ᠬᠦᠬᠡᠬᠤᠲᠠ ᠵᠠᠰᠠᠭ ᠲᠠᠷᠬᠠᠭᠠᠭᠰᠠᠨ ﹇2020﹈ 20 ᠳ᠋ᠤᠭᠠᠷ ᠲᠤᠭᠠᠲᠤ | 2020ᠣᠨ ᠤ 9 ᠳ᠋ᠦ᠋ᠭᠡᠷ ᠰᠠᠷ᠎ᠠ ᠶᠢᠨ 17 ᠤ ᠡᠳᠦᠷ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠬᠤᠯᠪᠣᠭᠳᠠᠯ ᠪᠦᠬᠦᠢ ᠨᠢᠭᠡᠴᠡ ᠳᠤ᠄ | ︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠶᠡᠷᠦᠩᠬᠡᠶ ᠬᠡᠯᠲᠡᠰ ᠤᠨ ᠠᠵᠤ ᠠᠬᠤᠢ ᠶᠢᠨ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ︵ᠲᠤᠷᠰᠢᠨ ᠬᠡᠷᠡᠭᠵᠢᠭᠦᠯᠬᠦ | ︶︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃ | | ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠶᠡᠷᠦᠩᠬᠡᠶ ᠬᠡᠯᠲᠡᠰ ᠤᠨ ᠠᠵᠤ ᠠᠬᠤᠶ ᠶᠢᠨ | | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ︵ᠲᠤᠷᠰᠢᠨ | ᠬᠡᠷᠡᠭᠵᠢᠭᠦᠯᠬᠦ︶ | ᠨᠢᠭᠡᠳᠦᠭᠡᠷ ᠪᠦᠯᠦᠭ ᠶᠡᠷᠦᠩᠬᠡᠶ ᠲᠦᠷᠢᠮ | ᠨᠢᠭᠡᠳᠦᠭᠡᠷ ᠵᠦᠢᠯ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ︵ᠳᠣᠷᠣᠭᠰᠢ ︽ᠰᠢᠨ᠎ᠡ | ᠲᠣᠭᠤᠷᠢᠭ︾ ᠭᠡᠵᠦ ᠲᠣᠪᠴᠢᠯᠠᠨ᠎ᠠ︶ ᠤᠨ ᠶᠡᠷᠦᠩᠬᠡᠶ ᠬᠡᠯᠲᠡᠰ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ | ᠰᠢᠨ᠎ᠡ ᠲᠣᠭᠤᠷᠢᠭ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠲᠤᠰᠠᠳᠠ᠂ ︽ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠬᠡᠪᠡᠷ | ᠨᠡᠭᠡᠭᠡᠨ ᠬᠥᠭᠵᠢᠭᠦᠯᠵᠦ ᠰᠢᠨ᠎ᠡ ᠪᠠᠶᠢᠷᠢᠰᠢᠯ ᠢ ᠪᠦᠷᠢᠯᠳᠦᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠣᠭᠤᠳᠬᠤ ᠰᠠᠨᠠᠯ︾ ︵ᠲᠥᠪ ᠲᠠᠷᠬᠠᠭᠠᠭᠰᠠᠨ ﹇ | 2019﹈ 13 ᠳ᠋ᠤᠭᠠᠷ ᠲᠣᠭᠠᠲᠤ︶ ︽ᠤᠯᠤᠰ ᠤᠨ ᠲᠠᠰ ᠤᠨ ᠰᠢᠨ᠎ᠡ ᠲᠣᠭᠤᠷᠢᠭ ᠤᠨ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠶᠢ ᠳᠡᠮᠵᠢᠵᠦ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠤᠬᠠᠶ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇ | 2019﹈ 58 ᠳ᠋ᠤᠭᠠᠷ ᠲᠣᠭᠠᠲᠤ︶ ︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠢ ᠪᠥᠲᠥᠭᠡᠨ | ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ︵ᠥᠪᠥᠷ ᠨᠠᠮ ᠲᠠᠷᠬᠠᠭᠠᠭᠰᠠᠨ ﹇2016﹈ | 24 ᠳ᠋ᠦ᠋ᠭᠡᠷ ᠲᠣᠭᠠᠲᠤ︶ ᠢ ᠦᠨᠳᠦᠰᠦᠯᠡᠨ᠂ ᠰᠢᠨ᠎ᠡ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ | ᠲᠣᠰ ᠲᠥᠷᠥ ᠶᠢᠨ ᠪᠣᠳᠣᠯᠭ᠎ᠠ ᠶᠢ ᠣᠨᠴᠠᠭᠠᠶᠢᠯᠠᠨ ᠲᠣᠭᠲᠠᠭᠠᠪᠠ᠃ | ᠬᠤᠶᠠᠳᠤᠭᠠᠷ ᠵᠦᠢᠯ ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ ᠬᠡᠯᠡᠵᠦ ᠪᠠᠶᠢᠭ᠎ᠠ ᠶᠡᠷᠦᠩᠬᠡᠶ | ᠬᠡᠯᠲᠡᠰ ᠤᠨ ᠠᠵᠣ ᠠᠬᠤᠶᠢᠯᠠᠯ ᠨᠢ ᠰᠢᠨ᠎ᠡ ᠲᠣᠭᠤᠷᠢᠭ ᠤᠨ ᠡᠳ᠋ ᠤᠨ ᠵᠠᠰᠠᠭ ᠭᠠᠶᠢᠯᠢ ᠶᠢᠨ ᠬᠠᠮᠢᠶᠠᠷᠤᠯᠲᠠ ᠶᠢᠨ | ᠬᠡᠪᠴᠢᠶᠡᠨ ᠳᠣᠲᠣᠷ᠎ᠠ ᠳᠠᠩᠰᠠᠯᠠᠭᠤᠯᠤᠨ ᠪᠠᠶᠢᠭᠤᠯᠬᠤ ᠶᠢᠨ ᠬᠠᠮᠲᠤ ᠬᠠᠤᠯᠢ ᠶᠣᠰᠣᠭᠠᠷ ᠡᠵᠡᠩᠨᠡᠯᠲᠡ ᠶᠢᠨ ᠠᠵᠢᠯᠯᠠᠭ᠎ᠠ | ᠥᠷᠨᠢᠭᠦᠯᠵᠦ᠂ ᠲᠡᠭᠦᠨ ᠤ ᠬᠤᠪᠢ ᠡᠵᠡᠮᠳᠡᠭᠰᠡᠨ ᠠᠵᠤ ᠠᠬᠤᠶᠢᠯᠠᠯ ᠪᠤᠶᠤ ᠰᠠᠯᠪᠤᠷᠢ ᠪᠠᠶᠢᠭᠤᠯᠤᠮᠵᠢ ᠳᠤ ᠪᠠᠯᠠ | ᠣᠷᠣᠭᠤᠯᠵᠤ ᠬᠤᠪᠢ ᠡᠵᠡᠮᠳᠡᠬᠦ᠂ ᠡᠵᠡᠩᠨᠡᠯᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠰᠤᠳᠤᠯᠤᠨ | ᠨᠡᠭᠡᠭᠡᠵᠦ ᠵᠢᠷᠤᠭᠯᠠᠨ ᠲᠥᠯᠥᠪᠯᠡᠬᠦ᠂ ᠡᠵᠡᠩᠨᠡᠨ ᠪᠣᠷᠣᠯᠠᠭᠤᠯᠵᠤ ᠳᠡᠯᠭᠡᠷᠡᠭᠦᠯᠬᠦ᠂ ᠡᠳ᠋ ᠤᠨ ᠶᠠᠪᠤᠳᠠᠯ ᠤᠨ ᠳ᠋ᠦᠩᠨᠡᠨ | ᠪᠣᠳᠣᠯᠲᠠ ᠬᠢᠬᠦ ᠵᠡᠷᠭᠡ ᠬᠠᠮᠢᠶᠠᠷᠤᠯᠲᠠ ᠪᠠ ᠦᠢᠯᠡᠴᠢᠯᠡᠭᠡᠨ ᠤ ᠡᠭᠦᠷᠭᠡ ᠴᠢᠳᠠᠪᠤᠷᠢ ᠪᠠᠨ ᠬᠡᠷᠡᠭᠵᠢᠭᠦᠯᠵᠦ ᠪᠠᠶᠢᠭ᠎ᠠ | ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠢ ᠵᠢᠭᠠᠵᠤ ᠪᠣᠢ᠃ | ᠭᠤᠷᠪᠠᠳᠤᠭᠠᠷ ᠵᠦᠢᠯ ᠣᠷᠣᠵᠤ ᠨᠤᠲᠤᠭᠰᠢᠬᠤ ᠶᠡᠷᠦᠩᠬᠡᠶ ᠬᠡᠯᠲᠡᠰ ᠤᠨ ᠠᠵᠤ ᠠᠬᠤᠶᠢᠯᠠᠯ ᠨᠢ ᠰᠢᠨ᠎ᠡ | ᠲᠣᠭᠤᠷᠢᠭ ᠲᠤ ᠭᠠᠶᠢᠯᠢ ᠲᠤᠰᠢᠶᠠᠵᠤ ᠪᠣᠯᠬᠤ ᠪᠥᠭᠡᠳ ᠰᠢᠨ᠎ᠡ ᠲᠣᠭᠤᠷᠢᠭ ᠲᠠᠢ ᠪᠡᠯᠡ ᠣᠷᠣᠭᠤᠯᠬᠤ ᠬᠡᠯᠡᠯᠴᠡᠭᠡᠷ | ᠲᠣᠭᠲᠠᠭᠠᠨ᠎ᠠ᠃ | ᠳᠥᠷᠪᠡᠳᠦᠭᠡᠷ ᠵᠦᠢᠯ ᠣᠷᠣᠵᠤ ᠨᠤᠲᠤᠭᠰᠢᠬᠤ ᠶᠡᠷᠦᠩᠬᠡᠶ ᠬᠡᠯᠲᠡᠰ ᠤᠨ ᠠᠵᠤ ᠠᠬᠤᠶᠢᠯᠠᠯ ᠤᠨ ᠪᠡᠯᠡ | ᠣᠷᠣᠭᠤᠯᠤᠯᠲᠠ ᠪᠠ ᠲᠡᠭᠦᠨ ᠤ ᠡᠷᠬᠡ ᠣᠯᠭᠤᠨ ᠬᠠᠮᠢᠶᠠᠷᠬᠤ ᠠᠵᠤ ᠠᠬᠤᠶᠢᠯᠠᠯ ᠪᠤᠶᠤ ᠰᠠᠯᠪᠤᠷᠢ ᠪᠠᠶᠢᠭᠤᠯᠤᠮᠵᠢ ᠨᠢ | 2 ᠠᠴᠠ ᠳᠣᠣᠷ᠎ᠠ ᠪᠠᠶᠢᠵᠤ ᠪᠣᠯᠬᠤ ᠦᠭᠡᠢ᠂ ᠡᠭᠦᠨ ᠳᠤ ᠠᠳᠠᠭ ᠲᠠᠭᠠᠨ 1 ᠨᠢ ᠬᠦᠬᠡᠬᠤᠲᠠ ᠠᠴᠠ ᠭᠠᠳᠠᠨ᠎ᠠ | ᠪᠠᠶᠢᠭᠤᠯᠵᠤ᠂ ᠲᠡᠷᠡ ᠮᠦᠷᠲᠡᠭᠡᠨ ᠳᠣᠣᠷᠠᠬᠢ ᠨᠦᠬᠦᠴᠡᠯ ᠤᠨ ᠨᠢᠭᠡᠨ ᠳᠤᠨᠢ ᠨᠡᠶᠢᠴᠡᠭᠰᠡᠨ ᠪᠠᠶᠢᠬᠤ ᠬᠡᠷᠡᠭᠲᠡᠢ᠄ | ︵ᠨᠢᠭᠡ︶ ᠳᠡᠭᠡᠷ᠎ᠡ ᠵᠢᠯ ᠳᠤ ᠨᠡᠶᠢᠲᠡᠯᠡᠭᠰᠡᠨ ᠳᠡᠯᠡᠬᠡᠶ ᠶᠢᠨ ᠠᠵᠤ ᠠᠬᠤᠶᠢᠯᠠᠯ ᠤᠨ 500 ᠬᠦᠴᠦᠷᠬᠡᠭ᠂ | ᠳᠤᠮᠳᠠᠳᠤ ᠤᠯᠤᠰ ᠤᠨ ᠠᠵᠤ ᠠᠬᠤᠶᠢᠯᠠᠯ ᠤᠨ 500 ᠬᠦᠴᠦᠷᠬᠡᠭ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ 500 ᠬᠦᠴᠦᠷᠬᠡᠭ᠂ ᠳᠤᠮᠳᠠᠳᠤ ᠤᠯᠤᠰ ᠤᠨ ᠦᠢᠯᠡᠳᠬᠦ ᠦᠢᠯᠡᠰ ᠤᠨ ᠠᠵᠤ ᠠᠬᠤᠶᠢᠯᠠᠯ ᠤᠨ | 500 ᠬᠦᠴᠦᠷᠬᠡᠭ᠂ ᠳᠤᠮᠳᠠᠳᠤ ᠤᠯᠤᠰ ᠤᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ 500 | ᠬᠦᠴᠦᠷᠬᠡᠭ᠂ ᠳᠤᠮᠳᠠᠳᠤ ᠤᠯᠤᠰ ᠤᠨ ᠬᠡᠯᠬᠢᠶ᠎ᠡ ᠠᠵᠤ ᠠᠬᠤᠶᠢᠯᠠᠯ ᠤᠨ 100 ᠬᠦᠴᠦᠷᠬᠡᠭ᠂ ᠵᠥᠭᠡᠯᠡᠨ ᠲᠣᠨᠤᠭ | ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠥᠷᠢᠰᠥᠯᠳᠦᠬᠦ ᠬᠦᠴᠦᠨ ᠲᠠᠢ | 100 ᠬᠦᠴᠦᠷᠬᠡᠭ ᠵᠡᠷᠭᠡ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠵᠢᠴᠢ ᠡᠯ᠎ᠡ ᠮᠣᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠳᠡᠭᠡᠷ᠎ᠡ ᠨᠢᠭᠡ ᠵᠢᠯ ᠤᠨ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠤᠨ 100 ᠬᠦᠴᠦᠷᠬᠡᠭ ᠤᠨ ᠶᠡᠷᠦᠩᠬᠡᠶ ᠬᠡᠯᠲᠡᠰ ᠪᠤᠶᠤ ᠮᠤᠵᠢ ᠶᠢᠨ ᠱᠠᠲᠤᠨ ᠠᠴᠠ ᠳᠡᠭᠡᠭᠰᠢᠬᠢ ︵ | ᠮᠤᠵᠢ ᠶᠢᠨ ᠱᠠᠲᠤ ᠪᠠᠭᠲᠠᠨ᠎ᠠ︶ ᠭᠠᠵᠠᠷ ᠣᠷᠣᠨ ᠤ ᠶᠡᠷᠦᠩᠬᠡᠶ ᠬᠡᠯᠲᠡᠰ᠃ | ︵ᠬᠤᠶᠠᠷ︶ ᠬᠢᠯᠢ ᠶᠢᠨ ᠳᠣᠲᠣᠨ᠎ᠠ ᠭᠠᠳᠠᠨᠠᠬᠢ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ᠂ ᠤᠯᠤᠰ | ᠠᠯᠤᠰᠯᠠᠭᠰᠠᠨ ᠺᠣᠮᠫᠠᠨᠢ᠂ ᠤᠯᠤᠰ ᠪᠠ ᠲᠥᠪ ᠤᠨ ᠰᠠᠯᠠᠭ᠎ᠠ ᠮᠥᠴᠢᠷ ᠤᠨ ᠬᠠᠮᠢᠶᠠᠷᠴᠤ ᠪᠠᠶᠢᠭ᠎ᠠ ᠲᠣᠮᠣ ᠠᠵᠤ | ᠠᠬᠤᠶᠢᠯᠠᠯ ᠤᠨ ᠶᠠᠷᠦᠩᠬᠡᠢ ᠬᠡᠯᠲᠡᠰ ᠪᠤᠶᠤ ᠮᠤᠵᠢ ᠶᠢᠨ ᠱᠠᠲᠤᠨ ᠠᠴᠠ ᠳᠡᠭᠡᠭᠰᠢᠬᠢ ︵ᠮᠤᠵᠢ ᠶᠢᠨ ᠱᠠᠲᠤ ᠪᠠᠭᠲᠠᠨ᠎ᠠ︶ | ᠭᠠᠵᠠᠷ ᠣᠷᠣᠨ ᠤ ᠶᠡᠷᠦᠩᠬᠡᠶ ᠬᠡᠯᠲᠡᠰ᠃ | ︵ᠭᠤᠷᠪᠠ︶ ᠳᠡᠭᠡᠷ᠎ᠡ ᠳᠤᠷᠠᠳᠤᠭᠰᠠᠨ ᠬᠡᠪᠴᠢᠶᠡᠨ ᠳᠤ ᠪᠠᠭᠲᠠᠬᠤ ᠦᠭᠡᠢ ᠠᠵᠤ ᠠᠬᠤᠶᠢᠯᠠᠯ ᠳᠣᠤᠷᠠᠬᠢ | ᠨᠥᠬᠦᠴᠡᠯ ᠢ ᠬᠠᠩᠭᠠᠬᠤ ᠬᠡᠷᠡᠭᠲᠡᠶ᠄ | 1. ᠲᠣᠮᠣ ᠳ᠋ᠠᠶᠢᠲ᠋ᠠ ᠶᠢᠨ ᠶᠡᠷᠦᠩᠬᠡᠶ ᠬᠡᠯᠲᠡᠰ ᠤᠨ ᠠᠵᠤ ᠠᠬᠤᠶᠢᠯᠠᠯ᠃ ᠳᠡᠭᠡᠷ᠎ᠡ ᠵᠢᠯ ᠤᠨ ᠡᠵᠡᠩᠨᠡᠯᠲᠡ ᠶᠢᠨ | ᠣᠷᠣᠯᠭ᠎ᠠ ᠨᠢ 5000 ᠲᠦᠮᠡᠨ ᠲᠥᠭᠦᠷᠢᠭ ᠠᠴᠠ ᠳᠡᠭᠡᠭᠰᠢ ᠮᠦᠷᠲᠡᠭᠡᠨ ᠳᠡᠭᠡᠷ᠎ᠡ ᠵᠢᠯ ᠤᠨ ᠣᠷᠣᠨ ᠨᠤᠲᠤᠭ ᠤᠨ | ᠠᠵᠤ ᠠᠬᠤᠢ ᠶᠢᠨ ᠬᠥᠭᠵᠢᠯᠲᠡ ᠳᠤ 300 ᠲᠦᠮᠡᠨ ᠲᠥᠭᠦᠷᠢᠭ ᠠᠴᠠ ᠳᠡᠭᠡᠭᠰᠢ ᠬᠤᠪᠢ ᠨᠡᠮᠡᠷᠢ ᠦᠵᠡᠭᠦᠯᠦᠭᠰᠡᠨ | ᠪᠠᠶᠢᠬᠤ ᠬᠡᠷᠡᠭᠲᠡᠢ᠃ | 2. ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠲᠣᠨᠤᠭ ᠲᠥᠬᠦᠭᠡᠷᠦᠮᠵᠢ ᠦᠢᠯᠡᠳᠬᠦ ᠪᠠ | ᠳᠡᠭᠡᠳᠦ ᠲᠡᠰ ᠤᠨ ᠲᠣᠨᠤᠭ ᠲᠥᠬᠦᠭᠡᠷᠦᠮᠵᠢ ᠦᠢᠯᠡᠳᠬᠦ ᠶᠡᠷᠦᠩᠬᠡᠶ ᠬᠡᠯᠲᠡᠰ ᠤᠨ ᠠᠵᠤ ᠠᠬᠤᠶᠢᠯᠠᠯ᠃ ᠳᠡᠭᠡᠷ᠎ᠡ | ᠵᠢᠯ ᠤᠨ ᠡᠵᠡᠩᠨᠡᠯᠲᠡ ᠶᠢᠨ ᠣᠷᠣᠯᠭ᠎ᠠ ᠨᠢ 10 ᠳ᠋ᠦᠩᠰᠢᠭᠤᠷ ᠲᠥᠭᠦᠷᠢᠭ ᠠᠴᠠ ᠳᠡᠭᠡᠭᠰᠢ ᠮᠦᠷᠲᠡᠭᠡᠨ ᠳᠡᠭᠡᠷ᠎ᠡ | ᠵᠢᠯ ᠤᠨ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ 2000 ᠲᠦᠮᠡᠨ ᠲᠥᠭᠦᠷᠢᠭ ᠠᠴᠠ ᠳᠡᠭᠡᠭᠰᠢ | ᠬᠤᠪᠢ ᠨᠡᠮᠡᠷᠢ ᠦᠵᠡᠭᠦᠯᠦᠭᠰᠡᠨ ᠪᠠᠶᠢᠬᠤ ᠬᠡᠷᠡᠭᠲᠡᠢ᠃ | 3. ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠰᠢᠨ᠎ᠡ ᠮᠠᠲ᠋ᠧᠷᠢᠶᠠᠯ ᠪᠣᠯᠤᠨ ᠳᠡᠭᠡᠳᠦ ᠲᠠᠰ ᠤᠨ | ᠠᠮᠢᠳᠤ ᠪᠣᠳᠠᠰ ᠤᠨ ᠡᠮ ᠡᠮᠨᠡᠯᠭᠡ ᠶᠢᠨ ᠶᠡᠷᠦᠩᠬᠡᠶ ᠬᠡᠯᠲᠡᠰ ᠤᠨ ᠠᠵᠤ ᠠᠬᠤᠶᠢᠯᠠᠯ᠃ ᠳᠡᠭᠡᠷ᠎ᠡ ᠵᠢᠯ ᠤᠨ | ᠡᠵᠡᠩᠨᠡᠯᠲᠡ ᠶᠢᠨ ᠣᠷᠣᠯᠭ᠎ᠠ ᠨᠢ 5000 ᠲᠦᠮᠡᠨ ᠲᠥᠭᠦᠷᠢᠭ ᠠᠴᠠ ᠳᠡᠭᠡᠭᠰᠢ ᠮᠦᠷᠲᠡᠭᠡᠨ ᠳᠡᠭᠡᠷ᠎ᠡ ᠵᠢᠯ ᠤᠨ ᠣᠷᠣᠨ | ᠨᠤᠲᠤᠭ ᠤᠨ ᠠᠵᠤ ᠠᠬᠤᠢ ᠶᠢᠨ ᠬᠥᠭᠵᠢᠯᠲᠡ ᠳᠤ 300 ᠲᠦᠮᠡᠨ ᠲᠥᠭᠦᠷᠢᠭ ᠠᠴᠠ ᠳᠡᠭᠡᠭᠰᠢ ᠬᠤᠪᠢ ᠨᠡᠮᠡᠷᠢ | ᠦᠵᠡᠭᠦᠯᠦᠭᠰᠡᠨ ᠪᠠᠶᠢᠬᠤ ᠬᠡᠷᠡᠭᠲᠡᠢ᠃ | 4. ᠰᠣᠶᠣᠯ ᠤᠨ ᠪᠦᠲᠦᠭᠡᠯᠴᠢ ᠲᠥᠰᠦᠪᠯᠡᠯ ᠤᠨ ᠶᠡᠷᠦᠩᠬᠡᠶ ᠬᠡᠯᠲᠡᠰ ᠤᠨ ᠠᠵᠤ ᠠᠬᠤᠶᠢᠯᠠᠯ᠃ ᠳᠡᠭᠡᠷ᠎ᠡ | ᠵᠢᠯ ᠤᠨ ᠡᠵᠡᠩᠨᠡᠯᠲᠡ ᠶᠢᠨ ᠣᠷᠣᠯᠭ᠎ᠠ ᠨᠢ 2000 ᠲᠦᠮᠡᠨ ᠲᠥᠭᠦᠷᠢᠭ ᠠᠴᠠ ᠳᠡᠭᠡᠭᠰᠢ ᠮᠦᠷᠲᠡᠭᠡᠨ ᠳᠡᠭᠡᠷ᠎ᠡ | ᠵᠢᠯ ᠤᠨ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ 200 ᠲᠦᠮᠡᠨ ᠲᠥᠭᠦᠷᠢᠭ ᠠᠴᠠ ᠳᠡᠭᠡᠭᠰᠢ | ᠬᠤᠪᠢ ᠨᠡᠮᠡᠷᠢ ᠦᠵᠡᠭᠦᠯᠦᠭᠰᠡᠨ ᠪᠠᠶᠢᠬᠤ ᠬᠡᠷᠡᠭᠲᠡᠢ᠃ | 5. ᠪᠣᠬᠢᠷᠲᠤᠯ ᠦᠭᠡᠢ ᠠᠮᠢ ᠠᠬᠤᠢ ᠶᠢᠨ ᠠᠵᠤ ᠦᠢᠯᠡᠰ ᠤᠨ ᠶᠡᠷᠦᠩᠬᠡᠶ ᠬᠡᠯᠲᠡᠰ ᠤᠨ ᠠᠵᠤ ᠠᠬᠤᠶᠢᠯᠠᠯ᠃ | ᠳᠡᠭᠡᠷ᠎ᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 5000 ᠲᠦᠮᠡᠨ ᠲᠥᠭᠦᠷᠢᠭ ᠠᠴᠠ ᠳᠡᠭᠡᠭᠰᠢ ᠮᠥᠷᠲᠡᠭᠡᠨ ᠳᠡᠭᠡᠷ᠎ᠡ | ᠵᠢᠯ ᠤᠨ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ 200 ᠲᠦᠮᠡᠨ ᠲᠥᠭᠦᠷᠢᠭ ᠠᠴᠠ ᠳᠡᠭᠡᠭᠰᠢ | ᠬᠤᠪᠢ ᠨᠡᠮᠡᠷᠢ ᠦᠵᠡᠭᠦᠯᠦᠭᠰᠡᠨ ᠪᠠᠶᠢᠬᠤ ᠬᠡᠷᠡᠭᠲᠡᠢ᠃ | 6. ᠳᠡᠭᠡᠷ᠎ᠡ ᠳᠤᠷᠠᠳᠤᠭᠰᠠᠨ ᠠᠵᠢᠯ ᠲᠥᠷᠥᠯ ᠠᠴᠠ ᠭᠠᠳᠠᠨᠠᠬᠢ ᠪᠤᠰᠤᠳ ︽ᠥᠪᠥᠷ ᠮᠣᠩᠭᠤᠯ ᠤᠨ ᠬᠤᠷᠢᠨᠭᠡᠷ | ᠰᠢᠨ᠎ᠡ ᠲᠣᠭᠤᠷᠢᠭ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠤᠳᠤᠷᠢᠳᠤᠮᠵᠢ ᠶᠢᠨ ᠭᠠᠷᠴᠠᠭ ︵ᠲᠤᠷᠰᠢᠨ | ᠬᠡᠷᠡᠭᠵᠢᠭᠦᠯᠬᠦ︶︾ ᠲᠠᠢ ᠨᠡᠶᠢᠴᠡᠵᠦ᠂ ᠭᠠᠶᠢᠯᠢ ᠲᠠᠲᠠᠪᠤᠷᠢ ᠶᠢᠨ ᠬᠤᠪᠢ ᠨᠡᠮᠡᠷᠢ ᠶᠡᠭᠡ᠂ ᠬᠥᠭᠵᠢᠯᠲᠡ ᠶᠢᠨ ᠳᠠᠯᠳᠠ | ᠬᠦᠴᠦᠨ ᠶᠡᠭᠡ᠂ ᠰᠢᠨ᠎ᠡ ᠲᠣᠭᠤᠷᠢᠭ ᠲᠤ ᠴᠢᠬᠤᠯᠠ ᠶᠡᠭᠡ ᠲᠤᠯᠭᠠᠭᠤᠷᠢᠯᠠᠬᠤ ᠦᠢᠯᠡᠳᠦᠯ ᠲᠠᠢ ᠠᠵᠤ ᠠᠬᠤᠶᠢᠯᠠᠯ ᠳᠤ | ︽ᠨᠢᠭᠡ ᠤᠴᠢᠷ ᠢ ᠨᠢᠭᠡ ᠵᠥᠪᠯᠡᠬᠦ︾ ᠠᠷᠭ᠎ᠠ ᠠᠪᠴᠤ᠂ ᠲᠣᠰ ᠲᠥᠷᠥ ᠶᠢᠨ ᠪᠣᠳᠣᠯᠭ᠎ᠠ ᠶᠢ ᠯᠠᠪᠯᠠᠯᠲᠠ ᠪᠣᠯᠭᠠᠨ | ᠬᠡᠷᠡᠭᠵᠢᠭᠦᠯᠦᠨ᠎ᠡ᠃ | ᠬᠤᠶᠠᠳᠤᠭᠠᠷ ᠪᠦᠯᠦᠭ ᠨᠥᠬᠦᠪᠥᠷᠢ ᠥᠭᠴᠦ ᠱᠠᠩᠨᠠᠬᠤ ᠪᠠᠷᠢᠮᠵᠢᠶ᠎ᠠ | ᠲᠠᠪᠤᠳᠤᠭᠠᠷ ᠵᠦᠢᠯ ᠡᠵᠡᠩᠨᠡᠯᠲᠡ ᠶᠢᠨ ᠱᠠᠩᠨᠠᠯ | ︵ᠨᠢᠭᠡ︶ ᠥᠪᠡᠷᠲᠡᠭᠡᠨ ᠠᠯᠪᠠᠨ ᠬᠡᠷᠡᠭᠯᠡᠭᠡᠨ ᠤ ᠭᠡᠷ ᠪᠠᠷᠢᠬᠤ ᠪᠤᠶᠤ ᠰᠢᠨ᠎ᠡ ᠲᠣᠭᠤᠷᠢᠭ ᠤᠨ ᠮᠥᠩᠭᠦᠨ | ᠭᠦᠢᠯᠭᠡᠭᠡᠨ ᠤ ᠵᠢᠵᠢᠭ ᠪᠠᠯᠭᠠᠰᠤ᠂ ᠲᠤᠭ᠎ᠠ ᠪᠥᠭᠡᠮᠨᠡᠷᠡᠯ ᠤᠨ ᠵᠢᠵᠢᠭ ᠪᠠᠯᠭᠠᠰᠤ ᠶᠢᠨ ᠲᠥᠯᠥᠪᠵᠢᠭᠦᠯᠭᠡ ᠶᠢᠨ ᠬᠦᠷᠢᠶ᠎ᠡ | ᠬᠡᠪᠴᠢᠶ᠎ᠡ ᠵᠢᠴᠢ ᠰᠢᠨ᠎ᠡ ᠲᠣᠭᠤᠷᠢᠭ ᠤᠨ ᠵᠢᠭᠠᠨ ᠲᠣᠭᠲᠠᠭᠠᠭᠰᠠᠨ ᠪᠤᠰᠤᠳ ᠣᠷᠣᠨ ᠬᠡᠪᠴᠢᠶᠡᠨ ᠳᠣᠲᠣᠷᠠᠬᠢ | ᠪᠥᠲᠥᠭᠡᠨ ᠪᠠᠶᠢᠭᠤᠯᠣᠯᠲᠠ ᠶᠢᠨ ᠲᠥᠷᠥᠯ ᠵᠦᠢᠯ ᠢ ᠬᠤᠳᠠᠯᠳᠤᠨ ᠠᠪᠴᠤ ᠥᠪᠡᠷᠲᠡᠭᠡᠨ ᠬᠡᠷᠡᠭᠯᠡᠬᠦ ᠠᠯᠪᠠᠨ | ᠬᠡᠷᠡᠭᠯᠡᠭᠡᠨ ᠤ ᠭᠡᠷ ᠪᠠᠶᠢᠰᠢᠩ ᠪᠣᠯᠭᠠᠬᠤ ︵ᠬᠤᠳᠠᠯᠳᠤᠨ ᠠᠪᠬᠤ ᠲᠠᠯᠠᠪᠠᠶ ᠨᠢ 500 m2 ᠠᠴᠠ ᠳᠣᠤᠷ᠎ᠠ ᠪᠠᠶᠢᠵᠤ | ᠪᠤᠯᠬᠤ ᠥᠬᠡᠶ︶᠂ ᠡᠰᠡᠬᠦᠯ᠎ᠡ ᠲᠡᠭᠦᠨ ᠤ ᠬᠤᠪᠢ ᠡᠵᠡᠮᠳᠡᠭᠰᠡᠨ ᠠᠵᠤ ᠠᠬᠤᠶᠢᠯᠠᠯ ᠨᠢ ᠰᠢᠨ᠎ᠡ ᠲᠣᠭᠤᠷᠢᠭ ᠲᠤ | ᠦᠢᠯᠡᠳᠪᠦᠷᠢᠯᠡᠯ ᠤᠨ ᠴᠢᠨᠠᠷᠲᠠᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠭᠰᠠᠨ ᠶᠡᠷᠦᠩᠬᠡᠶ ᠬᠡᠯᠲᠡᠰ ᠤᠨ ᠠᠵᠤ | ᠠᠬᠤᠶᠢᠯᠠᠯ ︵ᠪᠡᠯᠡ ᠣᠷᠣᠭᠤᠯᠣᠯᠲᠠ ᠶᠢᠨ ᠲᠤᠭ᠎ᠠ ᠨᠢ 2000 ᠲᠦᠮᠡᠨ ᠲᠥᠭᠦᠷᠢᠭ ᠠᠴᠠ ᠳᠣᠣᠷ᠎ᠠ ᠦᠭᠡᠢ︶ | ᠪᠦᠭᠡᠳ ᠪᠣᠳᠠᠲᠠᠶ ᠠᠵᠢᠯᠯᠠᠵᠤ ᠪᠠᠶᠢᠭ᠎ᠠ ᠠᠵᠢᠯᠲᠠᠨ 30 ᠬᠥᠮᠦᠨ ᠠᠴᠠ ᠳᠣᠣᠷ᠎ᠠ ᠪᠠᠶᠢᠵᠤ ᠪᠣᠯᠬᠤ ᠦᠭᠡᠢ ︵ᠠᠵᠤ | ᠠᠬᠤᠶᠢᠯᠠᠯ ᠯᠤᠭ᠎ᠠ ᠬᠥᠳᠡᠯᠮᠦᠷᠢ ᠶᠢᠨ ᠭᠡᠷ᠎ᠡ ᠲᠣᠭᠲᠠᠬᠤ ᠶᠢᠨ ᠬᠠᠮᠲᠤ ᠨᠡᠶᠢᠭᠡᠮ ᠤᠨ ᠳᠠᠭᠠᠳᠬᠠᠯ ᠲᠤᠰᠢᠶᠠᠭᠰᠠᠨ | ᠬᠥᠮᠦᠨ ᠤ ᠲᠤᠭ᠎ᠠ ᠪᠠᠷ ᠪᠠᠷᠢᠮᠵᠢᠶ᠎ᠠ ᠪᠣᠯᠭᠠᠨ᠎ᠠ︶᠃ ᠠᠵᠤ ᠠᠬᠤᠶᠢᠯᠠᠯ ᠤᠨ ᠲᠤᠰ ᠵᠢᠯ ᠤᠨ ᠦᠢᠯᠡᠳᠬᠦᠨ ᠤ | ᠥᠷᠲᠡᠭ ᠤᠨ ᠨᠡᠮᠡᠭᠳᠡᠯ ᠤᠨ ᠬᠡᠰᠡᠭ ᠪᠠ ᠦᠢᠯᠡᠳᠪᠦᠷᠢᠯᠡᠯ ᠡᠵᠡᠩᠨᠡᠯᠲᠡ ᠶᠢᠨ ᠠᠰᠢᠭ ᠣᠷᠣᠯᠭ᠎ᠠ ᠶᠢᠨ ᠣᠷᠣᠨ | ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢ ᠦᠨᠳᠦᠰᠦᠯᠡᠨ᠂ ᠲᠦᠷᠦᠭᠦᠤ | 3 ᠵᠢᠯ ᠳᠤ 100%᠂ ᠳᠥᠷᠪᠡᠳᠦᠭᠡᠷ ᠵᠢᠯ ᠠᠴᠠ ᠲᠠᠪᠤᠳᠤᠭᠠᠷ ᠵᠢᠯ ᠳᠤ 50% ᠶᠢᠨ ᠬᠠᠷᠢᠴᠠᠯ ᠢᠶᠠᠷ ᠱᠠᠩᠨᠠᠯ | ᠨᠦᠬᠦᠪᠦᠷᠢ ᠥᠭᠭᠦᠨ᠎ᠡ᠃ | ︵ᠬᠤᠶᠠᠷ︶ ᠰᠢᠨ᠎ᠡ ᠲᠣᠭᠤᠷᠢᠭ ᠤᠨ ᠮᠥᠩᠭᠦᠨ ᠭᠦᠢᠯᠭᠡᠭᠡᠨ ᠤ ᠵᠢᠵᠢᠭ ᠪᠠᠯᠭᠠᠰᠤ᠂ ᠲᠤᠭ᠎ᠠ ᠪᠥᠭᠡᠮᠨᠡᠷᠡᠯ ᠤᠨ | ᠵᠢᠵᠢᠭ ᠪᠠᠯᠭᠠᠰᠤᠨ ᠤ ᠲᠥᠯᠥᠪᠵᠢᠭᠦᠯᠭᠡ ᠶᠢᠨ ᠬᠦᠷᠢᠶ᠎ᠡ ᠬᠡᠪᠴᠢᠶ᠎ᠡ ᠵᠢᠴᠢ ᠰᠢᠨ᠎ᠡ ᠲᠣᠭᠤᠷᠢᠭ ᠤᠨ ᠵᠢᠭᠠᠨ | ᠲᠣᠭᠲᠠᠭᠠᠭᠰᠠᠨ ᠪᠤᠰᠤᠳ ᠣᠷᠣᠨ ᠬᠡᠪᠴᠢᠶᠡᠨ ᠳᠣᠲᠣᠷᠠᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠲᠦᠷᠢᠶᠡᠰᠦᠯᠡᠵᠦ ᠥᠪᠡᠷᠲᠡᠭᠡᠨ ᠬᠡᠷᠡᠭᠯᠡᠬᠦ ᠠᠯᠪᠠᠨ ᠬᠡᠷᠡᠭᠯᠡᠭᠡᠨ ᠤ ᠭᠡᠷ ᠪᠠᠶᠢᠰᠢᠩ ᠪᠣᠯᠭᠠᠬᠤ ᠶᠡᠷᠦᠩᠬᠡᠶ ᠬᠡᠯᠲᠡᠰ ᠤᠨ | ᠠᠵᠤ ᠠᠬᠤᠶᠢᠯᠠᠯ ︵ᠲᠦᠷᠢᠶᠡᠰᠦᠯᠡᠬᠦ ᠲᠠᠯᠠᠪᠠᠢ ᠨᠢ 300 m2 ᠠᠴᠠ ᠳᠣᠣᠷ᠎ᠠ ᠪᠠᠶᠢᠵᠤ ᠪᠣᠯᠬᠤ ᠦᠭᠡᠢ︶ ᠪᠦᠭᠡᠳ | ᠪᠣᠳᠠᠲᠠᠶ ᠠᠵᠢᠯᠯᠠᠵᠤ ᠪᠠᠶᠢᠭ᠎ᠠ ᠠᠵᠢᠯᠲᠠᠨ 30 ᠬᠥᠮᠦᠨ ᠠᠴᠠ ᠳᠣᠤᠷ᠎ᠠ ᠪᠠᠶᠢᠵᠤ ᠪᠣᠯᠬᠤ ᠦᠭᠡᠢ ︵ᠠᠵᠤ | ᠠᠬᠤᠶᠢᠯᠠᠯ ᠯᠤᠭ᠎ᠠ ᠬᠥᠳᠡᠯᠮᠦᠷᠢ ᠶᠢᠨ ᠭᠡᠷ᠎ᠡ ᠲᠣᠭᠲᠠᠬᠤ ᠶᠢᠨ ᠬᠠᠮᠲᠤ ᠨᠡᠶᠢᠭᠡᠮ ᠤᠨ ᠳᠠᠭᠠᠳᠬᠠᠯ ᠲᠤᠰᠢᠶᠠᠭᠰᠠᠨ | ᠬᠦᠮᠦᠨ ᠤ ᠲᠤᠭ᠎ᠠ ᠪᠠᠷ ᠪᠠᠷᠢᠮᠵᠢᠶ᠎ᠠ ᠪᠣᠯᠭᠠᠨ᠎ᠠ︶᠃ ᠠᠵᠤ ᠠᠬᠤᠶᠢᠯᠠᠯ ᠤᠨ ᠲᠤᠰ ᠵᠢᠯ ᠤᠨ ᠦᠢᠯᠡᠳᠬᠦᠨ ᠤ | ᠥᠷᠲᠡᠭ ᠤᠨ ᠨᠡᠮᠡᠭᠳᠡᠯ ᠤᠨ ᠬᠡᠰᠡᠭ ᠪᠠ ᠦᠢᠯᠡᠳᠪᠦᠷᠢᠯᠡᠯ ᠡᠵᠡᠩᠨᠡᠯᠲᠡ ᠶᠢᠨ ᠠᠰᠢᠭ ᠣᠷᠣᠯᠭ᠎ᠠ ᠶᠢᠨ ᠣᠷᠣᠨ | ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢ ᠦᠨᠳᠦᠰᠦᠯᠡᠨ᠂ ᠲᠦᠷᠦᠭᠦᠤ | 3 ᠵᠢᠯ ᠳᠤ 50%᠂ ᠳᠥᠷᠪᠡᠳᠦᠭᠡᠷ ᠵᠢᠯ ᠠᠴᠠ ᠲᠠᠪᠤᠳᠤᠭᠠᠷ ᠵᠢᠯ ᠳᠤ 25% ᠶᠢᠨ ᠬᠠᠷᠢᠴᠠᠯ ᠢᠶᠠᠷ ᠱᠠᠩᠨᠠᠯ | ᠨᠦᠬᠦᠪᠦᠷᠢ ᠥᠭᠭᠦᠨ᠎ᠡ᠃ | ᠵᠢᠷᠭᠤᠳᠤᠭᠠᠷ ᠵᠦᠢᠯ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠤ ᠱᠠᠩᠨᠠᠯ ᠬᠥᠬᠢᠭᠦᠯᠦᠯ | ᠣᠷᠣᠵᠤ ᠨᠤᠲᠤᠭᠰᠢᠭᠰᠠᠨ ᠶᠡᠷᠦᠩᠬᠡᠶ ᠬᠡᠯᠲᠡᠰ ᠤᠨ ᠠᠵᠤ ᠠᠬᠤᠶᠢᠯᠠᠯ ᠳᠤ ᠪᠦᠬᠦᠯᠢ ᠨᠢᠭᠡ ᠵᠢᠯ ᠲᠤᠰᠢᠶᠠᠯ | ᠬᠠᠷᠢᠭᠤᠴᠠᠵᠤ᠂ ᠲᠡᠷᠡ ᠮᠦᠷᠲᠡᠭᠡᠨ ᠵᠣᠬᠢᠴᠠᠭᠰᠠᠨ ᠲᠤᠰᠢᠶᠠᠯ ᠡᠭᠦᠷᠭᠡᠯᠡᠬᠦ ᠬᠢᠷᠢ ᠬᠡᠮ ᠲᠠᠢ ᠳᠡᠭᠡᠳᠦ ᠵᠡᠷᠭᠡ ᠶᠢᠨ | ᠬᠠᠮᠢᠶᠠᠷᠤᠯᠲᠠ ᠶᠢᠨ ᠠᠵᠢᠯᠲᠠᠨ ︵ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠢ ᠶᠡᠷᠦᠩᠬᠡᠶ ᠬᠡᠯᠲᠡᠰ ᠠᠴᠠ | ᠲᠣᠮᠢᠯᠠᠭᠰᠠᠨ ᠪᠢᠴᠢᠭ ᠮᠠᠲ᠋ᠧᠷᠢᠶᠠᠯ ᠪᠤᠶᠤ ᠬᠤᠯᠪᠣᠭᠳᠠᠯ ᠪᠥᠬᠦᠶ ᠬᠠᠤᠯᠢ ᠪᠠᠷ ᠲᠣᠭᠲᠠᠭᠠᠭᠰᠠᠨ ᠪᠢᠴᠢᠭ | ᠮᠠᠲ᠋ᠧᠷᠢᠶᠠᠯ ᠢᠶᠠᠷ ᠪᠠᠷᠢᠮᠵᠢᠶ᠎ᠠ ᠪᠣᠯᠭᠠᠵᠤ᠂ ᠬᠡᠷᠡᠭ ᠮᠡᠳᠡᠭᠴᠢ᠂ ᠬᠡᠷᠡᠭ ᠬᠢᠨᠠᠭᠴᠢ᠂ ᠶᠡᠷᠦᠩᠬᠡᠶ ᠳᠠᠭᠠᠭᠠᠮᠠᠯ᠂ ᠳᠡᠳ᠋ | ᠶᠡᠷᠦᠩᠬᠡᠶ ᠳᠠᠭᠠᠭᠠᠮᠠᠯ᠂ ᠡᠳ᠋ ᠤᠨ ᠶᠠᠪᠤᠳᠠᠯ ᠤᠨ ᠬᠠᠷᠢᠭᠤᠴᠠᠯᠭᠠᠲᠠᠨ ᠪᠠᠭᠲᠠᠨ᠎ᠠ︶ ᠳᠤ᠂ ᠣᠷᠣᠨ ᠨᠤᠲᠤᠭ ᠤᠨ | ᠡᠳ᠋ ᠤᠨ ᠵᠠᠰᠠᠭ ᠠᠴᠠ 5 ᠵᠢᠯ ᠳᠠᠷᠠᠭᠠᠯᠠᠨ ᠴᠢᠳᠠᠪᠤᠷᠢᠲᠠᠨ ᠤ ᠱᠠᠩᠨᠠᠯ ᠣᠯᠭᠤᠵᠤ᠂ ᠱᠠᠩᠨᠠᠬᠤ ᠲᠤᠭ᠎ᠠ ᠬᠡᠮᠵᠢᠶ᠎ᠡ ᠶᠢ | ᠲᠤᠬᠠᠶ ᠶᠢᠨ ᠵᠢᠯ ᠤᠨ ᠬᠤᠪᠢ ᠬᠥᠮᠦᠨ ᠤ ᠴᠠᠯᠢᠩ ᠬᠦᠯᠦᠰᠦ ᠱᠠᠩᠨᠠᠯ ᠤᠨ ᠮᠦᠩᠭᠦ ᠠᠴᠠ ᠣᠷᠣᠨ ᠨᠤᠲᠤᠭ ᠤᠨ ᠠᠵᠤ | ᠠᠬᠤᠶ ᠶᠢᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢᠨ 100% ᠶᠢᠨ ᠬᠠᠷᠢᠴᠠᠯ ᠢᠶᠠᠷ ᠲᠣᠭᠲᠠᠭᠠᠨ᠎ᠠ᠃ | ᠱᠠᠩᠨᠠᠯ ᠤᠨ ᠮᠥᠩᠭᠦ ᠶᠢ ᠳᠠᠷᠠᠭ᠎ᠠ ᠵᠢᠯ ᠤᠨ ᠨᠢᠭᠡᠳᠦᠭᠡᠷ ᠤᠯᠠᠷᠢᠯ ᠳᠤ ᠣᠯᠭᠤᠨ᠎ᠠ᠃ | ᠳᠣᠯᠣᠳᠤᠭᠠᠷ ᠵᠦᠢᠯ ᠭᠠᠵᠠᠷ ᠬᠤᠳᠠᠯᠳᠤᠨ ᠠᠪᠬᠤ᠂ ᠭᠡᠷ ᠪᠠᠶᠢᠰᠢᠩ ᠬᠤᠳᠠᠯᠳᠤᠨ ᠠᠪᠬᠤ ᠪᠤᠶᠤ ᠭᠡᠷ | ᠲᠦᠷᠢᠶᠡᠰᠦᠯᠡᠬᠦ ᠨᠥᠬᠦᠪᠥᠷᠢ | ︵ᠨᠢᠭᠡ︶ ᠣᠷᠣᠵᠤ ᠨᠤᠲᠤᠭᠰᠢᠭᠰᠠᠨ ᠶᠡᠷᠦᠩᠬᠡᠶ ᠬᠡᠯᠲᠡᠰ ᠤᠨ ᠠᠵᠤ ᠠᠬᠤᠶᠢᠯᠠᠯ ᠠᠴᠠ ᠭᠠᠵᠠᠷ ᠬᠤᠳᠠᠯᠳᠤᠨ | ᠠᠪᠴᠤ ᠥᠪᠡᠷ ᠢᠶᠠᠨ ᠠᠯᠪᠠᠨ ᠬᠡᠷᠡᠭᠯᠡᠭᠡᠨ ᠤ ᠭᠡᠷ ᠪᠠᠶᠢᠰᠢᠩ ᠪᠠᠷᠢᠭᠰᠠᠨ ᠪᠠᠶᠢᠪᠠᠯ᠂ ᠭᠠᠵᠠᠷ ᠬᠡᠷᠡᠭᠯᠡᠬᠦ ᠳᠤ ︽ᠨᠢᠭᠡ | ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢ ᠠᠪᠴᠤ᠂ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ | ᠵᠢᠴᠢ ᠲᠥᠷᠥ ᠶᠢᠨ ᠪᠣᠳᠣᠯᠭ᠎ᠠ ᠶᠣᠰᠣᠭᠠᠷ ᠳᠡᠮᠵᠢᠯᠭᠡ ᠦᠵᠡᠭᠦᠯᠦᠨ᠎ᠡ᠃ | ︵ᠬᠤᠶᠠᠷ︶ ᠰᠢᠨ᠎ᠡ ᠲᠣᠭᠤᠷᠢᠭ ᠤᠨ ᠮᠥᠩᠭᠦᠨ ᠭᠦᠢᠯᠭᠡᠭᠡᠨ ᠤ ᠵᠢᠵᠢᠭ ᠪᠠᠯᠭᠠᠰᠤ᠂ ᠲᠤᠭ᠎ᠠ ᠪᠥᠭᠡᠮᠨᠡᠷᠡᠯ ᠤᠨ | ᠵᠢᠵᠢᠭ ᠪᠠᠯᠭᠠᠰᠤᠨ ᠤ ᠲᠥᠯᠥᠪᠵᠢᠭᠦᠯᠭᠡ ᠶᠢᠨ ᠬᠦᠷᠢᠶ᠎ᠡ ᠬᠡᠪᠴᠢᠶ᠎ᠡ ᠪᠤᠶᠤ ᠰᠢᠨ᠎ᠡ ᠲᠣᠭᠤᠷᠢᠭ ᠤᠨ ᠪᠤᠰᠤᠳ ᠣᠷᠣᠨ | ᠬᠡᠪᠴᠢᠶᠡᠨ ᠳᠣᠲᠣᠷᠠᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠤᠳᠠᠯᠳᠤᠨ ᠠᠪᠴᠤ ᠥᠪᠡᠷᠲᠡᠭᠡᠨ | ᠬᠡᠷᠡᠭᠯᠡᠬᠦ ᠠᠯᠪᠠᠨ ᠬᠡᠷᠡᠭᠯᠡᠭᠡᠨ ᠤ ᠭᠡᠷ ᠪᠠᠶᠢᠰᠢᠩ ᠪᠣᠯᠭᠠᠭᠰᠠᠨ ᠶᠡᠷᠦᠩᠬᠡᠢ ᠬᠡᠯᠲᠡᠰ ᠤᠨ ᠠᠵᠤ ᠠᠬᠤᠶᠢᠯᠠᠯ ᠳᠤ 300 | ᠲᠥᠭᠦᠷᠢᠭ /m2 ᠤᠨ ᠨᠥᠬᠦᠪᠥᠷᠢ ᠪᠡᠯᠡ ᠮᠥᠩᠭᠦ ᠥᠭᠴᠦ᠂ ᠶᠡᠷᠦᠩᠬᠡᠶ ᠲᠤᠭ᠎ᠠ ᠨᠢ 100 ᠲᠦᠮᠡᠨ | ᠲᠥᠭᠦᠷᠢᠭ ᠠᠴᠠ ᠬᠡᠲᠦᠷᠡᠬᠦ ᠦᠭᠡᠢ᠃ ᠥᠪᠡᠷᠲᠡᠭᠡᠨ ᠬᠡᠷᠡᠭᠯᠡᠬᠦ ᠠᠯᠪᠠᠨ ᠬᠡᠷᠡᠭᠯᠡᠭᠡᠨ ᠤ ᠭᠡᠷ ᠪᠠᠶᠢᠰᠢᠩ ᠢ 10 ᠵᠢᠯ ᠤᠨ | ᠳᠣᠲᠣᠷ᠎ᠠ ᠬᠤᠳᠠᠯᠳᠤᠬᠤ᠂ ᠲᠦᠷᠢᠶᠡᠰᠦᠯᠡᠭᠦᠯᠬᠦ ᠪᠤᠶᠤ ᠬᠡᠷᠡᠭᠴᠡᠭᠡ ᠶᠢ ᠨᠢ ᠬᠤᠪᠢᠷᠠᠭᠤᠯᠵᠤ ᠪᠣᠯᠬᠤ ᠦᠭᠡᠶ᠃ | ︵ᠭᠤᠷᠪᠠ︶ ᠰᠢᠨ᠎ᠡ ᠲᠣᠭᠤᠷᠢᠭ ᠤᠨ ᠮᠥᠩᠭᠦᠨ ᠭᠦᠢᠯᠭᠡᠭᠡᠨ ᠤ ᠵᠢᠵᠢᠭ ᠪᠠᠯᠭᠠᠰᠤ᠂ ᠲᠤᠭ᠎ᠠ ᠪᠥᠭᠡᠮᠨᠡᠷᠡᠯ ᠤᠨ | ᠵᠢᠵᠢᠭ ᠪᠠᠯᠭᠠᠰᠤᠨ ᠤ ᠲᠥᠯᠥᠪᠵᠢᠭᠦᠯᠭᠡ ᠶᠢᠨ ᠬᠦᠷᠢᠶ᠎ᠡ ᠬᠡᠪᠴᠢᠶ᠎ᠡ ᠪᠤᠶᠤ ᠰᠢᠨ᠎ᠡ ᠲᠣᠭᠤᠷᠢᠭ ᠤᠨ ᠵᠢᠭᠠᠨ | ᠲᠣᠭᠲᠠᠭᠠᠭᠰᠠᠨ ᠪᠤᠰᠤᠳ ᠣᠷᠣᠨ ᠬᠡᠪᠴᠢᠶᠡᠨ ᠳᠣᠲᠣᠷᠠᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠲᠦᠷᠢᠶᠡᠰᠦᠯᠡᠵᠦ ᠥᠪᠡᠷᠲᠡᠭᠡᠨ ᠬᠡᠷᠡᠭᠯᠡᠬᠦ ᠠᠯᠪᠠᠨ ᠬᠡᠷᠡᠭᠯᠡᠭᠡᠨ ᠤ ᠭᠡᠷ ᠪᠠᠶᠢᠰᠢᠩ ᠪᠣᠯᠭᠠᠬᠤ ᠶᠡᠷᠦᠩᠬᠡᠶ ᠬᠡᠯᠲᠡᠰ ᠤᠨ | ᠠᠵᠤ ᠠᠬᠤᠶᠢᠯᠠᠯ ︵ᠲᠦᠷᠢᠶᠡᠰᠦᠯᠡᠬᠦ ᠲᠠᠯᠠᠪᠠᠶ ᠨᠢ 300m2ᠵᠢᠴᠢ ᠲᠡᠭᠦᠨ ᠠᠴᠠ ᠳᠣᠷᠣᠭᠰᠢᠬᠢ ᠬᠡᠰᠡᠭ ᠢ ᠨᠢ | ᠣᠨ ᠤ ᠲᠦᠷᠢᠶᠡᠰᠦᠨ ᠮᠥᠩᠭᠦ ᠪᠠᠷ ᠲᠦᠷᠦᠭᠦᠤ 3 ᠵᠢᠯ ᠳᠤ 100%᠂ 4 ᠳ᠋ᠦ᠋ᠭᠡᠷ ᠵᠢᠯ ᠠᠴᠠ 5 ᠳ᠋ᠤᠭᠠᠷ ᠵᠢᠯ ᠳᠤ | 50% ᠶᠢᠨ ᠲᠦᠷᠢᠶᠡᠰᠦᠯᠡᠬᠦ ᠨᠦᠬᠦᠪᠦᠷᠢ ᠣᠯᠭᠤᠨ᠎ᠠ︔ 300m2 ᠠᠴᠠ ᠬᠡᠲᠦᠷᠡᠭᠰᠡᠨ ᠬᠡᠰᠡᠭ ᠢ ᠨᠢ ᠠᠵᠤ | ᠠᠬᠤᠶᠢᠯᠠᠯ ᠥᠪᠡᠰᠦᠪᠡᠨ ᠥᠭᠭᠦᠨ᠎ᠡ᠃ ᠨᠥᠬᠦᠪᠥᠷᠢ ᠥᠭᠬᠦ ᠲᠠᠯᠠᠪᠠᠶ ᠶᠢᠨ ᠪᠠᠷᠢᠮᠵᠢᠶ᠎ᠠ ᠶᠢ ᠬᠥᠮᠦᠨ | ᠪᠦᠷᠢ10m2 ᠠᠴᠠ ᠬᠡᠲᠦᠷᠡᠭᠦᠯᠵᠦ ᠪᠣᠯᠬᠤ ᠦᠭᠡᠶ᠂ ᠠᠵᠤ ᠠᠬᠤᠶᠢᠯᠠᠯ ᠯᠤᠭ᠎ᠠ ᠬᠥᠳᠡᠯᠮᠦᠷᠢ ᠶᠢᠨ ᠭᠡᠷ᠎ᠡ | ᠲᠣᠭᠲᠠᠬᠤ ᠶᠢᠨ ᠬᠠᠮᠲᠤ ᠨᠡᠶᠢᠭᠡᠮ ᠤᠨ ᠳᠠᠭᠠᠳᠬᠠᠯ ᠲᠤᠰᠢᠶᠠᠭᠰᠠᠨ ᠠᠵᠢᠯᠲᠠᠨ ᠤ ᠲᠤᠭ᠎ᠠ ᠪᠠᠷ ᠪᠠᠷᠢᠮᠵᠢᠶ᠎ᠠ ᠪᠣᠯᠭᠠᠨ᠎ᠠ᠃ | | ᠭᠤᠷᠪᠠᠳᠤᠭᠠᠷ ᠪᠦᠯᠦᠭ ᠳᠠᠭᠠᠯᠳᠤᠭᠤᠯᠤᠯ ᠲᠦᠷᠢᠮ | ᠨᠠᠢᠮᠠᠳᠤᠭᠠᠷ ᠵᠦᠢᠯ ᠣᠷᠣᠵᠤ ᠨᠤᠲᠤᠭᠰᠢᠬᠤ ᠶᠡᠷᠦᠩᠬᠡᠶ ᠬᠡᠯᠲᠡᠰ ᠤᠨ ᠠᠵᠤ ᠠᠬᠤᠶᠢᠯᠠᠯ ᠨᠢ ᠰᠢᠨ᠎ᠡ | ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠣᠷᠣᠵᠤ ᠨᠤᠲᠤᠭᠰᠢᠬᠤ ᠬᠡᠯᠡᠯᠴᠡᠭᠡᠷ ᠲᠤ ᠭᠠᠷ ᠤᠨ | ᠦᠰᠦᠭ ᠵᠢᠷᠤᠵᠤ᠂ 10 ᠵᠢᠯ ᠤᠨ ᠳᠣᠲᠣᠷ᠎ᠠ ᠨᠡᠭᠦᠵᠦ ᠶᠠᠪᠤᠬᠤ ᠥᠬᠡᠶ ᠮᠥᠷᠲᠡᠭᠡᠨ ᠬᠠᠤᠯᠢ ᠶᠣᠰᠣᠭᠠᠷ | ᠲᠤᠬᠠᠶᠢᠯᠠᠭᠰᠠᠨ ᠠᠵᠢᠯ ᠢᠶᠠᠨ ᠦᠷᠨᠢᠭᠦᠯᠦᠨ᠎ᠡ ᠭᠡᠵᠦ ᠠᠮᠠᠯᠳᠠᠬᠤ ᠬᠡᠷᠡᠭᠲᠡᠢ᠃ ᠬᠡᠷᠪᠡ 10 ᠵᠢᠯ ᠤᠨ ᠳᠣᠲᠣᠷ᠎ᠠ | ᠨᠡᠭᠦᠵᠦ ᠶᠠᠪᠤᠭᠰᠠᠨ ᠪᠤᠶᠤ ᠲᠤᠬᠠᠶᠢᠯᠠᠭᠰᠠᠨ ᠠᠵᠢᠯ ᠢᠶᠠᠨ ᠦᠷᠨᠢᠭᠦᠯᠦᠭᠰᠡ ᠦᠭᠡᠢ ᠪᠣᠯ᠂ ᠨᠢᠭᠡᠨᠲᠡ ᠬᠦᠷᠲᠡᠭᠰᠡᠨ ᠡᠯ᠎ᠡ | ᠲᠥᠷᠥᠯ ᠤᠨ ᠨᠥᠬᠦᠪᠥᠷᠢ ᠪᠣᠯᠤᠨ ᠱᠠᠩᠨᠠᠯ ᠤᠨ ᠮᠦᠩᠭᠦ ᠶᠢ ᠪᠤᠴᠠᠭᠠᠬᠤ ᠬᠡᠷᠡᠭᠲᠡᠶ᠃ ᠨᠥᠬᠦᠪᠥᠷᠢ ᠪᠠ ᠱᠠᠩᠨᠠᠯ ᠤᠨ | ᠮᠦᠩᠭᠦ ᠶᠢ ᠪᠤᠴᠠᠭᠠᠬᠤ ᠦᠭᠡᠢ ᠡᠯ᠎ᠡ ᠲᠥᠷᠥᠯ ᠤᠨ ᠣᠷᠣᠵᠣ ᠨᠣᠲᠣᠭᠰᠢᠭᠰᠠᠨ ᠠᠵᠤ ᠠᠬᠤᠶᠢᠯᠠᠯ ᠳᠤ᠂ ᠲᠡᠭᠦᠨ ᠤ | ᠬᠠᠤᠯᠢ ᠶᠢᠨ ᠡᠷᠬᠡᠲᠡᠨ ᠤ ᠨᠢᠭᠡᠴᠡ ᠵᠢᠴᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢ ᠰᠢᠨ᠎ᠡ ᠲᠣᠭᠤᠷᠢᠭ ᠤᠨ | ᠢᠲᠡᠭᠡᠮᠵᠢ ᠶᠢᠨ ᠰᠢᠰᠲ᠋ᠧᠮᠵᠢ ᠶᠢᠨ ︽ᠬᠠᠷ᠎ᠠ ᠳᠠᠩᠰᠠ︾ ᠳᠤ ᠣᠷᠣᠭᠤᠯᠬᠤ ᠶᠢᠨ ᠬᠠᠮᠲᠤ ᠬᠠᠮᠢᠶ᠎ᠠ ᠪᠦᠬᠦᠢ | ᠵᠠᠭᠤᠴᠢᠯᠠᠭᠤᠷ ᠢᠶᠠᠷ ᠨᠡᠶᠢᠲᠡᠯᠡᠬᠦ ᠪᠣᠯᠣᠨ᠎ᠠ᠃ | ᠶᠢᠰᠦᠳᠦᠭᠡᠷ ᠵᠦᠢᠯ ᠬᠡᠷᠡᠭᠵᠢᠭᠦᠯᠬᠦ ᠶᠠᠪᠤᠴᠠ ᠳᠤ᠂ ᠰᠢᠨ᠎ᠡ ᠲᠣᠭᠤᠷᠢᠭ ᠤᠨ ᠠᠳᠠᠯᠢ ᠲᠥᠷᠥᠯ ᠤᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ ᠨᠡᠶᠢᠴᠡᠵᠦ ᠪᠠᠶᠢᠪᠠᠯ᠂ ᠥᠨᠳᠥᠷ ᠠᠴᠠ ᠡᠬᠢᠯᠡᠨ ᠳᠠᠪᠬᠤᠷᠳᠠᠭᠤᠯᠤᠨ | ᠬᠦᠷᠲᠡᠭᠡᠬᠦ ᠦᠭᠡᠶ ᠵᠠᠷᠴᠢᠮ ᠢ ᠬᠡᠷᠡᠭᠯᠡᠨ᠎ᠡ᠃ ᠬᠡᠷᠪᠡ ᠤᠯᠤᠰ ᠤᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ | ᠲᠣᠬᠢᠶᠠᠯᠳᠤᠪᠠᠯ᠂ ᠤᠯᠤᠰ ᠤᠨ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ᠃ | ᠠᠷᠪᠠᠳᠤᠭᠠᠷ ᠵᠦᠢᠯ ᠬᠥᠬᠡᠬᠤᠲᠠ ᠶᠢᠨ ᠣᠳᠣ ᠪᠠᠶᠢᠭ᠎ᠠ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ | ᠬᠡᠪᠴᠢᠶᠡᠨ ᠳᠣᠲᠣᠷ᠎ᠠ᠂ ᠨᠢᠭᠡᠨᠲᠡ ᠳᠠᠩᠰᠠᠯᠠᠭᠤᠯᠤᠭᠰᠠᠨ ᠶᠡᠷᠦᠩᠬᠡᠶ ᠬᠡᠯᠲᠡᠰ ᠤᠨ ᠠᠵᠤ ᠠᠬᠤᠶᠢᠯᠠᠯ ᠰᠢᠨ᠎ᠡ | ᠲᠣᠭᠤᠷᠢᠭ ᠲᠤ ᠨᠡᠭᠦᠵᠦ ᠣᠴᠢᠬᠤ ᠳᠤ ᠲᠤᠰ ᠲᠥᠷᠥ ᠶᠢᠨ ᠪᠣᠳᠣᠯᠭ᠎ᠠ ᠶᠢ ᠬᠦᠷᠲᠡᠬᠦ ᠦᠭᠡᠶ᠃ | ᠠᠷᠪᠠᠨ ᠨᠢᠭᠡᠳᠦᠭᠡᠷ ᠵᠦᠢᠯ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ ᠬᠤᠯᠪᠣᠭᠳᠠᠬᠤ ᠡᠯ᠎ᠡ | ᠲᠥᠷᠥᠯ ᠤᠨ ᠨᠥᠬᠦᠪᠥᠷᠢ ᠪᠣᠯᠤᠨ ᠱᠠᠩᠨᠠᠯ ᠤᠨ ᠪᠡᠯᠡ ᠮᠥᠩᠭᠦ ᠶᠢ ᠬᠤᠯᠪᠣᠭᠳᠠᠯ ᠪᠦᠬᠦᠢ ᠡᠳ᠋ ᠤᠨ ᠵᠠᠰᠠᠭ ᠠᠴᠠ ᠵᠢᠯ | ᠪᠦᠷᠢ ᠲᠥᠰᠦᠪ ᠳᠠᠬᠢᠨ ᠲᠣᠬᠢᠷᠠᠭᠤᠯᠤᠨ᠎ᠠ᠃ | ᠠᠷᠪᠠᠨ ᠬᠤᠶᠠᠳᠤᠭᠠᠷ ᠵᠦᠢᠯ ᠲᠤᠰ ᠲᠦᠷᠦ ᠶᠢᠨ ᠪᠤᠳᠤᠯᠭ᠎ᠠ ᠶᠢ ᠰᠢᠨ᠎ᠡ ᠲᠣᠭᠤᠷᠢᠭ ᠤᠨ ᠡᠳ᠋ ᠤᠨ ᠵᠠᠰᠠᠭ | ᠮᠥᠩᠭᠦᠨ ᠭᠦᠢᠯᠭᠡᠭᠡᠨ ᠤ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | ᠠᠷᠪᠠᠨ ᠭᠤᠷᠪᠠᠳᠤᠭᠠᠷ ᠵᠦᠢᠯ ᠬᠦᠬᠡᠬᠤᠲᠠ ᠶᠢᠨ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠨᠢ ᠲᠤᠰ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠵᠦ᠂ ᠪᠣᠳᠠᠲᠠᠶ ᠪᠡᠶᠡᠯᠡᠭᠦᠯᠬᠦ | ᠬᠠᠷᠢᠭᠤᠴᠠᠯᠭ᠎ᠠ ᠶᠢ ᠲᠦᠷᠥᠯ ᠵᠦᠢᠯ ᠢ ᠲᠠᠲᠠᠨ ᠣᠷᠣᠭᠤᠯᠣᠭᠰᠠᠨ ᠣᠷᠣᠨ ᠨᠤᠲᠤᠭ ᠤᠨ ᠵᠠᠰᠠᠭ ᠤᠨ ᠣᠷᠳᠣᠨ ᠠᠴᠠ | ᠬᠠᠷᠢᠭᠤᠴᠠᠨ᠎ᠠ᠃ | ᠲᠣᠰ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠠᠴᠠ | ᠬᠡᠷᠡᠭᠵᠢᠭᠦᠯᠦᠨ᠎ᠡ᠃ |