᠡ ᠳᠤ ︽ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠡᠵᠡᠩᠨᠡᠯᠲᠡ ᠬᠠᠮᠢᠶᠠᠷᠤᠯᠲᠠ ᠶᠢᠨ ᠵᠦᠭᠯᠡᠭᠦᠷ︾ ᠲᠠᠢ ᠬᠠᠷᠢᠴᠠᠭᠤᠯᠤᠨ᠂ ᠣᠷᠣᠭᠤᠯᠤᠯᠲᠠ ᠪᠠᠨ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠣᠳᠣ ᠪᠠᠶᠢᠭ᠎ᠠ ᠵᠥᠭᠡᠯᠡᠨ᠂ ᠬᠠᠲᠠᠭᠤ ᠬᠡᠷᠡᠭᠰᠡᠯ ᠤᠨ ᠪᠡᠯᠡᠳᠬᠡᠮᠵᠢ ᠶᠢ ᠳᠡᠰ ᠳᠡᠪᠰᠢᠭᠦᠯᠦᠨ ᠥᠭᠡᠷᠡᠴᠢᠯᠡᠵᠦ᠂ ᠵᠠᠬ᠎ᠠ ᠳᠡᠯᠭᠡᠭᠦᠷ ᠤᠨ ᠪᠠᠷᠢᠮᠵᠢᠶᠠᠵᠢᠭᠰᠠᠨ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠶ᠃ ᠬᠤᠶᠠᠷ ᠲᠤ ᠵᠠᠬ᠎ᠠ ᠳᠡᠯᠭᠡᠭᠦᠷ ᠤᠨ ᠳᠣᠲᠣᠷᠠᠬᠢ ᠢᠳᠡᠭᠡᠨ ᠤ ᠡᠵᠡᠩᠨᠡᠯᠲᠡ ᠶᠢᠨ ᠡᠮᠬᠢ ᠵᠢᠷᠤᠮ ᠢ ᠵᠢᠷᠤᠮᠵᠢᠭᠤᠯᠤᠨ᠎ᠠ᠃  ᠵᠠᠬ᠎ᠠ ᠳᠡᠯᠭᠡᠭᠦᠷ ᠲᠤ ᠣᠷᠣᠵᠤ ᠢᠳᠡᠭᠡᠨ ᠡᠵᠡᠩᠨᠡᠭᠴᠢ ᠶᠢᠨ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠬᠢᠨᠠᠨ  ᠪᠠᠶᠢᠴᠠᠭᠠᠵᠤ᠂ ᠡᠵᠡᠩᠨᠡᠯᠲᠡ ᠶᠢᠨ ᠣᠷᠴᠢᠨ ᠲᠣᠭᠤᠷᠢᠨ ᠪᠣᠯᠤᠨ ᠨᠥᠬᠦᠴᠡᠯ ᠳᠤᠨᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠳᠠ ᠬᠢᠵᠦ᠂ ᠡᠵᠡᠩᠨᠡᠯᠲᠡ ᠶᠢᠨ ᠡᠷᠦᠬᠡ ᠶᠢ ᠰᠢᠮᠳᠠᠭᠤᠯᠵᠤ ᠪᠠᠶᠢᠭᠠᠳ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠪᠠ ᠭᠡᠷᠡᠴᠢ ᠪᠠᠷᠢᠮᠲᠠ ᠠᠪᠬᠤ ᠳᠦᠷᠢᠮ  ᠢᠶᠠᠷ ᠶᠠᠪᠣᠭᠤᠯᠬᠤ ᠬᠡᠷᠡᠭᠲᠡᠶ᠃ ᠭᠤᠷᠪᠠ ᠳᠤ᠂ ᠵᠠᠬ᠎ᠠ ᠳᠡᠯᠭᠡᠭᠦᠷ ᠤᠨ ᠠᠷᠢᠭᠤᠨ ᠴᠡᠪᠡᠷ ᠲᠤ ᠪᠦᠬᠦ ᠶᠠᠪᠤᠴᠠ ᠳᠤ  ᠪᠦᠬᠦᠯᠢ ᠡᠳᠦᠷ ᠢᠶᠠᠷ ᠠᠷᠢᠭᠤᠨ ᠴᠡᠪᠡᠷ  ᠢ ᠪᠠᠲᠤᠯᠠᠵᠤ᠂ ᠵᠠᠬ᠎ᠠ ᠳᠡᠯᠭᠡᠭᠦᠷ ᠤᠨ ᠬᠤᠭ ᠨᠣᠪᠰᠢ ᠶᠢᠨ  ᠦᠢᠯᠡᠳᠪᠦᠷᠢᠯᠡᠯ ᠢ ᠳᠠᠭᠠᠯᠳᠤᠨ ᠴᠡᠪᠡᠷᠯᠡᠵᠦ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠴᠠᠭ ᠢᠮᠠᠭᠲᠠ ᠪᠠᠲᠤᠯᠠᠬᠤ ᠬᠡᠷᠡᠭᠲᠡᠶ᠃ ᠳᠥᠷᠪᠡ ᠳᠤ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠲᠠᠮᠠᠬᠢ ᠲᠠᠲᠠᠬᠤ ᠶᠢ ᠴᠠᠭᠠᠵᠠᠯᠠᠬᠤ ᠳᠦᠷᠢᠮ ᠢ ᠪᠠᠶᠢᠭᠤᠯᠣᠨ ᠲᠡᠭᠦᠯᠳᠡᠷᠵᠢᠭᠦᠯᠵᠦ᠂ ᠢᠯᠡ ᠭᠠᠵᠠᠷ ᠲᠤ ᠲᠠᠮᠠᠬᠢ ᠲᠠᠲᠠᠬᠤ ᠶᠢ ᠴᠠᠭᠠᠵᠠᠯᠠᠬᠤ ᠲᠡᠮᠳᠡᠭ ᠨᠠᠭᠠᠵᠤ᠂ ᠠᠵᠢᠯᠯᠠᠵᠤ ᠪᠠᠶᠢᠭ᠎ᠠ ᠬᠥᠮᠦᠰ ᠤᠨ ᠠᠵᠢᠯ ᠤᠨ ᠬᠤᠪᠴᠠᠰᠣ ᠮᠠᠯᠠᠭᠠᠶ ᠶᠢ ᠨᠢᠭᠡᠳᠬᠡᠵᠦ ᠂ ᠡᠵᠡᠩᠨᠡᠯᠲᠡ ᠶᠢᠨ ᠶᠡᠭᠡ ᠲᠢᠩᠬᠢᠮ ᠤᠨ ᠢᠯᠡᠷᠬᠡᠶ ᠭᠠᠵᠠᠷ ᠲᠤ ᠬᠡᠷᠡᠭᠯᠡᠭᠡᠨ ᠤ ᠰᠠᠨᠠᠭᠤᠯᠤᠮᠵᠢ ᠶᠢ ᠡᠯᠭᠦᠵᠦ᠂ ᠬᠡᠷᠡᠭᠯᠡᠭᠴᠢᠳ ᠤᠨ ᠣᠶᠤᠨᠯᠢᠭ ᠬᠡᠷᠡᠭᠯᠡᠭᠡ ᠶᠢ ᠬᠥᠲᠥᠯᠦᠨ ᠵᠢᠯᠣᠭᠤᠳᠤᠨ᠎ᠠ᠃ ᠲᠠᠪᠤ ᠳᠤ ᠲᠦᠭᠰᠢᠭᠦᠷᠢ ᠶᠢᠨ ᠪᠠᠴᠢᠮ ᠪᠠᠶᠢᠳᠠᠯ ᠢ ᠠᠷᠭᠠᠴᠠᠬᠤ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠢᠳᠡᠭᠡᠨ ᠤ ᠠᠮᠤᠷ ᠲᠦᠪᠰᠢᠨ ᠤ ᠠᠳᠡᠯ ᠢ ᠰᠢᠢᠳᠪᠦᠷᠢᠯᠡᠬᠦ ᠲᠥᠰᠦᠯ ᠢ ᠲᠣᠭᠲᠠᠭᠠᠵᠤ᠂ ᠲᠠᠷᠢᠶᠠᠯᠠᠩ ᠤᠨ ᠪᠦᠳᠦᠭᠡᠭᠳᠡᠬᠦᠨ ᠢ ᠲᠦᠷᠭᠡᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠠᠶᠤᠯ ᠲᠦᠭᠰᠢᠭᠦᠷᠢ ᠶᠢᠨ ᠬᠡᠮᠵᠢᠶ᠎ᠡ ᠶᠢ ᠦᠨᠳᠦᠰᠦᠯᠡᠨ ᠪᠠᠶᠢᠴᠠᠭᠠᠬᠤ ᠭᠤᠣᠯᠳᠠᠯᠭ᠎ᠠ᠂ ᠠᠷᠭ᠎ᠠ ᠬᠡᠯᠪᠡᠷᠢ᠂ ᠤᠳᠠᠭ᠎ᠠ ᠳᠠᠷᠠᠭ᠎ᠠ ᠵᠡᠷᠭᠡ ᠶᠢ ᠲᠣᠭᠲᠠᠭᠠᠵᠤ᠂ ᠢᠳᠡᠭᠡᠨ ᠤ ᠠᠮᠤᠷ ᠳᠦᠪᠰᠢᠨ ᠤ ᠠᠳᠠᠯ ᠬᠡᠷᠡᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠳᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠨ᠎ᠠ᠃ ᠵᠢᠷᠭᠤᠭ᠎ᠠ ᠳᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠵᠢᠷᠤᠮᠵᠢᠭᠰᠠᠨ ᠡᠵᠡᠩᠨᠡᠯᠲᠡ᠂ ᠣᠷᠴᠢᠨ ᠲᠣᠭᠤᠷᠢᠨ ᠤ  ᠠᠷᠢᠭᠤᠨ ᠴᠡᠪᠡᠷ᠂ ᠭᠠᠯ ᠣᠨᠳᠠᠷᠭᠠᠬᠤ᠂ ᠢᠳᠡᠭᠡᠨ ᠤ ᠠᠮᠤᠷ ᠲᠦᠪᠰᠢᠨ ᠵᠡᠷᠭᠡ ᠳᠤ ᠬᠠᠮᠢᠶᠠᠷᠤᠯᠲᠠ ᠶᠠᠪᠣᠭᠤᠯᠣᠨ ᠬᠢᠨᠠᠯᠲᠠ ᠲᠠᠯᠪᠢᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠨᠢᠭᠡᠨ ᠠᠮᠤᠷ ᠲᠦᠪᠰᠢᠨ᠂ ᠰᠠᠨᠠᠭ᠎ᠠ ᠠᠮᠤᠷ ᠪᠠᠷᠠᠭ᠎ᠠ ᠬᠤᠳᠠᠯᠳᠤᠨ ᠠᠪᠬᠤ ᠣᠷᠴᠢᠨ ᠲᠣᠭᠤᠷᠢᠨ ᠢ ᠪᠤᠢ ᠪᠣᠯᠭᠠᠨ᠎ᠠ᠃ ᠪᠠᠷᠢᠮᠵᠢᠶ᠎ᠠ ᠳᠤ ᠨᠡᠶᠢᠴᠡᠬᠦ ᠥᠬᠡᠶ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠢ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠠᠴᠠ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠵᠠᠬ᠎ᠠ ᠳᠡᠯᠭᠡᠭᠦᠷ ᠤᠨ ᠭᠤᠤᠯᠯᠠᠨ ᠡᠷᠭᠢᠯᠡᠭᠰᠡᠨ ᠲᠠᠯ᠎ᠠ ᠶᠢᠨ ᠬᠢᠨ ᠢ ᠵᠢᠯᠣᠭᠤᠳᠤᠨ ᠵᠢᠷᠤᠮᠵᠢᠭᠤᠯᠤᠨ ᠴᠡᠭᠴᠡᠯᠡᠨ ᠰᠠᠶᠢᠵᠢᠷᠠᠭᠤᠯᠤᠨ᠎ᠠ᠃ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠣᠭᠠᠳ ᠮᠥᠨ ᠬᠦ ᠪᠠᠷᠢᠮᠵᠢᠶ᠎ᠠ ᠳᠤ ᠬᠦᠷᠬᠦ ᠦᠭᠡᠶ ᠶᠢ ᠨᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠦᠴᠦᠨ ᠦᠭᠡᠶ ᠪᠣᠯᠭᠠᠬᠤ ᠪᠤᠶᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠰᠢᠨᠵᠢ ᠴᠢᠨᠠᠷ ᠢ ᠨᠢ ᠬᠤᠪᠢᠷᠠᠭᠤᠯᠬᠤ ᠬᠡᠷᠡᠭᠲᠡᠶ᠃      ︵ᠳᠥᠷᠪᠡ︶ ᠮᠡᠳᠡᠭᠡ ᠵᠠᠩᠭᠢᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠵᠢᠱᠢᠶ᠎ᠡ ᠦᠵᠡᠭᠦᠯᠬᠦ ᠴᠢᠨᠠᠷᠲᠠᠶ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠲᠦᠯᠬᠢᠨ ᠠᠬᠢᠭᠤᠯᠣᠨ᠎ᠠ  ᠃      ᠪᠦᠬᠦ ᠬᠤᠲᠠ ᠶᠢᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠷᠢᠮᠵᠢᠶᠠᠵᠢᠭᠰᠠᠨ ᠬᠠᠮᠢᠶᠠᠷᠤᠯᠲᠠ ᠶᠢ ᠬᠡᠷᠡᠭᠵᠢᠭᠦᠯᠬᠦ ᠶᠢ ᠠᠬᠢᠭᠤᠯᠬᠤ ᠶᠢᠨ ᠬᠠᠮᠲᠤ᠂ ᠨᠥᠬᠦᠴᠡᠯ ᠪᠦᠷᠢᠳᠦᠭᠦᠯᠦᠭᠰᠡᠨ ᠢ ᠨᠢ ᠵᠡᠷᠭᠡᠪᠡᠷ ᠵᠢᠱᠢᠶ᠎ᠡ ᠦᠵᠡᠭᠦᠯᠬᠦ ᠴᠢᠨᠠᠷᠲᠠᠶ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠪᠣᠯᠭᠠᠨ ᠴᠤᠭᠴᠠᠯᠠᠵᠤ᠂ ᠰᠠᠭᠤᠭᠠᠯᠢ ᠠᠷᠠᠳ ᠤᠨ ᠳᠦᠲᠡ ᠬᠡᠷᠡᠭᠯᠡᠭᠡ᠂  ᠠᠶᠣᠯᠭᠦᠢ ᠬᠡᠷᠡᠭᠯᠡᠭᠡ ᠪᠠ ᠴᠢᠨᠠᠷ ᠰᠠᠶᠢᠲᠠᠶ ᠬᠡᠷᠡᠭᠯᠡᠭᠡ ᠶᠢᠨ ᠬᠡᠷᠡᠭᠴᠡᠭᠡ ᠶᠢ ᠨᠡᠩ ᠰᠠᠶᠢᠲᠤᠷ ᠬᠠᠩᠭᠠᠨ᠎ᠠ᠃ ᠨᠢᠭᠡ ᠳᠤ  ᠢᠨᠲ᠋ᠧᠷ ᠰᠦᠯᠵᠢᠶᠡᠨ ᠤ ᠮᠡᠷᠭᠡᠵᠢᠯ ᠪᠠ ᠲᠤᠮᠤ ᠳ᠋ᠠᠶᠢᠲ᠋ᠠ ᠶᠢ ᠠᠰᠢᠭᠯᠠᠨ ᠬᠠᠮᠢᠶᠠᠷᠤᠯᠲᠠ ᠶᠢᠨ ᠦᠷ᠎ᠡ ᠪᠦᠳᠦᠮᠵᠢ ᠶᠢ ᠳᠡᠭᠡᠭᠰᠢᠯᠡᠭᠦᠯᠦᠨ᠎ᠡ᠃ ᠣᠳᠣ  ᠪᠠᠶᠢᠭ᠎ᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠂ ᠡᠵᠡᠩᠨᠡᠯᠲᠡ ᠶᠢᠨ ᠡᠮᠬᠢ ᠳᠢᠭᠯᠢᠮ ᠤᠨ ᠬᠠᠮᠢᠶᠠᠷᠤᠯᠲᠠ᠂ ᠡᠵᠡᠩᠨᠡᠯᠲᠡ ᠶᠢᠨ ᠬᠤᠳᠠᠯᠳᠤᠭᠠᠨ ᠤ ᠡᠷᠦᠬᠡ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠵᠡᠷᠭᠡ ᠠᠭᠤᠯᠭ᠎ᠠ ᠶᠢ ᠥᠭᠡᠷᠡᠴᠢᠯᠡᠵᠦ᠂ ᠢᠳᠡᠭᠡᠨ᠂ ᠲᠠᠷᠢᠶᠠᠯᠠᠩ ᠤᠨ ᠪᠦᠲᠦᠭᠡᠭᠳᠡᠬᠦᠨ ᠤ ᠮᠦᠷᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠬᠤᠳᠠᠯᠳᠤᠭᠠᠨ ᠤ ᠡᠷᠦᠬᠡ ᠶᠢᠨ ᠮᠡᠳᠡᠭᠡ ᠵᠠᠩᠭᠢ ᠶᠢ ᠯᠠᠪᠯᠠᠬᠤ᠂ ᠲᠦᠷᠭᠡᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠢᠯᠡ ᠨᠡᠶᠢᠲᠡᠯᠡᠬᠦ᠂ ᠡᠵᠡᠩᠨᠡᠯᠲᠡ ᠶᠢᠨ ᠡᠷᠦᠬᠡ ᠶᠢᠨ ᠬᠠᠮᠢᠶᠠᠷᠤᠯᠲᠠ᠂ ᠢᠳᠡᠭᠡᠨ ᠤ ᠠᠮᠤᠷ ᠲᠦᠪᠰᠢᠨ ᠤ ᠮᠦᠷᠲᠡᠯᠳᠡ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠤᠭᠰᠠᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠣᠶᠤᠨᠳᠤ ᠬᠠᠮᠢᠶᠠᠷᠤᠯᠲᠠ᠂ ᠦᠢᠯᠡᠳᠬᠦᠨ ᠤ ᠮᠦᠷᠲᠡᠯᠲᠡ ᠶᠢ ᠪᠡᠶᠡᠯᠡᠭᠦᠯᠦᠨ᠎ᠡ᠃ ᠬᠤᠶᠠᠷ ᠲᠤ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ  ᠬᠠᠮᠢᠶᠠᠷᠣᠯᠳᠠ ᠳᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠥᠬᠦ ᠶᠠᠪᠤᠴᠠ ᠶᠢᠨ ᠡᠯᠧᠺᠲᠷᠣᠨᠴᠢᠯᠠᠭᠰᠠᠨ ᠬᠠᠮᠢᠶᠠᠷᠣᠯᠳᠠ ᠶᠢ ᠪᠡᠶᠡᠯᠡᠭᠦᠯᠦᠨ᠎ᠡ᠃ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠵᠢᠴᠢ ᠵᠠᠬ᠎ᠠ ᠳᠡᠯᠭᠡᠭᠦᠷ ᠤᠨ ᠳᠣᠲᠣᠷᠠᠬᠢ ᠪᠣᠢ ᠪᠦᠬᠦᠢ ᠡᠵᠡᠩᠨᠡᠯᠳᠡ ᠶᠢᠨ ᠡᠷᠦᠬᠡ ᠡᠷᠬᠡᠪᠰᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠵᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠠᠪᠴᠠᠩ ᠳᠤ ᠣᠷᠣᠵᠤ ᠢᠳᠡᠭᠡᠨ ᠤ ᠠᠮᠤᠷ ᠲᠦᠪᠰᠢᠨ ᠤ ᠬᠢᠨᠠᠨ ᠬᠠᠮᠢᠶᠠᠷᠣᠯᠳᠠ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠥᠪᠡᠷ ᠤᠨ ᠪᠠᠶᠢᠴᠠᠭᠠᠯᠲᠠ ᠶᠢ ᠦᠷᠨᠢᠭᠦᠯᠵᠦ᠂ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠤ ᠲᠠᠰᠢᠷᠠᠮ  ᠤᠨ ᠰᠤᠭᠤᠴᠢᠨ  ᠪᠠᠶᠢᠴᠠᠭᠠᠯᠳᠠ ᠶᠢ  ᠬᠦᠯᠢᠶᠡᠵᠦ᠂ ᠬᠢᠨᠠᠯᠲᠠ ᠬᠠᠮᠢᠶᠠᠷᠤᠯᠲᠠ ᠶᠢᠨ ᠠᠵᠢᠯᠲᠠᠳ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠮᠡᠳᠡᠭᠡ ᠵᠠᠩᠭᠢᠵᠢᠯᠲᠠ ᠶᠢᠨ ᠰᠢᠰᠲ᠋ᠧᠮ ᠢᠶᠠᠷ ᠳᠠᠮᠵᠢᠭᠤᠯᠤᠨ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠢᠳᠡᠭᠡᠨ ᠡᠵᠡᠩᠨᠡᠬᠦ ᠡᠷᠦᠬᠡ ᠶᠢᠨ ᠡᠵᠡᠩᠨᠡᠯᠲᠡ ᠶᠢᠨ ᠠᠵᠢᠯᠯᠠᠭ᠎ᠠ ᠳᠤ ᠪᠦᠬᠦ ᠶᠠᠪᠤᠴᠠ ᠶᠢᠨ ᠡᠯᠧᠺᠲᠷᠣᠨᠴᠢᠯᠠᠭᠰᠠᠨ ᠬᠢᠨᠠᠨ ᠡᠵᠡᠮᠳᠡᠯ ᠶᠠᠪᠤᠭᠤᠯᠵᠤ᠂ ᠤᠶᠤᠨᠳᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ  ᠪᠦᠳᠦᠮᠵᠢᠳᠠᠢ ᠪᠠᠭᠤᠷᠠᠭᠤᠯᠤᠨ᠎ᠠ᠃ ᠬᠡᠷᠡᠭᠯᠡᠭᠴᠢᠳ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠠᠪᠴᠠᠩ ᠢᠶᠠᠷ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠠᠵᠢᠯᠯᠠᠭ᠎ᠠ ᠳᠤ ᠡᠯᠧᠺᠲᠷᠣᠨ ᠬᠢᠨᠠᠨ ᠡᠵᠡᠮᠳᠠᠯ ᠶᠠᠪᠤᠭᠤᠯᠵᠤ᠂ ᠡᠵᠡᠩᠨᠡᠯᠲᠡ ᠶᠢᠨ ᠡᠷᠦᠬᠡ ᠶᠢᠨ ᠬᠠᠮᠢᠶ᠎ᠠ ᠪᠦᠬᠦᠢ ᠬᠢᠷᠢ ᠬᠡᠮ ᠪᠠ ᠦᠢᠯᠡᠳᠬᠦᠨ ᠤ ᠮᠡᠳᠡᠭᠡ ᠵᠠᠩᠭᠢ ᠶᠢ  ᠪᠠᠶᠢᠴᠠᠭᠠᠨ ᠦᠵᠡᠵᠦ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠪᠡᠶᠡᠯᠡᠭᠦᠯᠬᠦ ᠶᠢᠨ ᠬᠠᠮᠲᠤ᠂ ᠵᠠᠬ᠎ᠠ ᠳᠡᠯᠭᠡᠭᠦᠷ ᠵᠢᠴᠢ ᠡᠵᠡᠩᠨᠡᠯᠲᠡ ᠶᠢᠨ ᠡᠷᠦᠬᠡ ᠶᠢᠨ ᠡᠵᠡᠩᠨᠡᠯᠲᠡ ᠶᠢᠨ ᠠᠵᠢᠯᠯᠠᠭ᠎ᠠ ᠶᠢ ᠬᠢᠵᠠᠭᠠᠷᠯᠠᠨ᠎ᠠ᠃  ᠳᠥᠷᠪᠡ᠂ ᠬᠡᠷᠡᠭᠵᠢᠭᠦᠯᠬᠦ ᠠᠯᠬᠤᠮ ᠳᠠᠷᠠᠭ᠎ᠠ︵ᠨᠢᠭᠡ︶ ᠡᠬᠢᠯᠡᠭᠦᠯᠦᠨ ᠬᠡᠷᠡᠭᠵᠢᠭᠦᠯᠬᠦ ᠱᠠᠲᠤ ᠦᠶ᠎ᠡ ︵2020 ᠣᠨ ᠤ 9 ᠳ᠋ᠦ᠋ᠭᠡᠷ ᠰᠠᠷ᠎ᠠ︶᠃ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠵᠤ᠂ ᠨᠡᠶᠢᠭᠡᠮ ᠤᠨ ᠤᠬᠠᠭᠤᠯᠭ᠎ᠠ ᠶᠢ ᠥᠷᠭᠡᠳᠬᠡᠨ᠂ ᠰᠠᠶᠢᠨ  ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠡᠭᠦᠨ ᠤ ᠬᠠᠮᠲᠤ᠂ ᠪᠦᠬᠦ ᠬᠤᠲᠠ ᠶᠢᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠲᠤ ᠪᠠᠶᠢᠴᠠᠭᠠᠨ  ᠰᠣᠳᠣᠯᠣᠯᠳᠠ ᠬᠢᠵᠦ᠂ ᠵᠠᠬ᠎ᠠ ᠳᠡᠯᠭᠡᠭᠦᠷ ᠤᠨ ᠰᠠᠭᠤᠷᠢ ᠳᠠᠩᠰᠠ ᠶᠢ ᠪᠠᠶᠢᠭᠤᠯᠤᠨ᠎ᠠ᠃︵ᠬᠤᠶᠠᠷ︶ ᠲᠠᠰ ᠳᠡᠪᠰᠢᠭᠦᠯᠦᠨ ᠥᠭᠡᠷᠡᠴᠢᠯᠡᠬᠦ ᠱᠠᠲᠤ ᠦᠶ᠎ᠡ ︵2020 ᠣᠨ ᠤ 10 — 11 ᠳ᠋ᠦ᠋ᠭᠡᠷ ᠰᠠᠷ᠎ᠠ︶᠃ ᠠᠵᠢᠯ ᠤᠨ ᠲᠤᠰᠬᠠᠶ ᠠᠩᠭᠢ ᠪᠠᠶᠢᠭᠤᠯᠵᠤ᠂ ᠮᠥᠷᠳᠡᠨ ᠰᠢᠮᠳᠠᠭᠤᠯᠤᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ ᠂  ᠠᠳᠠᠯᠢ ᠪᠤᠰᠤ ᠵᠠᠬ᠎ᠠ ᠳᠡᠯᠭᠡᠭᠦᠷ ᠤᠨ ᠪᠠᠶᠢᠳᠠᠯ ᠢ ᠦᠨᠳᠦᠰᠦᠯᠡᠨ᠂ ᠪᠠᠷᠢᠮᠵᠢᠶᠠᠵᠢᠭᠤᠯᠬᠤ ᠱᠠᠭᠠᠷᠳᠠᠯᠭ᠎ᠠ ᠶᠣᠰᠣᠭᠠᠷ ᠲᠥᠷᠥᠯ ᠬᠤᠪᠢᠶᠠᠨ ᠰᠢᠮᠳᠠᠭᠤᠯᠤᠨ  ᠵᠢᠯᠤᠭᠤᠳᠤᠨ᠎ᠠ᠃︵ᠭᠤᠷᠪᠠ︶ ᠳ᠋ᠦᠩᠨᠡᠯᠲᠡ ᠬᠢᠵᠦ ᠰᠢᠯᠭᠠᠨ ᠠᠪᠬᠤ ᠱᠠᠲᠤ ᠦᠶ᠎ᠡ ︵2020 ᠣᠨ 11 — 12 ᠳ᠋ᠤᠭᠠᠷ ᠰᠠᠷ᠎ᠠ ︶᠃ ᠪᠦᠬᠦ ᠬᠤᠲᠠ ᠶᠢᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠷᠢᠮᠵᠢᠶᠠᠵᠢᠭᠰᠠᠨ ᠬᠠᠮᠢᠶᠠᠷᠤᠯᠲᠠ ᠶᠢᠨ ᠪᠠᠶᠢᠳᠠᠯ ᠢ ᠰᠢᠯᠭᠠᠨ ᠠᠪᠴᠤ᠂  ᠠᠬᠤᠢ ᠲᠠᠯᠠᠪᠠᠢ ᠶᠢᠨ ᠬᠤᠷᠠᠯ ᠢ ᠴᠠᠭ ᠲᠤᠨᠢ ᠲᠤᠬᠢᠷᠠᠭᠤᠯᠤᠨ ᠬᠤᠷᠠᠯᠳᠤᠭᠤᠯᠵᠤ᠂ ᠰᠠᠶᠢᠨ ᠲᠤᠷᠰᠢᠯᠭ᠎ᠠ ᠪᠠᠨ ᠳ᠋ᠦᠩᠨᠡᠵᠦ᠂ ᠠᠵᠢᠯ ᠤᠨ ᠳᠤᠮᠳᠠᠬᠢ ᠬᠦᠷᠦᠯᠴᠡᠬᠦ ᠦᠭᠡᠶ ᠲᠠᠯ᠎ᠠ ᠪᠠᠨ ᠨᠥᠬᠦᠪᠥᠷᠢᠯᠡᠵᠦ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠠᠰᠤᠷᠠᠯᠲᠠ ᠤᠢᠭᠡᠢ ᠪᠠᠶᠢᠭᠤᠯᠤᠨ ᠲᠡᠭᠦᠯᠳᠡᠷᠵᠢᠭᠦᠯᠦᠨ᠎ᠡ᠃      ᠲᠠᠪᠤ᠂ ᠠᠵᠢᠯ ᠤᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ᠎ᠠ᠃ ᠠᠵᠢᠯ ᠤᠨ ᠬᠠᠷᠠᠯᠲᠠ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ ᠬᠤᠲᠠ ᠶᠢᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ᠂ ᠬᠤᠪᠢᠳᠠᠨ ᠬᠠᠮᠢᠶᠠᠷᠴᠤ ᠪᠦᠬᠦᠢ ᠳᠡᠳ᠋ ᠬᠤᠲᠠ ᠶᠢᠨ ᠳᠠᠷᠤᠭ᠎ᠠ  ᠪᠠᠷ  ᠳᠣᠭᠤᠶᠢᠯᠠᠩ ᠤᠨ ᠳᠡᠳ᠋ ᠳᠠᠷᠤᠭ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠣᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ  ᠬᠠᠣᠯᠢ ᠬᠡᠷᠡᠭᠵᠢᠭᠦᠯᠬᠦ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ  ᠬᠠᠷᠢᠭᠤᠴᠠᠯᠭᠠᠳᠠᠨ ᠵᠢᠴᠢ ᠬᠤᠲᠠ ᠶᠢᠨ ᠳᠥᠷᠪᠡᠨ ᠲᠣᠭᠤᠷᠢᠭ ᠤᠨ ᠳᠠᠷᠤᠭ᠎ᠠ ᠪᠠᠷ ᠪᠦᠷᠢᠯᠳᠦᠬᠦᠨ ᠪᠣᠯᠭᠠᠭᠰᠠᠨ ᠤᠳᠤᠷᠢᠳᠬᠤ ᠲᠣᠭᠤᠶᠢᠯᠠᠩ  ᠢ ᠪᠠᠶᠢᠭᠤᠯᠵᠤ᠂ ᠳᠣᠣᠷ᠎ᠠ ᠨᠢ ᠤᠳᠤᠷᠢᠳᠬᠤ ᠳᠤᠭᠤᠶᠢᠯᠠᠩ ᠤᠨ ᠠᠯᠪᠠᠨ ᠭᠡᠷ ᠭᠠᠷᠭᠠᠵᠤ ᠂ ᠠᠯᠪᠠᠨ ᠭᠡᠷ ᠢ ᠬᠤᠲᠠ ᠶᠢᠨ ᠵᠠᠬ᠎ᠠ ᠳᠡᠯᠭᠡᠭᠦᠷ  ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠳᠤ ᠭᠠᠷᠭᠠᠵᠤ᠂ ᠡᠳᠦᠷ ᠲᠤᠲᠤᠮ ᠤᠨ ᠠᠵᠢᠯ ᠢ ᠠᠬᠢᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃︵ᠬᠤᠶᠠᠷ︶ ︽ ᠱᠠᠩᠨᠠᠯ ᠢᠶᠠᠷ ᠨᠦᠬᠦᠪᠦᠷᠢ ᠶᠢ ᠣᠷᠣᠯᠠᠭᠤᠯᠬᠤ︾ ᠶᠢ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠤᠨ ᠭᠤᠣᠯᠯᠠᠨ ᠡᠷᠬᠢᠯᠡᠭᠰᠡᠨ ᠲᠠᠯ᠎ᠠ ᠶᠢᠨ ᠬᠢᠨ ᠤ ᠢᠳᠡᠭᠡᠨ ᠤ ᠶᠠᠰᠤ ᠴᠢᠨᠠᠷ ᠤᠨ ᠠᠮᠤᠷ ᠳᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠬᠦ ᠶᠢ  ᠵᠤᠷᠢᠭᠵᠢᠭᠤᠯᠬᠤ᠂ ᠮᠠᠨ ᠤ ᠬᠤᠲᠠ ᠶᠢᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠪᠦᠬᠦ ᠲᠠᠯ᠎ᠠ ᠪᠠᠷ ᠳᠡᠰ ᠳᠡᠪᠰᠢᠬᠦ ᠶᠢ ᠠᠬᠢᠭᠤᠯᠬᠤ ᠶᠢᠨ ᠲᠦᠯᠦᠭᠡ᠂ ︽ᠱᠠᠩᠨᠠᠯ ᠢᠶᠠᠷ ᠨᠦᠬᠦᠪᠦᠷᠢ ᠶᠢ ᠣᠷᠣᠯᠠᠭᠤᠯᠬᠤ︾ ᠲᠥᠷᠦ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠤᠳᠤᠷᠢᠳᠬᠤ ᠳᠤᠭᠤᠶᠢᠯᠠᠩ ᠲᠦᠷᠥᠭᠦᠯᠡᠨ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ  ᠶᠢᠨ ᠲᠣᠪᠴᠢᠶ᠎ᠠ ᠪᠤᠰᠤᠳ ᠰᠠᠯᠠᠭ᠎ᠠ ᠮᠥᠴᠢᠷ ᠲᠠᠢ ᠬᠠᠮᠲᠤᠷᠠᠨ ᠲᠤᠰᠬᠠᠶ ᠮᠡᠷᠭᠡᠵᠢᠯᠲᠡᠨ ᠦᠨᠡᠯᠡᠯᠭᠡ ᠥᠭᠬᠦ  ᠳᠣᠭᠤᠶᠢᠯᠠᠩ ᠪᠠᠶᠢᠭᠤᠯᠵᠤ᠂ ᠨᠢᠭᠡᠳ ᠨᠢᠭᠡ ᠪᠠᠷ ᠰᠢᠮᠳᠠᠭᠤᠯᠤᠨ ᠪᠠᠶᠢᠴᠠᠭᠠᠵᠤ ᠦᠨᠡᠯᠡᠯᠭᠡ ᠥᠭᠬᠦ ᠬᠡᠷᠡᠭᠲᠡᠶ᠃ ᠰᠢᠯᠭᠠᠨ ᠬᠤᠷᠢᠶᠠᠬᠤ ᠪᠠᠷᠢᠮᠵᠢᠶ᠎ᠠ ᠨᠢ ︽ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠡᠵᠡᠩᠨᠡᠯᠲᠡ ᠬᠠᠮᠢᠶᠠᠷᠣᠯᠳᠠ ᠶᠢᠨ ᠵᠦᠭᠯᠡᠭᠦᠷ DB1501/T002-2020  ᠤᠨ ᠰᠢᠯᠭᠠᠨ ᠬᠢᠨᠠᠵᠤ  ᠬᠡᠮᠵᠢᠶᠡᠯᠡᠨ ᠬᠤᠪᠢ ᠥᠭᠬᠦ ᠬᠦᠰᠦᠨᠦᠭᠳᠦ︾ ᠶᠢ ᠨᠠᠶᠢᠳᠠᠪᠦᠷᠢᠵᠢᠭᠤᠯᠤᠨ᠎ᠠ᠃ ᠪᠠᠷᠢᠮᠵᠢᠶ᠎ᠠ ᠳᠤ ᠬᠦᠷᠦᠭᠰᠡᠨ ᠪᠣᠢ ᠪᠦᠬᠦᠢ ᠲᠣᠮᠣ ᠳᠤᠮᠳᠠ ᠬᠡᠯᠪᠡᠷᠢ ᠶᠢᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠪᠦᠷᠢ ᠶᠢ 15 ᠲᠦᠮᠡᠨ ᠲᠥᠭᠦᠷᠢᠭ ᠢᠶᠠᠷ ᠱᠠᠩᠨᠠᠵᠦ᠂ ᠵᠢᠵᠢᠭ ᠬᠡᠯᠪᠡᠷᠢ ᠶᠢᠨ ᠲᠠᠷᠢᠶᠠᠯᠠᠩ  ᠠᠷᠠᠯᠵᠢᠶᠠᠨ ᠤ ᠵᠠᠬ᠎ᠠ ᠳᠡᠯᠭᠡᠭᠦᠷ ᠡᠷᠦᠬᠡ ᠪᠦᠷᠢ ᠳᠤ 10 ᠲᠦᠮᠡᠨ ᠲᠥᠭᠦᠷᠢᠭ ᠢᠶᠠᠷ ᠱᠠᠩᠨᠠᠨ᠎ᠠ︔ ᠵᠢᠱᠢᠶ᠎ᠡ ᠦᠵᠡᠭᠦᠯᠬᠦ ᠴᠢᠨᠠᠷᠲᠠᠶ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠷᠢᠮᠵᠢᠶ᠎ᠠ ᠳᠤ ᠬᠦᠷᠴᠦ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠣᠭᠲᠠᠭᠠᠭᠰᠠᠨ ︽ ᠤᠶᠤᠨᠴᠢ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠵᠢᠷᠤᠮᠵᠢᠯ︾ ᠳᠤ ᠨᠡᠶᠢᠴᠡᠬᠦ ᠲᠣᠮᠣ ᠬᠡᠯᠪᠡᠷᠢ ᠶᠢᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠨᠢᠭᠡᠪᠦᠷᠢ  ᠶᠢ 150 ᠲᠦᠮᠡᠨ ᠲᠥᠭᠦᠷᠢᠭ ᠢᠶᠠᠷ ᠱᠠᠩᠨᠠᠵᠤ ᠂ ᠲᠣᠭᠤᠷᠢᠭ ᠨᠢᠭᠡᠪᠦᠷᠢ ᠳᠤ ᠵᠢᠱᠢᠶ᠎ᠡ ᠦᠵᠡᠭᠦᠯᠬᠦ ᠴᠢᠨᠠᠷᠲᠠᠶ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ 1 ᠶᠢ ᠪᠠᠶᠢᠭᠤᠯᠤᠨ᠎ᠠ᠃  ᠡᠭᠦᠨ ᠤ ᠰᠠᠭᠤᠷᠢᠨ ᠳᠡᠭᠡᠷ᠎ᠡ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ  ᠤᠨ ᠣᠷᠳᠣᠨ 1᠄1 ᠶᠢᠨ ᠬᠠᠷᠢᠴᠠᠯ ᠶᠣᠰᠣᠭᠠᠷ ᠢᠵᠢ ᠪᠦᠷᠢᠳᠦᠭᠦᠯᠦᠨ ᠱᠠᠩᠨᠠᠵᠦ᠂ ᠱᠠᠩᠨᠠᠯ ᠤᠨ ᠮᠥᠩᠭᠦ ᠶᠢ ᠵᠠᠬ᠎ᠠ ᠳᠡᠯᠭᠡᠭᠦᠷ ᠤᠨ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠳᠤ ᠬᠡᠷᠡᠭᠯᠡᠨ᠎ᠡ᠃ᠵᠢᠷᠭᠤᠭ᠎ᠠ᠂ ᠠᠵᠢᠯ ᠤᠨ ᠱᠠᠭᠠᠷᠳᠠᠯᠭ᠎ᠠ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠬᠤ ᠬᠡᠷᠡᠭᠲᠡᠶ᠃ ᠪᠦᠬᠦ ᠬᠤᠲᠠ ᠶᠢᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠳᠡᠰ ᠳᠡᠪᠰᠢᠬᠦ ᠶᠢ  ᠠᠬᠢᠭᠤᠯᠬᠤ ᠪᠣᠯ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠲᠣᠭᠲᠠᠭᠠᠭᠰᠠᠨ ᠨᠢᠭᠡᠨ ᠭᠤᠤᠯᠳᠠᠯᠭ᠎ᠠ ᠲᠠᠢ ᠠᠵᠢᠯ ᠪᠤᠯᠤᠨ᠎ᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨᠵᠢᠯᠡᠬᠦ ᠤᠬᠠᠭᠠᠨᠴᠢ ᠪᠠᠷ ᠠᠷᠭ᠎ᠠ ᠤᠬᠠᠭᠠᠨ ᠰᠡᠳᠦᠵᠦ᠂ ᠡᠮᠦᠨ᠎ᠡ ᠨᠢ ᠵᠢᠯᠣᠭᠤᠳᠴᠤ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠠᠵᠢᠯ ᠤᠨ ᠠᠬᠢᠯᠲᠠ ᠶᠢᠨ ᠪᠠᠶᠢᠳᠠᠯ ᠢᠶᠠᠨ ᠴᠠᠭ ᠲᠤᠬᠠᠶ ᠳᠤᠨᠢ  ᠳᠡᠭᠡᠷ᠎ᠡ ᠱᠠᠳᠣᠨ ᠳᠤ ᠮᠡᠳᠡᠭᠦᠯᠬᠦ ᠬᠡᠷᠡᠭᠲᠡᠶ᠃︵ᠬᠤᠶᠠᠷ︶ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ  ᠴᠢᠩᠭᠠᠳᠬᠠᠬᠤ  ᠬᠡᠷᠡᠭᠲᠡᠢ᠃ ᠤᠳᠤᠷᠢᠳᠬᠤ ᠳᠤᠭᠤᠶᠢᠯᠠᠩ ᠲᠣᠭᠲᠠᠮᠠᠯ ᠬᠤᠭᠤᠴᠠᠭ᠎ᠠ ᠲᠠᠢ ᠪᠠᠷ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠠᠵᠢᠯ  ᠢᠶᠠᠨ ᠠᠬᠢᠭᠤᠯᠵᠤ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠠᠵᠢᠯ ᠳᠠᠭᠠᠨ ᠰᠤᠯᠠ᠂ ᠠᠬᠢᠭᠤᠯᠤᠭᠰᠠᠨ ᠨᠢ ᠤᠳᠠᠭᠠᠨ᠂ ᠦᠷ᠎ᠡ ᠪᠦᠲᠦᠮᠵᠢ ᠨᠢ ᠢᠯᠡᠷᠬᠡᠶ ᠪᠤᠰᠤ ᠭᠠᠵᠠᠷ ᠣᠷᠣᠨ ᠪᠠ ᠰᠠᠯᠠᠭ᠎ᠠ ᠮᠥᠴᠢᠷ ᠢ  ᠵᠠᠷᠯᠠᠨ  ᠨᠡᠶᠢᠳᠡᠯᠡᠵᠦ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃︵ᠭᠤᠷᠪᠠ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ᠃ ᠠᠵᠢᠯ ᠤᠨ ᠳᠤᠮᠳᠠ ᠴᠣᠯᠭᠤᠷᠠᠨ ᠭᠠᠷᠤᠭᠰᠠᠨ ᠰᠠᠶᠢᠨ ᠲᠤᠷᠰᠢᠯᠭ᠎ᠠ ᠰᠠᠶᠢᠨ ᠠᠷᠭ᠎ᠠ ᠪᠠᠷᠢᠯ ᠢᠶᠠᠨ ᠴᠠᠭ ᠲᠤᠬᠠᠶ ᠳᠤᠨᠢ ᠳ᠋ᠦᠩᠨᠡᠵᠦ᠂ ᠰᠣᠨᠢᠨ ᠮᠡᠳᠡᠭᠡᠨ ᠤ ᠤᠬᠠᠭᠤᠯᠭ᠎ᠠ ᠶᠢᠨ ᠬᠥᠲᠥᠯᠥᠨ ᠵᠢᠯᠣᠭᠤᠳᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠠᠩ ᠣᠯᠠᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠠᠶᠢᠴᠢᠯᠠᠨ ᠢᠳᠡᠪᠬᠢᠲᠡᠢ ᠣᠷᠣᠯᠴᠠᠭᠤᠯᠵᠤ᠂ ᠴᠤᠭᠭᠠᠷ ᠠᠳᠬᠤᠵᠤ ᠬᠠᠮᠲᠤ ᠪᠠᠷ ᠵᠠᠰᠠᠬᠤ ᠰᠠᠶᠢᠨ ᠰᠠᠶᠢᠬᠠᠨ ᠪᠠᠶᠢᠳᠠᠯ ᠢ ᠪᠤᠢ  ᠪᠤᠯᠭᠠᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号