︽ᠬᠥᠬᠡᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠠᠷᠭ᠎ᠠ︾
ᠨᠡᠶᠢᠲᠡᠯᠡᠭᠰᠡᠨ ᠴᠠᠭ᠄
2021/1/11
                ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠵᠠᠷᠯᠢᠭ 14 ᠳ᠋ᠤᠭᠡᠷ ᠲᠤᠭᠠᠳᠤ                 2020 ᠣᠨ ᠤ 8 ᠳ᠋ᠤᠭᠠᠷ ᠰᠠᠷ᠎ᠠ ᠶᠢᠨ 30 ᠤ ᠡᠳᠦᠷ      ︽ᠬᠥᠬᠡᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠠᠷᠭ᠎ᠠ︾ ᠶᠢ 2020 ᠣᠨ ᠤ 1 ᠳ᠋ᠤᠭᠡᠷ ᠰᠠᠷ᠎ᠠ ᠶᠢᠨ 6 ᠤ ᠡᠳᠦᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠡᠳᠦᠭᠡ ᠨᠡᠶᠢᠳᠡᠯᠡᠪᠡ᠂ 2020 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                 ᠬᠤᠲᠠ ᠶᠢᠨ ᠳᠠᠷᠤᠭ᠎ᠠ ᠵᠠᠩ ᠪᠠᠢ ᠴᠧᠩ                                  2020 ᠣᠨ ᠤ 8 ᠳ᠋ᠤᠭᠠᠷ ᠰᠠᠷ᠎ᠠ ᠶᠢᠨ 30 ᠤ ᠡᠳᠦᠷ              ᠬᠥᠬᠡᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠠᠷᠭ᠎ᠠ      ᠨᠢᠭᠡᠳᠦᠭᠡᠷ ᠪᠦᠯᠦᠭ ᠶᠡᠷᠦᠩᠬᠡᠶ ᠲᠦᠷᠢᠮ      ᠨᠢᠭᠡᠳᠦᠭᠡᠷ ᠵᠦᠢᠯ   ᠲᠣᠰ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ  ᠶᠢ ᠴᠢᠩᠭᠠᠳᠬᠠᠵᠤ᠂ ᠠᠮᠢᠳᠤᠷᠠᠯ ᠤᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠤᠷ ᠦᠭᠡᠶᠢᠳᠡᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠤᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ︾᠂ ︽ᠬᠤᠲᠠ ᠶᠢᠨ ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠠᠷᠭ᠎ᠠ︾᠂ ︽ᠬᠥᠬᠡᠬᠤᠲᠠ ᠶᠢᠨ ᠬᠤᠲᠠ ᠶᠢᠨ ᠦᠩᠭᠡ ᠲᠦᠷᠬᠦ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠥᠨᠳᠦᠰᠦᠯᠡᠵᠦ᠂ ᠲᠣᠰ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ    ᠲᠣᠰ ᠬᠤᠲᠠ ᠶᠢᠨ ᠬᠠᠷᠢᠶ᠎ᠠ ᠤᠷᠤᠨ ᠤ ᠬᠤᠲᠠᠴᠢᠯᠠᠭᠰᠠᠨ ᠭᠠᠵᠠᠷ ᠣᠷᠣᠨ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠵᠢᠴᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠣᠲᠣᠷᠠᠬᠢ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ᠂ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠵᠢᠴᠢ ᠬᠤᠯᠪᠤᠭᠳᠠᠯ ᠪᠦᠬᠦᠢ ᠬᠠᠮᠢᠶᠠᠷᠤᠯᠲᠠ ᠶᠢᠨ ᠠᠵᠢᠯᠯᠠᠭ᠎ᠠ ᠳᠤ ᠲᠣᠰ ᠠᠷᠭ᠎ᠠ ᠲᠣᠬᠢᠷᠠᠨ᠎ᠠ᠃      ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠶ ᠬᠠᠶᠠᠭᠳᠠᠮᠠᠯ ᠪᠣᠳᠠᠰ᠂ ᠲᠣᠭᠤᠭᠠᠨ ᠭᠡᠷ ᠤᠨ ᠬᠤᠭ ᠨᠣᠪᠰᠢ ︵ᠬᠠᠶᠠᠭᠳᠠᠮᠠᠯ ᠢᠳᠡᠰᠢᠨ ᠦᠭᠡᠬᠦ ᠲᠤᠰᠤ ᠪᠠᠭᠲᠠᠨ᠎ᠠ︶ ᠶᠢᠨ ᠬᠠᠮᠢᠶᠠᠷᠤᠯᠲᠠ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ︾᠂ ︽ᠬᠥᠬᠡᠬᠤᠲᠠ ᠶᠢᠨ ᠲᠤᠭᠤᠭᠠᠨ ᠭᠡᠷ ᠤᠨ ᠬᠤᠭ ᠨᠣᠪᠰᠢ ᠶᠢ ᠬᠤᠤᠷ ᠦᠭᠡᠶᠢᠳᠡᠭᠦᠯᠦᠨ ᠰᠢᠢᠳᠪᠦᠷᠢᠯᠡᠬᠦ ᠬᠠᠮᠢᠶᠠᠷᠤᠯᠲᠠ ᠶᠢᠨ ᠠᠷᠭ᠎ᠠ︾᠂ ︽ᠬᠥᠬᠡᠬᠤᠲᠠ ᠶᠢᠨ ᠬᠠᠶᠠᠭᠳᠠᠮᠠᠯ ᠢᠳᠡᠰᠢᠨ ᠥᠭᠡᠬᠦ ᠲᠣᠰᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      ᠭᠤᠷᠪᠠᠳᠤᠭᠠᠷ ᠵᠦᠢᠯ   ᠠᠮᠢᠳᠤᠷᠠᠯ ᠤᠨ ᠬᠤᠭ ᠨᠣᠪᠰᠢ ᠭᠡᠳᠡᠭ ᠪᠣᠯ ᠡᠳᠦᠷ ᠲᠤᠲᠤᠮ ᠤᠨ ᠠᠮᠢᠳᠤᠷᠠᠯ ᠳᠤᠮᠳᠠ ᠪᠣᠶᠤ ᠡᠳᠦᠷ ᠲᠤᠲᠤᠮ ᠤᠨ ᠠᠮᠢᠳᠤᠷᠠᠯ ᠳᠤ ᠦᠢᠯᠡᠴᠢᠯᠡᠭᠡ ᠬᠠᠩᠭᠠᠬᠤ ᠠᠵᠢᠯᠯᠠᠭ᠎ᠠ ᠳᠤᠮᠳᠠ ᠡᠭᠦᠰᠦᠭᠰᠡᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠵᠢᠴᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠠᠮᠢᠳᠤᠷᠠᠯ ᠤᠨ ᠬᠤᠭ ᠨᠣᠪᠰᠢ ᠭᠡᠵᠦ ᠲᠣᠭᠲᠠᠭᠠᠭᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠵᠢᠭᠠᠵᠤ ᠪᠠᠶᠢᠨ᠎ᠠ᠃      ᠲᠦᠷᠪᠡᠳᠦᠭᠡᠷ ᠵᠦᠢᠯ   ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠠᠪᠴᠤ ᠪᠣᠯᠬᠤ ᠪᠣᠳᠠᠰ᠂ ᠲᠣᠭᠤᠭᠠᠨ ᠭᠡᠷ ᠤᠨ ᠬᠤᠭ ᠨᠣᠪᠰᠢ᠂ ᠬᠤᠣᠷᠲᠠᠢ ᠬᠤᠭ ᠨᠣᠪᠰᠢ ᠪᠠ ᠪᠤᠰᠤᠳ ᠬᠤᠭ ᠨᠣᠪᠰᠢ ᠭᠡᠵᠦ ᠬᠤᠪᠢᠶᠠᠨ᠎ᠠ᠃ ᠪᠣᠳᠠᠲᠠᠶ ᠳᠣᠤᠷᠠᠬᠢ ᠪᠠᠷᠢᠮᠵᠢᠶ᠎ᠠ ᠶᠣᠰᠣᠭᠠᠷ ᠲᠥᠷᠥᠯ ᠬᠤᠪᠢᠶᠠᠬᠤ ᠬᠡᠷᠡᠭᠲᠡᠶ᠄      ︵ᠨᠢᠭᠡ︶ ᠬᠤᠷᠢᠶᠠᠨ ᠠᠪᠴᠤ ᠪᠣᠯᠬᠤ ᠪᠣᠳᠠᠰ᠂ ᠬᠤᠷᠢᠶᠠᠨ ᠠᠪᠬᠤ ᠪᠠ ᠡᠬᠢ ᠪᠠᠶᠠᠯᠢᠭ ᠢ ᠲᠠᠬᠢᠨ ᠠᠰᠢᠭᠯᠠᠬᠤ ᠳᠤ ᠲᠤᠬᠢᠷᠠᠬᠤ ᠡᠳ᠋ ᠪᠣᠳᠠᠰ ᠢ ᠵᠢᠭᠠᠨ᠎ᠠ᠂ ᠡᠭᠦᠨ ᠳᠤ ᠬᠠᠶᠠᠭᠳᠠᠮᠠᠯ ᠴᠠᠭᠠᠰᠤ᠂ ᠬᠠᠶᠠᠭᠳᠠᠮᠠᠯ ᠰᠦᠯᠢᠶᠣᠣ ᠂ ᠬᠠᠶᠠᠭᠳᠠᠮᠠᠯ ᠲᠡᠮᠦᠷᠯᠢᠭ᠂ ᠬᠠᠶᠠᠭᠳᠠᠮᠠᠯ ᠰᠢᠯ᠂ ᠬᠠᠶᠠᠭᠳᠠᠮᠠᠯ ᠬᠠᠭᠤᠴᠢᠨ ᠨᠡᠬᠡᠮᠡᠯ ᠪᠣᠳᠠᠰ᠂ ᠬᠠᠶᠠᠭᠳᠠᠮᠠᠯ ᠪᠣᠭᠤᠳᠠᠯᠯᠠᠬᠤ ᠡᠳ᠋ ᠵᠡᠷᠭᠡ ᠪᠠᠭᠲᠠᠨ᠎ᠠ︔      ︵ᠬᠤᠶᠠᠷ︶ ᠲᠣᠭᠤᠭᠠᠨ ᠭᠡᠷ ᠤᠨ ᠬᠤᠭ ᠨᠣᠪᠰᠢ᠂ ᠭᠡᠷ ᠪᠦᠯᠢ ᠶᠢᠨ ᠡᠳᠦᠷ ᠲᠤᠲᠤᠮ ᠤᠨ ᠠᠮᠢᠳᠤᠷᠠᠯ ᠳᠤᠮᠳᠠ ᠭᠠᠷᠤᠭᠰᠠᠨ ᠲᠣᠭᠤᠭᠠᠨ ᠭᠡᠷ ᠤᠨ ᠬᠠᠶᠠᠭᠳᠠᠮᠠᠯ ᠪᠣᠳᠠᠰ ᠪᠠ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠠᠴᠠ ᠭᠠᠷᠤᠭᠰᠠᠨ ᠠᠮᠠᠷᠬᠠᠨ ᠢᠯᠵᠢᠷᠡᠬᠦ ᠴᠢᠨᠠᠷᠲᠠᠶ ᠣᠷᠭᠠᠨᠢᠭ ᠬᠠᠶᠠᠭᠳᠠᠮᠠᠯ ᠪᠣᠳᠠᠰ ᠢ ᠵᠢᠭᠠᠨ᠎ᠠ᠂ ᠡᠭᠦᠨ ᠳᠤ ᠬᠠᠲᠠᠭᠤ ᠪᠡᠶᠡᠲᠦ ᠢᠳᠡᠭᠡᠨ᠂ ᠥᠨᠳᠡᠭᠡᠨ ᠬᠠᠯᠢᠰᠤ᠂ ᠭᠤᠸᠠ ᠵᠢᠮᠢᠰ ᠤᠨ ᠬᠠᠯᠢᠰᠤ ᠴᠥᠮ᠎ᠡ᠂ ᠴᠠᠢ ᠶᠢᠨ ᠰᠢᠭᠠᠷᠤ ᠪᠠ ᠬᠠᠶᠠᠭᠳᠠᠮᠠᠯ ᠨᠣᠭᠤᠭ᠎ᠠ ᠶᠢᠨ ᠨᠠᠪᠴᠢ᠂ ᠮᠢᠬ᠎ᠠ ᠬᠡᠮᠬᠡᠷᠬᠡᠶ ᠶᠠᠰᠤ᠂ ᠢᠯᠵᠢᠷᠡᠭᠰᠡᠨ ᠮᠢᠬ᠎ᠠ ᠵᠡᠷᠭᠡ ᠪᠠᠭᠲᠠᠨ᠎ᠠ᠃      ︵ᠭᠤᠷᠪᠠ︶ ᠬᠤᠤᠷᠳᠠᠢ ᠬᠤᠭ ᠨᠣᠪᠰᠢ᠂ ᠬᠥᠮᠦᠨ ᠤ ᠪᠡᠶ᠎ᠡ ᠶᠢᠨ ᠡᠷᠡᠭᠦᠯ ᠮᠡᠨᠳᠦ ᠪᠤᠶᠤ ᠪᠠᠶᠢᠭᠠᠯᠢ ᠶᠢᠨ ᠣᠷᠴᠢᠨ ᠲᠣᠭᠤᠷᠢᠨ ᠳᠤ ᠰᠢᠭᠤᠳ ᠪᠤᠶᠤ ᠳᠠᠯᠳᠠ ᠬᠤᠣᠷ ᠬᠥᠨᠥᠭᠡᠯ ᠪᠣᠯᠬᠤ ᠠᠮᠢᠳᠤᠷᠠᠯ ᠤᠨ ᠬᠠᠶᠠᠭᠳᠠᠮᠠᠯ ᠪᠣᠳᠠᠰ ᠢ ᠵᠢᠭᠠᠨ᠎ᠠ᠂ ᠡᠭᠦᠨ ᠳᠤ ᠬᠠᠶᠠᠭᠳᠠᠮᠠᠯ ᠴᠡᠨᠡᠭ ︵ᠺᠠᠳ᠋ᠮᠢ ᠨᠢᠺᠧᠯ ᠴᠡᠨᠡᠭ᠂ ᠮᠥᠩᠭᠦᠨ ᠤᠰᠤᠨ ᠤ ᠢᠰᠦᠯ ᠤᠨ ᠴᠡᠨᠡᠭ᠂ ᠲᠤᠭᠤᠯᠭᠠᠨ ᠬᠡᠯᠬᠢᠶ᠎ᠡ ᠴᠡᠨᠡᠭ ᠵᠡᠷᠭᠡ︶᠂ ᠴᠡᠭᠡᠨ ᠳ᠋ᠧᠩ ᠤᠨ ᠬᠤᠭᠤᠯᠠᠶ ︵ᠨᠡᠷᠡᠨ ᠭᠡᠷᠡᠯ ᠤᠨ ᠳ᠋ᠧᠩ ᠤᠨ ᠬᠤᠭᠤᠯᠠᠢ᠂ ᠡᠨᠧᠷᠭᠢ ᠠᠷᠪᠢᠯᠠᠬᠤ ᠳ᠋ᠧᠩ ᠵᠡᠷᠭᠡ︶᠂ ᠳᠤᠯᠠᠭᠠᠨ ᠤ ᠬᠡᠮᠵᠢᠭᠦᠷ᠂ ᠴᠢᠰᠤᠨ ᠳᠠᠷᠤᠯᠲᠠ ᠶᠢᠨ ᠬᠡᠮᠵᠢᠭᠦᠷ᠂ ᠡᠮ ᠤᠨ ᠵᠦᠢᠯ ᠵᠢᠴᠢ ᠰᠢᠷ᠂ ᠠᠭᠤᠰᠬᠠᠬᠤ ᠡᠮ᠂ ᠬᠤᠷᠣᠬᠠᠶ ᠠᠯᠠᠬᠤ ᠡᠮ᠂ ᠠᠷᠢᠭᠤᠳᠬᠠᠬᠤ ᠡᠳ᠋᠂ ᠹᠢᠯᠢᠮ᠂ ᠭᠡᠷᠡᠯ ᠵᠢᠷᠤᠭ  ᠤᠨ ᠴᠠᠭᠠᠰᠤ᠂ ᠲᠠᠷᠢᠶᠠᠨ ᠡᠮ ᠵᠢᠴᠢ ᠲᠡᠭᠦᠨ ᠤ ᠪᠤᠭᠤᠳᠠᠯᠯᠠᠬᠤ ᠡᠳ᠋ ᠵᠡᠷᠭᠡ ᠪᠠᠭᠳᠠᠨ᠎ᠠ᠃  ᡽      ︵ᠲᠦᠷᠪᠡ︶ ᠪᠤᠰᠤᠳ ᠬᠤᠭ ᠨᠣᠪᠰᠢ᠂ ᠬᠤᠤᠷᠳᠠᠢ ᠬᠤᠭ ᠨᠣᠪᠰᠢ᠂ ᠲᠣᠭᠤᠭᠠᠨ ᠭᠡᠷ ᠤᠨ ᠬᠤᠭ ᠨᠣᠪᠰᠢ᠂ ᠬᠤᠷᠢᠶᠠᠨ ᠠᠪᠴᠤ ᠪᠣᠯᠬᠤ ᠪᠣᠳᠠᠰ ᠠᠴᠠ ᠪᠤᠰᠤᠳ ᠠᠮᠢᠳᠤᠷᠠᠯ ᠤᠨ ᠬᠠᠶᠠᠭᠳᠠᠮᠠᠯ ᠪᠣᠳᠠᠰ ᠢ ᠵᠢᠭᠠᠨ᠎ᠠ᠂ ᠡᠭᠦᠨ ᠳᠤ  ᠨᠢᠭᠡᠯᠡ ᠤᠳᠠᠭ᠎ᠠ ᠬᠡᠷᠡᠭᠯᠡᠬᠦ ᠴᠠᠭᠠᠰᠤᠨ ᠬᠥᠯᠲᠦᠭ᠂ ᠬᠤᠭᠤᠯᠠᠨ ᠤ ᠴᠠᠭᠠᠰᠤ᠂ ᠲᠠᠮᠠᠬᠢᠨ ᠶᠤᠵᠤᠭᠤᠷ᠂ ᠱᠦᠭᠦᠷᠳᠡᠵᠦ ᠴᠡᠪᠡᠷᠯᠡᠭᠡᠳ ᠭᠠᠷᠤᠭᠰᠠᠨ ᠬᠤᠭ ᠰᠢᠷᠤᠢ ᠵᠡᠷᠭᠡ ᠪᠠᠭᠲᠠᠨ᠎ᠠ᠃      ᠲᠠᠪᠤᠳᠤᠭᠠᠷ ᠵᠦᠢᠯ   ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠳᠤ ᠵᠠᠰᠠᠭ ᠤᠨ ᠣᠷᠳᠣᠨ ᠠᠴᠠ ᠲᠦᠯᠬᠢᠬᠦ᠂ ᠪᠦᠬᠦ ᠠᠷᠠᠳ ᠢᠶᠠᠷ ᠢᠶᠠᠨ ᠣᠷᠣᠯᠴᠠᠬᠤ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠳᠥᠭᠦᠮ ᠬᠢᠯᠪᠠᠷ ᠬᠡᠷᠡᠭᠵᠢᠭᠦᠯᠬᠦ ᠳᠤ ᠠᠮᠠᠷᠬᠠᠨ ᠵᠠᠷᠴᠢᠮ ᠢ ᠪᠠᠷᠢᠮᠳᠠᠯᠠᠨ᠎ᠠ᠃      ᠵᠢᠷᠭᠤᠳᠤᠭᠠᠷ ᠵᠦᠢᠯ   ᠬᠤᠲᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠠᠵᠢᠯ ᠢ ᠲᠣᠰ ᠱᠠᠲᠤᠨ ᠤ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠦᠯᠦᠪᠵᠢᠭᠦᠯᠭᠡ ᠳᠤ ᠤᠷᠤᠭᠤᠯᠵᠤ᠂ ᠠᠮᠢᠳᠤᠷᠠᠯ ᠤᠨ ᠬᠤᠭ ᠨᠣᠪᠰᠢ ᠶᠢ ᠴᠤᠭᠯᠠᠭᠤᠯᠬᠤ᠂ ᠲᠡᠭᠡᠭᠡᠪᠦᠷᠢᠯᠡᠬᠦ ᠪᠠ ᠰᠢᠢᠳᠪᠦᠷᠢᠯᠡᠬᠦ ᠲᠥᠬᠦᠭᠡᠷᠦᠮᠵᠢ ᠶᠢᠨ ᠲᠦᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠵᠦ᠂ ᠦᠢᠯᠡᠳᠪᠦᠷᠢᠯᠡᠯ᠂ ᠬᠦᠢᠯᠭᠡᠭᠡ᠂ ᠬᠡᠷᠡᠭᠯᠡᠭᠡ ᠵᠡᠷᠭᠡ ᠬᠦᠷᠢᠶ᠎ᠡ ᠴᠠᠷᠠᠭ᠎ᠠ ᠶᠢ ᠬᠠᠮᠤᠷᠤᠭᠰᠠᠨ ᠠᠮᠢᠳᠤᠷᠠᠯ ᠤᠨ ᠬᠤᠭ ᠨᠣᠪᠰᠢ ᠶᠢᠨ ᠡᠬᠢ ᠡᠭᠦᠰᠦᠯ ᠤᠨ ᠬᠡᠮᠵᠢᠶ᠎ᠡ ᠶᠢ ᠪᠠᠭᠠᠰᠬᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠲᠦᠷᠦᠯ ᠬᠤᠪᠢᠶᠠᠨ ᠬᠠᠶᠠᠬᠤ᠂ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠲᠣᠭᠲᠠᠴᠠ ᠠᠷᠭ᠎ᠠ ᠬᠡᠮᠵᠢᠶ᠎ᠡ ᠶᠢ ᠪᠦᠷᠢᠨᠰᠢᠭᠦᠯᠦᠨ ᠲᠡᠭᠦᠯᠲᠡᠷᠵᠢᠬᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠵᠣᠬᠢᠴᠠᠭᠤᠯᠬᠤ ᠪᠠ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠠᠵᠢᠯ ᠤᠨ ᠠᠵᠢᠯᠲᠠᠨ ᠪᠣᠯᠤᠨ ᠵᠠᠷᠤᠳᠠᠯ ᠢ ᠪᠠᠲᠤᠯᠠᠬᠤ ᠬᠡᠷᠡᠭᠲᠡᠶ᠃ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠲᠣᠰ ᠬᠠᠷᠢᠶ᠎ᠠ ᠣᠷᠣᠨ ᠤ ᠪᠠᠨ ᠳᠣᠲᠣᠷᠠᠬᠢ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ ᠠᠵᠢᠯ ᠢ ᠬᠠᠷᠢᠭᠤᠴᠠᠨ᠎ᠠ᠃      ᠳᠣᠯᠣᠳᠤᠭᠠᠷ ᠵᠦᠢᠯ   ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯ ᠲᠣᠰ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠮᠦᠨ ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠠᠮᠢᠳᠤᠷᠠᠯ ᠤᠨ ᠬᠤᠭ ᠨᠣᠪᠰᠢ ᠶᠢ  ᠲᠦᠷᠦᠯ ᠬᠤᠪᠢᠶᠠᠨ ᠬᠠᠮᠢᠶᠠᠷᠬᠤ ᠲᠤᠰᠬᠠᠶ ᠲᠦᠷᠦᠯ ᠤᠨ ᠲᠦᠯᠦᠪᠵᠢᠭᠦᠯᠭᠡ ᠪᠠ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠤᠰᠬᠠᠶ ᠲᠦᠷᠦᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠤᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠶ᠃ ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠬᠠᠷᠠᠯᠲᠠ ᠪᠠ ᠲᠥᠷᠥᠯ ᠬᠤᠪᠢᠶᠠᠬᠤ ᠵᠦᠭᠯᠡᠭᠦᠷ ᠲᠤᠭᠲᠠᠭᠠᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠᠷᠢᠮᠵᠢᠶ᠎ᠠ᠂ ᠲᠡᠮᠳᠡᠭ᠂  ᠬᠠᠶᠠᠬᠤ ᠳᠦᠷᠢᠮ ᠵᠡᠷᠭᠡ ᠠᠭᠤᠯᠭ᠎ᠠ ᠶᠢ ᠲᠣᠳᠣᠷᠬᠠᠶᠢᠯᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠶ᠃      ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠰᠢᠶᠠᠩ᠂ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠲᠣᠰ ᠬᠠᠷᠢᠶ᠎ᠠ ᠣᠷᠣᠨ ᠤ ᠪᠠᠨ ᠲᠤᠳᠤᠷᠠᠬᠢ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠶ᠃      ᠨᠠᠢᠮᠠᠳᠤᠭᠠᠷ ᠵᠦᠢᠯ   ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠵᠤ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠪᠡᠯᠡᠳᠬᠡᠮᠵᠢ ᠳᠤ ᠬᠡᠷᠡᠭᠯᠡᠬᠦ ᠭᠠᠵᠠᠷ ᠤᠨ ᠪᠠᠳᠤᠯᠠᠭ᠎ᠠ ᠶᠢᠨ ᠠᠵᠢᠯ ᠢ ᠬᠠᠷᠢᠭᠤᠴᠠᠨ᠎ᠠ᠃      ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ ᠪᠠ ᠰᠢᠢᠳᠪᠦᠷᠢᠯᠡᠬᠦ ᠶᠠᠪᠤᠴᠠ ᠳᠤ ᠣᠷᠴᠢᠨ ᠲᠣᠭᠤᠷᠢᠨ ᠤ ᠪᠣᠬᠢᠷᠳᠤᠯ ᠢ ᠰᠡᠷᠭᠡᠶᠢᠯᠡᠨ ᠵᠠᠰᠠᠬᠤ ᠳᠤ ᠬᠢᠨᠠᠯᠲᠠ ᠲᠠᠯᠪᠢᠵᠤ ᠵᠢᠯᠣᠭᠤᠳᠬᠤ ᠠᠵᠢᠯ ᠢ ᠬᠠᠷᠢᠭᠤᠴᠠᠨ᠎ᠠ︔ ᠬᠤᠤᠷᠲᠠᠶ ᠬᠤᠭ ᠨᠣᠪᠰᠢ ᠰᠢᠢᠳᠪᠦᠷᠢᠯᠡᠬᠦ ᠦᠢᠯᠡᠳᠪᠦᠷᠢ ︵ᠲᠠᠯᠠᠪᠤᠷ︶ ᠪᠣᠯᠤᠨ ᠪᠡᠯᠡᠳᠬᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠡᠷᠡᠭᠦᠯ ᠬᠠᠮᠠᠭᠠᠯᠠᠯ ᠤᠨ ᠰᠢᠰᠲ᠋ᠧᠮ ᠤᠨ ᠡᠮᠴᠢᠯᠡᠭᠡᠨ ᠤ ᠬᠤᠭ ᠨᠣᠪᠰᠢ ᠪᠣᠯᠤᠨ ᠠᠮᠢᠳᠤᠷᠠᠯ ᠤᠨ ᠬᠤᠭ ᠨᠣᠪᠰᠢ ᠶᠢ ᠰᠠᠯᠭᠠᠬᠤ᠂ ᠲᠥᠷᠥᠯ ᠬᠤᠪᠢᠶᠠᠨ ᠬᠠᠮᠢᠶᠠᠷᠬᠤ ᠠᠵᠢᠯ ᠢ ᠬᠠᠷᠢᠭᠤᠴᠠᠬᠤ ᠶᠢᠨ ᠬᠠᠮᠳᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠ ᠤᠷᠴᠢᠯᠳᠤᠭᠤᠯᠤᠨ ᠠᠰᠢᠭᠯᠠᠬᠤ ᠠᠵᠢᠯ ᠤᠨ ᠪᠠᠶᠢᠳᠠᠯ ᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠲᠡᠷᠢᠭᠦᠨ ᠤ ᠨᠢᠭᠡᠴᠡ ᠶᠢ ᠡᠭᠦᠳᠦᠨ ᠪᠠᠶᠢᠭᠤᠯᠬᠤ ᠠᠵᠢᠯ ᠳᠤ ᠣᠷᠣᠭᠤᠯᠵᠤ ᠬᠢᠨᠠᠨ ᠰᠢᠯᠭᠠᠨ᠎ᠠ᠃      ᠬᠤᠲᠠ ᠶᠢᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠰᠤᠷᠭᠠᠭᠤᠯᠢ᠂ ᠬᠡᠤᠬᠡᠳ ᠤᠨ ᠴᠡᠴᠡᠷᠯᠢᠭ ᠵᠢᠴᠢ ᠪᠤᠰᠤᠳ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠳᠤ ᠬᠢᠨᠠᠯᠲᠠ ᠲᠠᠯᠪᠢᠵᠤ ᠵᠢᠯᠣᠭᠤᠳᠬᠤ ᠶᠢ ᠬᠠᠷᠢᠭᠤᠴᠠᠨ᠎ᠠ︔ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠴᠤᠭᠯᠠᠭᠤᠯᠬᠤ ᠶᠢ ᠤᠬᠠᠭᠤᠯᠤᠨ ᠳᠡᠯᠭᠡᠷᠡᠭᠦᠯᠬᠦ ᠠᠵᠢᠯ ᠢ ᠬᠠᠷᠢᠭᠤᠴᠠᠨ᠎ᠠ᠃ ᠰᠤᠷᠤᠭᠴᠢ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢᠨ ᠬᠢᠴᠢᠶᠡᠯ ᠤᠨ ᠪᠢᠴᠢᠭ ᠪᠣᠯᠤᠨ ᠤᠩᠰᠢᠬᠤ ᠪᠢᠴᠢᠭ ᠢ ᠵᠣᠬᠢᠶᠠᠨ ᠪᠠᠶᠢᠭᠤᠯᠤᠨ ᠨᠠᠶᠢᠷᠠᠭᠤᠯᠬᠤ ᠶᠢ ᠬᠠᠷᠢᠭᠤᠴᠠᠨ᠎ᠠ᠃      ᠬᠤᠲᠠ ᠶᠢᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠬᠤᠲᠠ ᠶᠢᠨ ᠲᠣᠰ ᠱᠠᠲᠤᠨ ᠤ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠵᠡᠷᠭᠡ ᠣᠯᠠᠨ ᠨᠡᠶᠢᠲᠡ ᠶᠢᠨ ᠪᠠᠶᠢᠭᠤᠯᠤᠮᠵᠢ ᠶᠢᠨ ᠠᠵᠢᠯᠯᠠᠬᠤ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠠᠵᠢᠯ ᠢ ᠲᠦᠯᠬᠢᠨ ᠠᠬᠢᠭᠤᠯᠬᠤ ᠪᠠ ᠵᠢᠯᠣᠭᠤᠳᠬᠤ ᠶᠢ ᠬᠠᠷᠢᠭᠤᠴᠠᠬᠤ ᠶᠢᠨ ᠬᠠᠮᠳᠤ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃      ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ᠂ ᠬᠤᠳᠠᠯᠳᠤᠭᠠᠨ ᠤ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠡᠳ᠋ ᠤᠨ ᠵᠠᠰᠠᠭ᠂ ᠵᠠᠮ ᠬᠠᠷᠢᠯᠴᠠᠭ᠎ᠠ᠂ ᠲᠠᠷᠢᠶᠠᠯᠠᠩ ᠮᠠᠯ ᠠᠵᠤ ᠠᠬᠤᠶ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠷᠠᠳ ᠤᠨ ᠶᠠᠪᠤᠳᠠᠯ᠂ ᠰᠣᠶᠣᠯ  ᠷᠠᠳᠢᠤ᠋ ᠲᠧᠯᠸᠢᠰ ᠵᠢᠭᠤᠯᠴᠢᠯᠠᠯ ᠵᠡᠷᠭᠡ ᠬᠤᠯᠪᠤᠭᠳᠠᠯ ᠪᠦᠬᠦᠢ ᠰᠠᠯᠠᠭ᠎ᠠ ᠮᠥᠴᠢᠷ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠶ᠃      ᠶᠢᠰᠦᠳᠦᠭᠡᠷ ᠵᠦᠢᠯ   ᠰᠢᠶᠠᠩ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠢᠯᠣᠭᠤᠳᠤᠯᠭ᠎ᠠ ᠳᠣᠤᠷ᠎ᠠ᠂ ᠬᠠᠷᠢᠶ᠎ᠠ ᠣᠷᠣᠨ ᠤ ᠪᠠᠨ ᠳᠣᠲᠣᠷᠠᠬᠢ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠠᠵᠢᠯ ᠢ ᠬᠠᠷᠢᠭᠤᠴᠠᠨ᠎ᠠ᠃      ᠰᠠᠭᠤᠭᠠᠯᠢ ᠠᠷᠠᠳ ︵ᠭᠠᠴᠠᠭ᠎ᠠ ᠲᠤᠰᠬᠤᠨ︶ ᠤᠨ ᠠᠷᠠᠳ ᠤᠨ ᠵᠥᠪᠯᠡᠯ ᠨᠢ ᠬᠠᠷᠢᠶ᠎ᠠ ᠣᠷᠣᠨ ᠤ ᠪᠠᠨ  ᠲᠤᠳᠤᠷᠠᠬᠢ ᠠᠮᠢᠳᠤᠷᠠᠯ ᠤᠨ ᠬᠤᠭ ᠨᠣᠪᠰᠢ ᠶᠢᠨ ᠡᠬᠢ ᠡᠭᠦᠰᠦᠯ ᠤᠨ ᠬᠡᠮᠵᠢᠶ᠎ᠡ ᠶᠢ ᠪᠠᠭᠠᠰᠬᠠᠬᠤ ᠪᠠ ᠲᠦᠷᠦᠯ ᠬᠤᠪᠢᠶᠠᠨ ᠬᠠᠶᠠᠬᠤ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ︔ ᠬᠠᠷᠢᠶ᠎ᠠ ᠣᠷᠣᠨ ᠤ ᠪᠠᠨ ᠳᠣᠲᠣᠷᠠᠬᠢ ᠨᠢᠭᠡᠴᠡ ᠪᠣᠯᠤᠨ ᠰᠠᠭᠤᠭᠠᠯᠢ ︵ᠲᠣᠰᠬᠤᠨ ᠤ︶ ᠠᠷᠠᠳ ᠤᠨ ᠠᠮᠢᠳᠤᠷᠠᠯ ᠤᠨ ᠬᠤᠭ ᠨᠣᠪᠰᠢ ᠶᠢᠨ ᠡᠬᠢ ᠡᠭᠦᠰᠦᠯ ᠤᠨ ᠬᠡᠮᠵᠢᠶ᠎ᠡ ᠶᠢ ᠪᠠᠭᠠᠰᠬᠠᠬᠤ ᠪᠠ ᠲᠥᠷᠥᠯ ᠬᠤᠪᠢᠶᠠᠨ ᠬᠠᠶᠠᠬᠤ ᠶᠢ ᠰᠢᠮᠳᠠᠭᠤᠯᠬᠤ ᠪᠠ ᠵᠢᠯᠣᠭᠤᠳᠬᠤ ᠶᠢ ᠬᠠᠷᠢᠭᠤᠴᠠᠨ᠎ᠠ᠃      ᠥᠮᠴᠢᠲᠡᠨ ᠤ ᠵᠥᠪᠯᠡᠯ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠬᠠᠮᠢᠶᠠᠷᠤᠯᠲᠠ ᠶᠢᠨ ᠣᠷᠣᠨ ᠤ ᠪᠠᠨ ᠲᠤᠳᠤᠷᠠᠬᠢ ᠠᠮᠢᠳᠤᠷᠠᠯ ᠤᠨ ᠬᠤᠭ ᠨᠣᠪᠰᠢ ᠶᠢᠨ ᠡᠬᠢ ᠡᠭᠦᠰᠦᠯ ᠤᠨ ᠬᠡᠮᠵᠢᠶ᠎ᠡ ᠶᠢ ᠪᠠᠭᠠᠰᠬᠠᠬᠤ ᠪᠠ ᠲᠥᠷᠥᠯ ᠬᠤᠪᠢᠶᠠᠨ ᠬᠠᠶᠠᠬᠤ ᠤᠬᠠᠭᠤᠯᠭ᠎ᠠ ᠶᠢᠨ ᠠᠵᠢᠯ ᠢ ᠥᠷᠨᠢᠭᠦᠯᠵᠦ᠂ ᠰᠠᠭᠤᠭᠠᠯᠢ ᠠᠷᠠᠳ ᠤᠨ ᠡᠬᠢ ᠡᠭᠦᠰᠦᠯ ᠠᠴᠠ ᠨᠢ ᠬᠡᠮᠵᠢᠶ᠎ᠡ ᠶᠢ ᠨᠢ ᠪᠠᠭᠠᠰᠬᠠᠬᠤ ᠪᠠ ᠠᠮᠢᠳᠤᠷᠠᠯ ᠤᠨ ᠬᠤᠭ ᠨᠤᠪᠰᠢ ᠶᠢ ᠲᠥᠷᠥᠯ ᠬᠤᠪᠢᠶᠠᠨ ᠬᠠᠶᠠᠬᠤ ᠶᠢ ᠳᠠᠶᠢᠴᠢᠯᠠᠬᠤ ᠪᠠ ᠵᠢᠯᠣᠭᠤᠳᠴᠤ᠂ ᠴᠡᠪᠡᠷᠯᠡᠭᠴᠢ ᠶᠢ ᠰᠢᠮᠳᠠᠭᠤᠯᠵᠤ ᠪᠠᠶᠢᠭᠠᠳ ᠬᠠᠮᠢᠶᠠᠷᠤᠯᠲᠠ ᠶᠢᠨ ᠣᠷᠣᠨ ᠤ ᠳᠣᠲᠣᠷᠠᠬᠢ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠬᠤ ᠠᠵᠢᠯ ᠢ ᠰᠠᠶᠢᠲᠤᠷ ᠬᠢᠯᠭᠡᠬᠦ ᠬᠡᠷᠡᠭᠲᠡᠶ᠃      ᠲᠣᠰ ᠬᠤᠲᠠ ᠶᠢᠨ ᠳᠠᠬᠢᠯᠲᠠ ᠡᠬᠢ ᠪᠠᠶᠠᠯᠢᠭ᠂ ᠠᠳᠠᠯ ᠠᠬᠤᠢ ᠶᠢᠨ ᠬᠠᠮᠢᠶᠠᠷᠤᠯᠲᠠ᠂ ᠢᠳᠡᠭᠡᠨ ᠤᠮᠳᠠᠭᠠᠨ᠂ ᠪᠠᠭᠤᠳᠠᠯ ᠵᠡᠷᠭᠡ ᠬᠤᠯᠪᠤᠭᠳᠠᠯ ᠪᠦᠬᠦᠢ ᠠᠵᠢᠯ ᠲᠥᠷᠥᠯ ᠤᠨ ᠨᠡᠶᠢᠭᠡᠮᠯᠢᠭ ᠤᠳ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠵᠢᠷᠤᠮᠵᠢᠯ ᠢ ᠲᠣᠭᠲᠠᠭᠠᠵᠤ᠂ ᠲᠤᠰ ᠠᠵᠢᠯ ᠲᠥᠷᠥᠯ ᠤᠨ ᠢᠶᠠᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠣᠯᠪᠠᠰᠤᠷᠠᠭᠤᠯᠤᠯ᠂ ᠮᠡᠷᠭᠡᠵᠢᠯ ᠤᠨ ᠵᠢᠯᠣᠭᠤᠳᠤᠯᠭ᠎ᠠ ᠶᠢ ᠥᠷᠨᠢᠭᠦᠯᠵᠦ᠂ ᠭᠡᠰᠢᠭᠦᠨ ᠨᠢᠭᠡᠴᠡ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯᠯᠠᠭ᠎ᠠ ᠥᠷᠨᠢᠭᠦᠯᠬᠦ ᠶᠢ ᠰᠢᠮᠳᠠᠭᠤᠯᠤᠨ ᠵᠢᠯᠤᠭᠤᠳᠬᠤ ᠬᠡᠷᠡᠭᠲᠡᠶ᠃      ᠠᠷᠪᠠᠳᠤᠭᠠᠷ ᠵᠦᠢᠯ   ᠶᠠᠮᠠᠷᠪᠠ ᠨᠢᠭᠡᠴᠡ ᠪᠣᠯᠤᠨ ᠬᠤᠪᠢ ᠬᠥᠮᠦᠨ ᠴᠥᠮ ᠠᠮᠢᠳᠤᠷᠠᠯ ᠤᠨ ᠬᠤᠭ ᠨᠣᠪᠰᠢ ᠶᠢᠨ ᠡᠬᠢ ᠡᠭᠦᠰᠦᠯ ᠤᠨ ᠬᠡᠮᠵᠢᠶ᠎ᠡ ᠶᠢ ᠪᠠᠭᠠᠰᠬᠠᠬᠤ ᠪᠠ ᠲᠥᠷᠥᠯ ᠬᠤᠪᠢᠶᠠᠨ ᠬᠠᠶᠠᠬᠤ ᠡᠭᠦᠷᠭᠡ ᠶᠢ ᠬᠦᠢᠴᠡᠳᠭᠡᠬᠦ ᠬᠡᠷᠡᠭᠲᠡᠶ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠵᠤ᠂ ᠠᠮᠢᠳᠤᠷᠠᠯ ᠤᠨ ᠬᠤᠭ ᠨᠣᠪᠰᠢ ᠭᠠᠷᠭᠠᠭᠰᠠᠳ ᠤᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃      ᠬᠡᠨ ᠭᠠᠷᠭᠠᠪᠠᠯ ᠬᠡᠨ ᠰᠦᠢᠳᠬᠡᠯ ᠲᠤᠰᠢᠶᠠᠬᠤ ᠵᠠᠷᠴᠢᠮ ᠶᠣᠰᠣᠭᠠᠷ᠂ ᠠᠮᠢᠳᠤᠷᠠᠯ ᠤᠨ ᠬᠤᠭ ᠨᠣᠪᠰᠢ ᠭᠠᠷᠭᠠᠬᠤ ᠨᠢᠭᠡᠴᠡ ᠪᠠ ᠬᠤᠪᠢ ᠬᠥᠮᠦᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠤᠭᠲᠠᠭᠠᠭᠰᠠᠨ ᠠᠮᠢᠳᠤᠷᠠᠯ ᠤᠨ ᠬᠤᠭ ᠨᠣᠪᠰᠢ ᠰᠢᠢᠳᠪᠦᠷᠢᠯᠡᠬᠦ ᠰᠦᠢᠳᠬᠡᠯ ᠬᠤᠷᠢᠶᠠᠬᠤ ᠪᠠᠷᠢᠮᠵᠢᠶ᠎ᠠ ᠪᠠ ᠬᠠᠮᠢᠶ᠎ᠠ ᠪᠦᠬᠦᠢ ᠲᠣᠭᠲᠠᠭᠠᠯ ᠶᠣᠰᠣᠭᠠᠷ ᠠᠮᠢᠳᠤᠷᠠᠯ ᠤᠨ ᠬᠤᠭ ᠨᠣᠪᠰᠢ ᠰᠢᠢᠳᠪᠦᠷᠢᠯᠡᠬᠦ ᠰᠦᠢᠳᠬᠡᠯ ᠲᠤᠰᠢᠶᠠᠬᠤ ᠬᠡᠷᠡᠭᠲᠡᠢ᠃ ᠪᠣᠳᠠᠲᠠᠢ ᠰᠦᠢᠳᠬᠡᠯ ᠬᠤᠷᠢᠶᠠᠬᠤ ᠪᠠᠷᠢᠮᠵᠢᠶ᠎ᠠ ᠪᠠ ᠬᠠᠮᠢᠶ᠎ᠠ ᠪᠦᠬᠦᠢ ᠲᠣᠭᠲᠠᠭᠠᠯ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠠᠰᠲᠠᠭᠠᠨ ᠲᠣᠭᠲᠠᠭᠠᠨ᠎ᠠ᠃      ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠵᠠᠷᠤᠳᠠᠯ ᠢ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ ᠪᠠ ᠰᠢᠢᠳᠪᠦᠷᠢᠯᠡᠬᠦ ᠳᠤ ᠲᠤᠰᠬᠠᠶ ᠬᠡᠷᠡᠭᠯᠡᠬᠦ ᠬᠡᠷᠡᠭᠲᠡᠶ᠃ ᠪᠤᠰᠤᠳ ᠵᠦᠢᠯ ᠳᠤ ᠰᠢᠯᠵᠢᠭᠦᠯᠦᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃      ᠠᠷᠪᠠᠨ ᠨᠢᠭᠡᠳᠦᠭᠡᠷ ᠵᠦᠢᠯ   ᠲᠣᠰ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ  ᠬᠤᠪᠢᠶᠠᠵᠤ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ ᠪᠠ ᠰᠢᠢᠳᠪᠦᠷᠢᠯᠡᠬᠦ ᠳᠤ ᠣᠨᠴᠠ ᠵᠥᠪᠰᠢᠶᠡᠷᠡᠭᠰᠡᠨ ᠡᠵᠡᠩᠨᠡᠯᠲᠡ ᠶᠢᠨ ᠳᠦᠷᠢᠮ ᠢ ᠭᠡᠷᠡᠭᠵᠢᠬᠦᠯᠵᠦ᠂ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠳᠠᠭᠠᠭᠠᠴᠢᠯᠠᠯᠲᠠ ᠵᠠᠷᠯᠠᠬᠤ ᠵᠡᠷᠭᠡ ᠭᠤᠤᠯᠴᠢ ᠥᠷᠢᠰᠥᠯᠳᠦᠭᠡᠨ ᠤ ᠠᠷᠭ᠎ᠠ ᠮᠠᠶ᠋ᠢᠭ ᠢᠶᠠᠷ ᠳᠠᠮᠵᠢᠭᠤᠯᠤᠨ ᠣᠨᠴᠠ ᠵᠥᠪᠰᠢᠶᠡᠷᠡᠭᠰᠡᠨ ᠡᠵᠡᠩᠨᠡᠯᠲᠡ ᠶᠢᠨ ᠠᠵᠤ ᠠᠬᠤᠶᠢᠯᠠᠯ ᠢ ᠲᠣᠭᠲᠠᠭᠠᠨ᠎ᠠ᠃      ᠠᠮᠢᠳᠤᠷᠠᠯ ᠤᠨ ᠬᠤᠭ ᠨᠣᠪᠰᠢ ᠶᠢ ᠡᠵᠡᠩᠨᠡᠯᠲᠡ ᠶᠢᠨ ᠴᠢᠨᠠᠷ ᠲᠠᠢ ᠲᠥᠷᠥᠯ ᠬᠤᠪᠢᠶᠠᠨ ᠴᠤᠭᠯᠠᠭᠤᠯᠬᠤ᠂ ᠲᠡᠭᠡᠭᠡᠪᠦᠷᠢᠯᠡᠬᠦ ᠪᠠ ᠰᠢᠢᠳᠪᠦᠷᠢᠯᠡᠬᠦ ᠠᠵᠢᠯ ᠡᠷᠬᠢᠯᠡᠵᠦ ᠪᠠᠶᠢᠭ᠎ᠠ ᠠᠵᠤ ᠠᠬᠤᠶᠢᠯᠠᠯ ᠨᠢ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠡᠵᠡᠩᠨᠡᠯᠲᠡ ᠶᠢᠨ ᠴᠢᠨᠠᠷ ᠲᠠᠢ ᠱᠦᠭᠦᠷᠳᠡᠵᠦ ᠴᠡᠪᠡᠷᠯᠡᠬᠦ᠂ ᠴᠤᠭᠯᠠᠭᠤᠯᠬᠤ᠂ ᠲᠡᠭᠡᠭᠡᠪᠦᠷᠢᠯᠡᠬᠦ ᠦᠢᠯᠡᠴᠢᠯᠡᠭᠡᠨ ᠤ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠣᠯᠤᠭᠰᠠᠨ ᠪᠠᠶᠢᠬᠤ ᠬᠡᠷᠡᠭᠲᠡᠶ᠃ ᠬᠤᠤᠷᠲᠠᠶ ᠬᠤᠭ ᠨᠣᠪᠰᠢ ᠶᠢ ᠰᠢᠢᠳᠪᠦᠷᠢᠯᠡᠬᠦ ᠠᠵᠢᠯᠯᠠᠭ᠎ᠠ ᠬᠢᠬᠦ ᠨᠢᠭᠡᠴᠡ ᠠᠶᠤᠯᠲᠠᠶ ᠬᠠᠶᠠᠭᠳᠠᠮᠠᠯ ᠪᠣᠳᠠᠰ ᠢ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠣᠯᠤᠭᠰᠠᠨ ᠪᠠᠶᠢᠬᠤ ᠬᠡᠷᠡᠭᠲᠡᠶ᠃      ᠬᠤᠶᠠᠳᠤᠭᠠᠷ ᠪᠦᠯᠦᠭ ᠤᠬᠠᠭᠤᠯᠭ᠎ᠠ ᠬᠢᠭᠡᠳ ᠪᠠᠲᠤᠯᠠᠭ᠎ᠠ      ᠠᠷᠪᠠᠨ ᠬᠤᠶᠠᠳᠤᠭᠠᠷ ᠵᠦᠢᠯ   ᠬᠤᠲᠠ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠣᠯᠠᠨ ᠵᠦᠢᠯ ᠤᠨ ᠠᠷᠭ᠎ᠠ ᠬᠡᠯᠪᠡᠷᠢ ᠶᠢ ᠠᠪᠴᠤ ᠨᠡᠶᠢᠭᠡᠮ ᠨᠡᠶᠢᠲᠡ ᠳᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠲᠦᠭᠡᠮᠡᠯᠵᠢᠭᠦᠯᠵᠦ᠂ ᠨᠡᠶᠢᠭᠡᠮ ᠨᠡᠶᠢᠲᠡ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠤᠬᠠᠮᠰᠠᠷ ᠢ ᠴᠢᠩᠭᠠᠳᠬᠠᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠵᠤ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠪᠡᠯᠡᠳᠭᠡᠮᠵᠢ ᠶᠢ ᠣᠯᠠᠨ ᠨᠡᠶᠢᠲᠡ ᠳᠤ ᠨᠡᠭᠡᠭᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠬᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠵᠢᠱᠢᠶ᠎ᠡ ᠦᠵᠡᠭᠦᠯᠬᠦ ᠴᠡᠭ ᠪᠠᠶᠢᠭᠤᠯᠬᠤ ᠬᠡᠷᠡᠭᠲᠡᠶ᠃      ᠬᠤᠳᠠᠯᠳᠤᠭᠠᠨ ᠤ ᠭᠠᠵᠠᠷ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠮᠧᠲᠷᠤ᠋᠂ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠴᠡᠴᠡᠷᠯᠢᠭ᠂ ᠵᠢᠭᠤᠯᠴᠢᠯᠠᠯ ᠤᠨ ᠦᠵᠡᠮᠵᠢ ᠶᠢᠨ ᠭᠠᠵᠠᠷ ᠵᠡᠷᠭᠡ ᠣᠯᠠᠨ ᠨᠡᠶᠢᠲᠡ ᠶᠢᠨ ᠪᠡᠯᠡᠳᠭᠡᠮᠵᠢ᠂ ᠲᠠᠯᠠᠪᠤᠷ ᠭᠠᠵᠠᠷ ᠢ ᠡᠵᠡᠩᠨᠡᠨ ᠬᠠᠮᠢᠶᠠᠷᠤᠭᠴᠢ᠂ ᠡᠯ᠎ᠡ ᠵᠦᠢᠯ ᠤᠨ ᠬᠡᠯᠪᠡᠷᠢ ᠪᠠᠷ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ  ᠤᠬᠠᠭᠤᠯᠭ᠎ᠠ ᠬᠦᠮᠦᠵᠢᠯ ᠬᠢᠬᠦ ᠬᠡᠷᠡᠭᠲᠡᠶ᠃      ᠲᠣᠰ ᠬᠤᠲᠠ ᠶᠢᠨ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠵᠣᠬᠢᠶᠠᠨ ᠪᠠᠶᠢᠭᠤᠯᠤᠯᠲᠠ ᠲᠣᠰ ᠲᠣᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠠᠮᠢᠳᠤᠷᠠᠯ ᠤᠨ ᠬᠤᠭ ᠨᠣᠪᠰᠢ ᠶᠢᠨ ᠡᠬᠢ ᠡᠭᠦᠰᠦᠯ ᠤᠨ ᠬᠡᠮᠵᠢᠶ᠎ᠡ ᠶᠢ ᠪᠠᠭᠠᠰᠬᠠᠬᠤ ᠪᠠ ᠲᠥᠷᠥᠯ ᠬᠤᠪᠢᠶᠠᠨ ᠬᠠᠶᠠᠬᠤ ᠶᠢ ᠤᠬᠠᠭᠤᠯᠤᠨ ᠳᠠᠶᠢᠴᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠨᠡᠶᠢᠭᠡᠮ ᠢᠶᠠᠷ ᠢᠶᠠᠨ ᠠᠮᠢᠳᠤᠷᠠᠯ ᠤᠨ ᠬᠤᠭ ᠨᠣᠪᠰᠢ ᠶᠢᠨ ᠡᠬᠢ ᠡᠭᠦᠰᠦᠯ ᠤᠨ ᠬᠡᠮᠵᠢᠶ᠎ᠡ ᠶᠢ ᠪᠠᠭᠠᠰᠬᠠᠬᠤ ᠪᠠ ᠲᠥᠷᠥᠯ ᠬᠤᠪᠢᠶᠠᠨ ᠬᠠᠶᠠᠬᠤ ᠠᠵᠢᠯ ᠳᠤ ᠬᠠᠮᠲᠤᠪᠠᠷ ᠣᠷᠣᠯᠴᠠᠬᠤ ᠶᠢ ᠠᠬᠢᠭᠤᠯᠬᠤ ᠬᠡᠷᠡᠭᠳᠡᠢ᠃      ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ ᠪᠣᠯᠤᠨ ᠢᠨᠲ᠋ᠧᠷ ᠰᠦᠯᠵᠢᠶ᠎ᠡ ᠵᠡᠷᠭᠡ ᠰᠣᠨᠢᠨ ᠮᠡᠳᠡᠭᠡᠨ ᠤ ᠵᠠᠭᠤᠴᠢ ᠨᠤᠭᠤᠳ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠲᠦᠭᠡᠮᠡᠯᠵᠢᠭᠦᠯᠬᠦ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠥᠷᠨᠢᠭᠦᠯᠬᠦ ᠬᠡᠷᠡᠭᠲᠡᠶ᠃ ᠭᠡᠷ ᠤᠨ ᠭᠠᠳᠠᠨᠠᠬᠢ ᠵᠠᠷ ᠨᠡᠶᠢᠲᠡᠯᠡᠭᠴᠢ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠭᠡᠷ ᠤᠨ ᠭᠠᠳᠠᠨᠠᠬᠢ ᠵᠠᠷ ᠨᠡᠶᠢᠲᠡᠯᠡᠬᠦ ᠠᠭᠤᠯᠭ᠎ᠠ ᠳᠤ ᠣᠷᠣᠭᠤᠯᠬᠤ ᠬᠡᠷᠡᠭᠲᠡᠶ᠃      ᠠᠷᠪᠠᠨ ᠭᠤᠷᠪᠠᠳᠤᠭᠠᠷ ᠵᠦᠢᠯ   ᠬᠤᠲᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠷᠮᠠᠰᠢᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠪᠠᠶᠢᠭᠤᠯᠭ᠎ᠠ ᠨᠢᠭᠡᠴᠡ ᠪᠠ ᠬᠤᠪᠢ ᠬᠥᠮᠦᠨ ᠬᠠᠨᠳᠢᠪᠯᠠᠬᠤ᠂ ᠠᠯᠪᠠᠨ ᠵᠢᠷᠤᠮ ᠤᠨ ᠬᠥᠳᠡᠯᠮᠦᠷᠢ᠂ ᠰᠠᠶᠢᠨ ᠲᠤᠷ᠎ᠠ ᠶᠢᠨ ᠦᠢᠯᠡᠴᠢᠯᠡᠭᠡ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ᠂ ᠬᠤᠷᠢᠶᠠᠨ ᠠᠪᠴᠤ ᠠᠰᠢᠭᠯᠠᠬᠤ᠂ ᠬᠤᠣᠷ ᠦᠭᠡᠶᠢᠳᠡᠭᠦᠯᠦᠨ ᠰᠢᠢᠳᠪᠦᠷᠢᠯᠡᠬᠦ ᠠᠵᠢᠯ ᠳᠤ ᠣᠷᠣᠯᠴᠠᠬᠤ ᠶᠢ ᠵᠣᠷᠢᠭᠵᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ᠂ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠳᠤ ᠨᠡᠶᠢᠭᠡᠮ ᠤᠨ ᠬᠥᠷᠥᠩᠭᠡ ᠣᠷᠣᠯᠴᠠᠬᠤ ᠶᠢ ᠵᠣᠷᠢᠭᠵᠢᠭᠤᠯᠬᠤ ᠬᠡᠷᠡᠭᠳᠡᠢ᠃ ᠠᠵᠤ ᠠᠬᠤᠶᠢᠯᠠᠯ ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ  ᠬᠤᠪᠢᠶᠠᠬᠤ  ᠦᠢᠯᠡᠴᠢᠯᠡᠭᠡᠨ ᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠵᠣᠷᠢᠭᠵᠢᠭᠤᠯᠤᠨ ᠠᠬᠢᠭᠤᠯᠬᠤ ᠬᠡᠷᠡᠭᠳᠡᠢ᠃      ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ᠂ ᠲᠠᠷᠢᠶᠠᠯᠠᠩ ᠮᠠᠯ ᠠᠵᠤ ᠠᠬᠤᠢ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠵᠡᠷᠭᠡ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ᠂ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠨ ᠪᠠᠭᠠᠰᠬᠠᠬᠤ ᠶᠢ ᠠᠬᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠬᠤ ᠬᠡᠷᠡᠭᠲᠡᠶ᠃      ᠬᠤᠲᠠ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠬᠤᠷᠢᠶᠠᠨ ᠠᠪᠴᠤ ᠪᠣᠯᠬᠤ ᠪᠣᠳᠠᠰ ᠢ ᠲᠥᠷᠥᠯ ᠬᠤᠪᠢᠶᠠᠨ ᠢᠯᠭᠠᠬᠤ ᠶᠢ ᠤᠷᠮᠠᠰᠢᠭᠤᠯᠬᠤ ᠲᠤᠭᠲᠠᠴᠠ ᠶᠢ ᠪᠠᠶᠢᠭᠤᠯᠵᠤ᠂ ᠪᠤᠳᠠᠳᠠᠢ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠪᠠᠭᠠᠰᠬᠠᠬᠤ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠳᠡᠢ᠃      ᠲᠥᠷᠥ ᠶᠢᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠣᠷᠴᠢᠯᠳᠤᠭᠤᠯᠤᠨ ᠠᠰᠢᠭᠯᠠᠵᠤ ᠪᠣᠯᠬᠤ᠂ ᠡᠬᠢ ᠪᠠᠶᠠᠯᠢᠭᠵᠢᠭᠤᠯᠤᠨ ᠠᠰᠢᠭᠯᠠᠵᠤ ᠪᠣᠯᠬᠤ ᠠᠯᠪᠠᠨ ᠬᠡᠷᠡᠭᠰᠡᠯ ᠢ  ᠡᠩ ᠲᠡᠷᠢᠭᠦᠨ ᠳᠤ ᠬᠤᠳᠠᠯᠳᠤᠨ ᠠᠪᠴᠤ᠂ ᠴᠠᠭᠠᠰᠤ ᠦᠭᠡᠢ ᠠᠵᠢᠯᠯᠠᠬᠤ ᠶᠢ ᠬᠡᠷᠡᠭᠵᠢᠬᠦᠯᠬᠦ ᠬᠡᠷᠡᠭᠲᠡᠢ᠃      ᠠᠷᠪᠠᠨ ᠳᠥᠷᠪᠡᠳᠦᠭᠡᠷ ᠵᠦᠢᠯ   ᠬᠤᠲᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠴᠡᠪᠡᠷᠯᠡᠭᠰᠡᠨ ᠢᠳᠡᠰᠢᠨ ᠨᠣᠭᠤᠭ᠎ᠠ ᠶᠢ ᠵᠠᠬ᠎ᠠ ᠳᠤ ᠭᠠᠷᠭᠠᠬᠤ᠂ ᠭᠠᠷᠤᠯᠲᠠ ᠶᠢᠨ ᠭᠠᠵᠠᠷ ᠤᠨ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ᠂ ᠲᠠᠷᠢᠶᠠᠯᠠᠩ ᠤᠨ ᠲᠤᠰᠠᠯᠠᠬᠤ ᠪᠦᠳᠦᠭᠡᠭᠳᠡᠭᠦᠨ ᠢ ᠴᠡᠪᠡᠷᠰᠢᠭᠦᠯᠦᠭᠡᠳ ᠬᠤᠲᠠ ᠳᠤ ᠣᠷᠣᠭᠤᠯᠬᠤ ᠵᠡᠷᠭᠡ ᠠᠷᠭ᠎ᠠ ᠬᠡᠮᠵᠢᠶ᠎ᠡ ᠶᠢ  ᠬᠡᠷᠡᠭᠵᠢᠬᠦᠯᠵᠦ᠂ ᠵᠢᠮᠢᠰ ᠢᠳᠡᠰᠢᠨ ᠨᠣᠭᠤᠭ᠎ᠠ ᠶᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠤᠨ ᠵᠢᠮᠢᠰ ᠤᠨ ᠬᠠᠯᠢᠰᠤ ᠨᠣᠭᠤᠭ᠎ᠠ ᠶᠢᠨ ᠨᠠᠪᠴᠢ ᠶᠢ ᠲᠤᠬᠠᠶ ᠶᠢᠨ ᠭᠠᠵᠠᠷ ᠲᠤᠨᠢ ᠡᠬᠢ ᠪᠠᠶᠠᠯᠢᠭᠵᠢᠭᠤᠯᠤᠨ ᠰᠢᠢᠳᠪᠦᠷᠢᠯᠡᠬᠦ ᠶᠢ ᠵᠣᠷᠢᠭᠵᠢᠭᠤᠯᠬᠤ ᠬᠡᠷᠡᠭᠲᠡᠢ᠃      ᠨᠡᠶᠢᠭᠡᠮ ᠲᠣᠭᠤᠷᠢᠭ᠂ ᠭᠡᠷ ᠪᠦᠯᠢ ᠶᠢᠨ ᠬᠢᠨ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ ᠶᠢ ᠠᠰᠢᠭᠯᠠᠨ ᠲᠣᠭᠤᠭᠠᠨ ᠭᠡᠷ ᠤᠨ ᠬᠤᠭ ᠨᠣᠪᠰᠢ ᠶᠢ ᠬᠡᠮᠬᠡᠯᠬᠦ᠂ ᠠᠮᠢᠳᠤ ᠪᠣᠳᠠᠰ ᠤᠨ ᠬᠢᠮᠢ ᠵᠡᠷᠭᠡ ᠠᠷᠭ᠎ᠠ ᠮᠠᠶ᠋ᠢᠭ ᠢ ᠠᠪᠴᠤ ᠡᠬᠢ ᠡᠭᠦᠰᠦᠯ ᠠᠴᠠ ᠨᠢ ᠰᠢᠢᠳᠪᠦᠷᠢᠯᠡᠬᠦ ᠶᠢ ᠵᠣᠷᠢᠭᠵᠢᠭᠤᠯᠤᠨ᠎ᠠ᠃      ᠠᠷᠪᠠᠨ ᠲᠠᠪᠤᠳᠤᠭᠠᠷ ᠵᠦᠢᠯ   ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠳᠠᠬᠢᠯᠲᠠ ᠡᠬᠢ ᠪᠠᠶᠠᠯᠢᠭ ᠢ ᠬᠤᠷᠢᠶᠠᠨ ᠠᠪᠴᠤ ᠠᠰᠢᠭᠯᠠᠬᠤ ᠮᠡᠳᠡᠭᠡ ᠵᠠᠩᠭᠢᠴᠢᠯᠠᠯᠲᠠ ᠶᠢᠨ ᠰᠢᠰᠲ᠋ᠧᠮ  ᠪᠠᠶᠢᠭᠤᠯᠬᠤ ᠶᠢ ᠴᠠᠭ ᠲᠤᠨᠢ ᠠᠬᠢᠭᠤᠯᠵᠤ᠂ ᠬᠤᠷᠢᠶᠠᠨ ᠠᠪᠬᠤ ᠲᠥᠷᠥᠯ ᠵᠦᠢᠯ᠂ ᠦᠨ᠎ᠡ ᠬᠠᠩᠰᠢ ᠪᠣᠯᠤᠨ ᠠᠷᠭ᠎ᠠ ᠮᠠᠶ᠋ᠢᠭ ᠵᠡᠷᠭᠡ ᠮᠡᠳᠡᠭᠡ ᠵᠠᠩᠭᠢ ᠶᠢ ᠬᠠᠩᠭᠠᠬᠤ ᠬᠡᠷᠡᠭᠲᠡᠶ᠃      ᠡᠯ᠎ᠡ ᠲᠥᠷᠥᠯ ᠤᠨ ᠲᠠᠸᠠᠷ ᠤᠨ ᠦᠢᠯᠡᠳᠪᠦᠷᠢᠯᠡᠭᠴᠢ ᠪᠠ ᠪᠤᠷᠤᠯᠠᠭᠤᠯᠤᠭᠴᠢ ᠦᠢᠯᠡᠳᠬᠦᠨ ᠢ ᠬᠡᠲᠦᠷᠡᠲᠡᠯ᠎ᠡ ᠪᠠᠭᠯᠠᠵᠤ ᠪᠤᠭᠤᠳᠠᠯᠯᠠᠬᠤ ᠶᠢ ᠬᠢᠵᠠᠭᠠᠷᠯᠠᠬᠤ ᠪᠠᠷᠢᠮᠵᠢᠶ᠎ᠠ ᠪᠠ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠪᠣᠭᠤᠳᠠᠯᠯᠠᠬᠤ ᠮᠠᠲ᠋ᠧᠷᠢᠶᠠᠯ ᠢ ᠬᠡᠲᠦᠷᠬᠡᠶ ᠬᠡᠷᠡᠭᠯᠡᠬᠦ ᠪᠠ ᠪᠤᠭᠤᠳᠠᠯᠯᠠᠵᠤ ᠪᠠᠭᠯᠠᠬᠤ ᠴᠢᠨᠠᠷᠲᠠᠶ ᠬᠠᠶᠠᠭᠳᠠᠮᠠᠯ ᠪᠣᠳᠠᠰ ᠭᠠᠷᠬᠤ ᠶᠢ ᠪᠠᠭᠠᠰᠬᠠᠬᠤ ᠬᠡᠷᠡᠭᠲᠡᠢ᠃      ᠠᠵᠤ ᠠᠬᠤᠶᠢᠯᠠᠯ ᠬᠠᠶᠠᠭᠳᠠᠮᠠᠯ ᠰᠦᠯᠢᠶᠣᠣ᠂ ᠬᠠᠶᠠᠭᠳᠠᠮᠠᠯ ᠰᠢᠯ ᠵᠡᠷᠭᠡ ᠳᠣᠤᠷ᠎ᠠ ᠨᠡᠮᠡᠯᠲᠡ ᠥᠷᠲᠡᠭ ᠪᠦᠬᠦᠢ ᠬᠤᠷᠢᠶᠠᠨ ᠠᠪᠴᠤ ᠪᠣᠯᠬᠤ ᠪᠣᠳᠠᠰ ᠵᠢᠴᠢ ᠭᠡᠷ ᠤᠨ ᠬᠡᠷᠡᠭᠯᠡᠭᠡᠨ ᠤ ᠲᠣᠮᠣ ᠬᠤᠭ ᠨᠣᠪᠰᠢ ᠶᠢ ᠬᠤᠷᠢᠶᠠᠨ ᠠᠪᠴᠤ ᠰᠢᠢᠳᠪᠦᠷᠢᠯᠡᠬᠦ ᠶᠢ ᠵᠣᠷᠢᠭᠵᠢᠭᠤᠯᠤᠨ᠎ᠠ᠃      ᠣᠯᠠᠨ ᠨᠡᠶᠢᠲᠡ ᠶᠢᠨ ᠪᠠᠶᠢᠭᠤᠯᠤᠮᠵᠢ᠂ ᠠᠵᠤ ᠠᠬᠤᠶᠢᠯᠠᠯ᠂ ᠨᠡᠶᠢᠭᠡᠮ ᠲᠣᠭᠤᠷᠢᠭ ᠵᠡᠷᠭᠡ ᠲᠠᠯᠠᠪᠤᠷ ᠭᠠᠵᠠᠷ ᠲᠤ ᠲᠦᠷᠦᠯ ᠬᠤᠪᠢᠶᠠᠵᠤ ᠬᠤᠷᠢᠶᠠᠨ ᠠᠪᠬᠤ ᠲᠤᠰᠬᠠᠢ ᠪᠡᠯᠡᠳᠬᠡᠮᠵᠢ ᠳᠣᠭᠢᠷᠠᠭᠤᠯᠬᠤ ᠶᠢ ᠵᠣᠷᠢᠭᠵᠢᠭᠤᠯᠤᠨ᠎ᠠ᠃      ᠭᠤᠷᠪᠠᠳᠤᠭᠠᠷ ᠪᠦᠯᠦᠭ ᠲᠥᠷᠥᠯ ᠬᠤᠪᠢᠶᠠᠨ ᠬᠠᠶᠠᠬᠤ      ᠠᠷᠪᠠᠨ ᠵᠢᠷᠭᠤᠳᠤᠭᠠᠷ ᠵᠦᠢᠯ   ᠨᠢᠭᠡᠴᠡ ᠪᠠ ᠬᠤᠪᠢ ᠬᠥᠮᠦᠨ ᠲᠣᠭᠲᠠᠭᠰᠠᠨ ᠴᠠᠭ᠂ ᠭᠠᠵᠠᠷ᠂ ᠠᠷᠭ᠎ᠠ ᠮᠠᠶ᠋ᠢᠭ ᠵᠡᠷᠭᠡ ᠶᠢᠨ ᠱᠠᠭᠠᠷᠳᠠᠯᠭ᠎ᠠ ᠶᠣᠰᠣᠭᠠᠷ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠵᠤ᠂ ᠠᠮᠢᠳᠤᠷᠠᠯ ᠤᠨ ᠬᠤᠭ ᠨᠣᠪᠰᠢ ᠶᠢ ᠳᠤᠷ᠎ᠠ ᠪᠠᠷ ᠢᠶᠠᠨ ᠠᠰᠬᠠᠬᠤ᠂ ᠴᠢᠳᠬᠤᠬᠤ᠂ ᠣᠪᠣᠭᠠᠯᠠᠬᠤ ᠪᠤᠶᠤ ᠰᠢᠲᠠᠭᠠᠵᠤ ᠪᠣᠯᠬᠤ ᠥᠬᠡᠶ᠃      ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ ᠳᠤ ᠳᠣᠤᠷᠠᠬᠢ ᠲᠣᠭᠲᠠᠭᠠᠯ ᠢ ᠵᠢᠷᠤᠮᠯᠠᠬᠤ ᠬᠡᠷᠡᠭᠲᠡᠢ᠄      ︵ᠨᠢᠭᠡ︶ ᠬᠤᠷᠢᠶᠠᠨ ᠠᠪᠴᠤ ᠪᠣᠯᠬᠤ ᠪᠣᠳᠠᠰ ᠢ ᠬᠤᠷᠢᠶᠠᠨ ᠠᠪᠴᠤ ᠪᠣᠯᠬᠤ ᠪᠣᠳᠠᠰ ᠢ ᠬᠤᠷᠢᠶᠠᠨ ᠴᠤᠭᠯᠠᠭᠤᠯᠬᠤ ᠰᠠᠪᠠ ᠳᠤ ᠬᠢᠬᠦ ᠪᠤᠶᠤ ᠳᠠᠬᠢᠯᠲᠠ ᠡᠬᠢ ᠪᠠᠶᠠᠯᠢᠭ ᠢ ᠬᠤᠷᠢᠶᠠᠨ ᠠᠪᠬᠤ ᠡᠵᠡᠩᠨᠡᠭᠴᠢ ᠳᠤ ᠬᠤᠳᠠᠯᠳᠤᠵᠤ ᠦᠭᠭᠦᠨ᠎ᠡ᠃      ︵ᠬᠤᠶᠠᠷ︶ ᠲᠣᠭᠤᠭᠠᠨ ᠬᠡᠷ ᠤᠨ ᠬᠤᠭ ᠨᠣᠪᠰᠢ ᠶᠢᠨ ᠤᠰᠤ ᠶᠢ ᠢᠯᠭᠠᠷᠠᠭᠤᠯᠤᠭᠰᠠᠨ ᠤ ᠳᠠᠷᠠᠭ᠎ᠠ ᠲᠣᠭᠤᠭᠠᠨ ᠬᠡᠷ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ ᠰᠠᠪᠠ ᠳᠤ ᠬᠠᠶᠠᠨ᠎ᠠ᠃      ︵ᠭᠤᠷᠪᠠ︶ ᠬᠤᠤᠷᠳᠠᠢ ᠬᠤᠭ ᠨᠣᠪᠰᠢ ᠶᠢ ᠬᠤᠣᠷᠳᠠᠢ ᠬᠤᠭ ᠨᠣᠪᠰᠢ ᠬᠤᠷᠢᠶᠠᠨ ᠴᠤᠭᠯᠠᠭᠤᠯᠬᠤ ᠰᠠᠪᠠ ᠳᠤ ᠬᠠᠶᠠᠬᠤ ᠪᠤᠶᠤ ᠬᠤᠣᠷᠲᠠᠢ ᠬᠤᠭ ᠨᠣᠪᠰᠢ ᠰᠢᠢᠳᠪᠦᠷᠢᠯᠡᠬᠦ ᠬᠢᠷᠢ ᠬᠡᠮ ᠲᠠᠢ ᠠᠵᠤ ᠠᠬᠤᠶᠢᠯᠠᠯ ᠳᠤ ᠲᠤᠰᠢᠶᠠᠵᠤ ᠦᠭᠭᠦᠨ᠎ᠡ᠃      ︵ᠳᠥᠷᠪᠡ︶ ᠪᠤᠰᠤᠳ ᠬᠤᠭ ᠨᠣᠪᠰᠢ ᠶᠢ ᠪᠤᠰᠤᠳ ᠬᠤᠭ ᠨᠣᠪᠰᠢ ᠶᠢ ᠬᠤᠷᠢᠶᠠᠨ ᠴᠤᠭᠯᠠᠭᠤᠯᠬᠤ ᠰᠠᠪᠠ ᠳᠤ ᠬᠠᠶᠠᠬᠤ ᠬᠡᠷᠡᠭᠲᠡᠶ᠃ ᠬᠠᠶᠠᠭᠳᠠᠮᠠᠯ ᠬᠠᠭᠤᠴᠢᠨ ᠭᠡᠷ ᠤᠨ ᠭᠡᠷᠡᠭᠯᠡᠭᠡᠨ ᠤ ᠲᠤᠮᠤ ᠬᠤᠭ ᠨᠣᠪᠰᠢ ᠶᠢ  ᠲᠣᠭᠲᠠᠭᠰᠠᠨ ᠬᠤᠷᠢᠶᠠᠨ ᠴᠤᠭᠯᠠᠭᠤᠯᠬᠤ ᠭᠠᠵᠠᠷ ᠲᠤ ᠲᠠᠯᠪᠢᠬᠤ ᠬᠡᠷᠡᠭᠲᠡᠶ᠃ᠠᠷᠪᠠᠨ ᠳᠣᠯᠣᠳᠤᠭᠠᠷ ᠵᠦᠢᠯ   ᠲᠤᠰ ᠬᠤᠲᠠ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ ᠬᠠᠮᠢᠶᠠᠷᠤᠯᠲᠠ ᠶᠢᠨ ᠬᠠᠷᠢᠭᠤᠴᠠᠯᠭᠠᠳᠠᠨ ︵ᠳᠣᠷᠣᠭᠰᠢ ᠬᠠᠮᠢᠶᠠᠷᠤᠯᠲᠠ ᠶᠢᠨ ᠬᠠᠷᠢᠭᠤᠴᠠᠯᠭᠠᠳᠠᠨ ᠭᠡᠵᠦ ᠲᠣᠪᠴᠢᠯᠠᠨ᠎ᠠ︶ ᠤ ᠳᠦᠷᠢᠮ ᠢ ᠬᠡᠷᠡᠭᠵᠢᠭᠦᠯᠦᠨ᠎ᠡ᠃      ᠠᠳᠠᠯ ᠠᠬᠤᠶ ᠶᠢᠨ ᠦᠢᠯᠡᠴᠢᠯᠡᠭᠡ ᠶᠢ ᠬᠡᠷᠡᠭᠵᠢᠭᠦᠯᠵᠦ ᠪᠠᠶᠢᠭ᠎ᠠ ᠣᠷᠣᠨ ᠪᠦᠰᠡ ᠳᠤ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠬᠠᠮᠢᠶᠠᠷᠤᠯᠲᠠ ᠶᠢᠨ ᠬᠠᠷᠢᠭᠤᠴᠠᠯᠭᠠᠲᠠᠨ ᠪᠣᠯᠣᠨ᠎ᠠ᠂ ᠠᠳᠠᠯ ᠠᠬᠤᠶ ᠶᠢᠨ ᠦᠢᠯᠡᠴᠢᠯᠡᠭᠡᠨ ᠤ ᠭᠡᠷ᠎ᠡ ᠳᠤ ᠠᠰᠲᠠᠭᠠᠨ ᠪᠣᠯᠵᠣᠨ ᠲᠣᠭᠲᠠᠭᠰᠠᠨ ᠪᠠᠶᠢᠪᠠᠯ ᠡᠭᠦᠨ ᠳᠤ ᠪᠠᠭᠲᠠᠬᠤ  ᠦᠭᠡᠢ᠃  ᠠᠳᠠᠯ ᠠᠬᠤᠢ ᠶᠢᠨ ᠦᠢᠯᠡᠴᠢᠯᠡᠭᠡ ᠬᠡᠷᠡᠭᠵᠢᠭᠦᠯᠦᠭᠡᠳᠦᠢ ᠤᠷᠤᠨ ᠪᠦᠰᠡ ᠳᠤ᠂ ᠬᠠᠮᠢᠶᠠᠷᠤᠯᠲᠠ ᠶᠢᠨ ᠬᠠᠷᠢᠭᠤᠴᠠᠯᠭᠠᠲᠠᠨ ᠢ ᠳᠣᠤᠷᠠᠬᠢ ᠲᠣᠭᠲᠠᠭᠠᠯ ᠶᠣᠰᠣᠭᠠᠷ ᠲᠣᠭᠲᠠᠭᠠᠨ᠎ᠠ᠄      ︵ᠨᠢᠭᠡ︶ ᠲᠥᠷᠥ ᠶᠢᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠤᠨ ᠠᠵᠢᠯᠯᠠᠬᠤ ᠲᠠᠯᠠᠪᠤᠷ ᠭᠠᠵᠠᠷ ᠲᠤ ᠲᠥᠷᠥ ᠶᠢᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠪᠣᠯ ᠬᠠᠮᠢᠶᠠᠷᠤᠯᠲᠠ ᠶᠢᠨ ᠬᠠᠷᠢᠭᠤᠴᠠᠯᠭᠠᠲᠠᠨ ᠪᠣᠯᠤᠨ᠎ᠠ  ᠃      ︵ᠬᠤᠶᠠᠷ︶ ᠲᠡᠷᠭᠡᠨ ᠥᠷᠲᠡᠭᠡ᠂ ᠨᠢᠰᠬᠡᠯ ᠤᠨ ᠪᠠᠭᠤᠳᠠᠯ᠂ ᠺᠢᠨᠣ᠋ ᠲᠢᠶᠠᠲᠷ᠂ ᠮᠦᠽᠧᠶ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠴᠡᠴᠡᠷᠯᠢᠭ᠂ ᠵᠢᠭᠤᠯᠴᠢᠯᠠᠯ ᠤᠨ ᠦᠵᠡᠮᠵᠢ ᠶᠢᠨ ᠣᠷᠣᠨ ︵ᠴᠡᠭ︶᠂ ᠬᠤᠳᠠᠯᠳᠤᠭᠠᠨ ᠤ ᠭᠠᠵᠠᠷ᠂ ᠪᠠᠭᠤᠳᠠᠯ᠂ ᠬᠤᠭᠤᠯᠠᠨ ᠭᠡᠷ᠂ ᠬᠡᠲᠦ ᠳᠡᠯᠭᠡᠭᠦᠷ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠳᠡᠯᠭᠡᠭᠦᠷ᠂  ᠠᠵᠢᠯᠯᠠᠬᠤ ᠠᠰᠠᠷ᠂ ᠣᠯᠠᠨ ᠨᠡᠶᠢᠲᠡ ᠶᠢᠨ ᠨᠣᠭᠤᠭᠠᠨ ᠬᠥᠷᠥᠰᠥ ᠵᠡᠷᠭᠡ ᠣᠯᠠᠨ ᠨᠡᠶᠢᠲᠡ ᠶᠢᠨ ᠲᠠᠯᠠᠪᠤᠷ ᠭᠠᠵᠠᠷ ᠲᠤ ᠡᠵᠡᠩᠨᠡᠨ ᠬᠠᠮᠢᠶᠠᠷᠬᠤ ᠨᠢᠭᠡᠴᠡ ᠨᠢ ᠬᠠᠮᠢᠶᠠᠷᠤᠯᠲᠠ ᠶᠢᠨ ᠬᠠᠷᠢᠭᠤᠴᠠᠯᠭᠠᠲᠠᠨ ᠪᠣᠯᠤᠨ᠎ᠠ  ᠃      ︵ᠭᠤᠷᠪᠠ︶ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠪᠠᠷᠢᠯᠭ᠎ᠠ ᠶᠢᠨ ᠭᠠᠵᠠᠷ ᠲᠤ᠂ ᠪᠠᠷᠢᠯᠭ᠎ᠠ  ᠶᠢᠨ ᠨᠢᠭᠡᠴᠡ ᠨᠢ ᠬᠠᠮᠢᠶᠠᠷᠤᠯᠲᠠ ᠶᠢᠨ ᠬᠠᠷᠢᠭᠤᠴᠠᠯᠭᠠᠲᠠᠨ ᠪᠣᠯᠤᠨ᠎ᠠ  ᠃      ︵ᠳᠥᠷᠪᠡ︶ ᠬᠤᠲᠠ ᠶᠢᠨ ᠵᠠᠮ᠂ ᠵᠠᠰᠠᠮᠠᠯ ᠵᠠᠮ᠂ ᠶᠠᠪᠠᠭᠠᠨ ᠬᠥᠮᠦᠨ ᠤ ᠬᠥᠭᠦᠷᠭᠡ᠂ ᠭᠠᠵᠠᠷ ᠳᠣᠤᠷᠠᠬᠢ ᠵᠠᠮ ᠵᠡᠷᠭᠡ ᠶᠢᠨ ᠴᠡᠪᠡᠷᠯᠡᠭᠡᠨ ᠤ ᠨᠢᠭᠡᠴᠡ ᠪᠣᠯ ᠬᠠᠮᠢᠶᠠᠷᠤᠯᠲᠠ ᠶᠢᠨ ᠬᠠᠷᠢᠭᠤᠴᠠᠯᠭᠠᠳᠠᠨ ᠪᠣᠯᠤᠨ᠎ᠠ  ᠃      ︵ᠲᠠᠪᠤ︶ ᠬᠤᠪᠢ ᠶᠢᠨ ᠲᠡᠯᠭᠡᠭᠡ ᠮᠠᠶᠢᠮᠠᠢ ᠶᠢᠨ ᠴᠡᠭ ᠲᠤ ᠡᠵᠡᠩᠨᠡᠭᠴᠢ ᠨᠢ ᠬᠠᠮᠢᠶᠠᠷᠤᠯᠲᠠ ᠶᠢᠨ ᠬᠠᠷᠢᠭᠤᠴᠠᠯᠭᠠᠲᠠᠨ ᠪᠣᠯᠤᠨ᠎ᠠ  ᠃      ︵ᠵᠢᠷᠭᠤᠭ᠎ᠠ︶ ᠥᠮᠴᠢᠲᠡᠨ ᠠᠳᠠᠯ ᠠᠬᠤᠶ ᠪᠠᠨ ᠥᠪᠡᠰᠦᠪᠡᠨ ᠬᠠᠮᠢᠶᠠᠷᠴᠤ ᠪᠠᠶᠢᠭ᠎ᠠ ᠣᠷᠣᠨ ᠰᠠᠭᠤᠴᠠ ᠶᠢᠨ ᠲᠣᠭᠤᠷᠢᠭ ᠲᠤ ᠦᠮᠴᠢᠳᠡᠨ᠂ ᠥᠮᠴᠢᠲᠡᠨ ᠤ ᠵᠥᠪᠯᠡᠯ ᠨᠢ ᠬᠠᠮᠢᠶᠠᠷᠤᠯᠲᠠ ᠶᠢᠨ ᠬᠠᠷᠢᠭᠤᠴᠠᠯᠭᠠᠲᠠᠨ ᠪᠣᠯᠤᠨ᠎ᠠ᠃      ᠬᠠᠮᠢᠶᠠᠷᠤᠯᠲᠠ ᠶᠢᠨ ᠬᠠᠷᠢᠭᠤᠴᠠᠯᠭ᠎ᠠ ᠲᠠᠪᠬᠤᠴᠠᠭᠰᠠᠨ ᠪᠤᠶᠤ ᠡᠮᠦᠨᠡᠬᠢ ᠵᠤᠷᠪᠤᠰ ᠤᠨ ᠲᠣᠭᠲᠠᠭᠠᠯ ᠶᠣᠰᠣᠭᠠᠷ ᠬᠠᠮᠢᠶᠠᠷᠤᠯᠲᠠ ᠶᠢᠨ ᠬᠠᠷᠢᠭᠤᠴᠠᠯᠭᠠᠳᠠᠨ ᠢ ᠲᠣᠭᠲᠠᠭᠠᠵᠤ ᠳᠡᠶᠢᠯᠬᠦ ᠦᠭᠡᠶ ᠪᠣᠯ ᠪᠠᠶᠢᠭ᠎ᠠ ᠭᠠᠵᠠᠷ ᠤᠨ  ᠰᠢᠶᠠᠩ᠂ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠠᠮᠢᠶᠠᠷᠤᠯᠲᠠ ᠶᠢᠨ ᠬᠠᠷᠢᠭᠤᠴᠠᠯᠭᠠᠳᠠᠨ ᠢ ᠲᠣᠭᠲᠠᠭᠠᠨ᠎ᠠ᠃      ᠠᠷᠪᠠᠨ ᠨᠠᠢᠮᠠᠳᠤᠭᠠᠷ ᠵᠦᠢᠯ    ᠬᠠᠮᠢᠶᠠᠷᠤᠯᠲᠠ ᠶᠢᠨ ᠬᠠᠷᠢᠭᠤᠴᠠᠯᠭᠠᠳᠠᠨ ᠲᠤᠤᠷ᠎ᠠ ᠵᠢᠭᠰᠠᠭᠠᠭᠰᠠᠨ ᠡᠭᠦᠷᠭᠡ ᠶᠢ ᠭᠦᠢᠴᠡᠳᠭᠡᠬᠦ ᠬᠡᠷᠡᠭᠲᠡᠶ᠄      ︵ᠨᠢᠭᠡ︶ ᠲᠣᠭᠲᠠᠭᠠᠯ ᠶᠣᠰᠣᠭᠠᠷ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠵᠤ ᠬᠤᠷᠢᠶᠠᠨ ᠴᠤᠭᠯᠠᠭᠤᠯᠬᠤ ᠰᠠᠪᠠ ᠲᠤᠬᠢᠷᠠᠭᠤᠯᠬᠤ ᠶᠢᠨ ᠬᠠᠮᠳᠤ ᠰᠠᠪᠠ ᠨᠢ ᠪᠦᠷᠢᠨ ᠪᠦᠲᠦᠨ᠂ ᠴᠡᠪᠡᠷ ᠪᠠᠶᠢᠬᠤ ᠶᠢ ᠪᠠᠲᠤᠯᠠᠵᠤ᠂ ᠲᠣᠭᠲᠠᠭᠰᠠᠨ ᠬᠤᠭᠤᠴᠠᠭ᠎ᠠ ᠲᠠᠢ ᠠᠷᠠᠴᠢᠯᠠᠬᠤ ᠬᠡᠷᠡᠭᠲᠡᠢ᠃      ︵ᠬᠤᠶᠠᠷ︶ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠨ ᠬᠠᠶᠠᠬᠤ ᠬᠠᠮᠢᠶᠠᠷᠤᠯᠲᠠ ᠶᠢᠨ ᠲᠦᠷᠢᠮ ᠢ ᠪᠠᠶᠢᠭᠤᠯᠬᠤ ᠬᠡᠷᠡᠭᠲᠡᠢ᠃      ︵ᠭᠤᠷᠪᠠ︶ ᠠᠳᠠᠯᠢ ᠪᠤᠰᠤ ᠲᠥᠷᠥᠯ ᠵᠦᠢᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ ᠴᠠᠭ ᠬᠤᠭᠤᠴᠠᠭ᠎ᠠ ᠪᠠ ᠭᠠᠵᠠᠷ ᠢ ᠢᠯᠡ ᠨᠡᠶᠢᠳᠡᠯᠡᠬᠦ ᠬᠡᠷᠡᠭᠲᠡᠢ᠃᡾      ︵ᠲᠥᠷᠪᠡ︶ ᠬᠠᠮᠢᠶᠠᠷᠤᠯᠲᠠ ᠶᠢᠨ ᠣᠷᠣᠨ ᠤ ᠳᠣᠲᠣᠷᠠᠬᠢ ᠨᠢᠭᠡᠴᠡ ᠪᠣᠯᠤᠨ ᠬᠤᠪᠢ ᠬᠥᠮᠦᠨ ᠤ ᠠᠮᠢᠳᠤᠷᠠᠯ ᠤᠨ ᠬᠤᠭ ᠨᠣᠪᠰᠢ ᠪᠠᠨ ᠲᠥᠷᠥᠯ ᠬᠤᠪᠢᠶᠠᠨ ᠬᠠᠶᠠᠬᠤ ᠶᠢ ᠬᠢᠨᠠᠵᠤ ᠵᠢᠯᠤᠭᠤᠳᠤᠨ᠂ ᠲᠥᠷᠥᠯ ᠬᠤᠪᠢᠶᠠᠨ ᠬᠠᠮᠢᠶᠠᠷᠬᠤ ᠲᠣᠭᠲᠠᠭᠠᠯ ᠳᠤ ᠨᠡᠶᠢᠴᠡᠬᠦ ᠥᠬᠡᠶ ᠬᠤᠭ ᠬᠠᠶᠠᠬᠤ ᠦᠢᠯᠡ ᠠᠵᠢᠯᠯᠠᠭ᠎ᠠ ᠶᠢ ᠢᠳᠬᠠᠨ ᠰᠠᠨᠠᠭᠤᠯᠬᠤ ᠪᠠ ᠬᠤᠷᠢᠭᠯᠠᠨ ᠵᠣᠭᠰᠣᠭᠠᠬᠤ ᠬᠡᠷᠡᠭᠲᠡᠶ᠃      ︵ᠲᠠᠪᠤ︶ ᠨᠢᠭᠡᠨᠲᠡ ᠲᠥᠷᠥᠯ ᠬᠤᠪᠢᠶᠠᠨ ᠬᠠᠶᠠᠭᠰᠠᠨ ᠠᠮᠢᠳᠤᠷᠠᠯ ᠤᠨ ᠬᠤᠭ ᠨᠣᠪᠰᠢ ᠶᠢ ᠤᠷᠪᠠᠭᠤᠯᠵᠤ ᠲᠡᠭᠦᠬᠦ᠂ ᠬᠤᠯᠢᠬᠤ ᠶᠢ ᠬᠤᠷᠢᠭᠯᠠᠨ ᠵᠤᠭᠰᠤᠭᠠᠬᠤ ᠬᠡᠷᠡᠭᠲᠡᠢ᠃︵ᠵᠢᠷᠭᠤᠭ᠎ᠠ︶ ᠲᠦᠷᠦᠯ ᠬᠤᠪᠢᠶᠠᠨ ᠬᠠᠶᠠᠭᠰᠠᠨ ᠠᠮᠢᠳᠤᠷᠠᠯ ᠤᠨ ᠬᠤᠭ ᠨᠣᠪᠰᠢ ᠶᠢ ᠬᠢᠷᠢ ᠬᠡᠮ ᠲᠠᠢ ᠨᠢᠭᠡᠴᠡ  ᠳᠤ ᠲᠤᠰᠢᠶᠠᠵᠤ ᠴᠤᠭᠯᠠᠭᠤᠯᠤᠭᠤᠯᠬᠤ ᠬᠡᠷᠡᠭᠲᠡᠢ᠃      ︵ᠳᠣᠯᠤᠭ᠎ᠠ︶ ᠲᠣᠮᠣ ᠬᠤᠭ ᠨᠣᠪᠰᠢ ᠬᠠᠶᠠᠬᠤ ᠴᠡᠭ ᠭᠠᠷᠭᠠᠬᠤ ᠶᠢᠨ ᠬᠠᠮᠲᠤ ᠬᠠᠷᠠᠭᠠᠯᠵᠠᠭᠰᠠᠨ ᠲᠡᠮᠳᠡᠭ᠂ ᠫᠠᠶᠢᠰᠠ᠂  ᠬᠦᠷᠢᠶ᠎ᠡ᠂ ᠬᠠᠯᠬᠠᠪᠴᠢ ᠵᠡᠷᠭᠡ ᠪᠡᠯᠡᠳᠬᠡᠮᠵᠢ ᠲᠣᠬᠢᠷᠠᠭᠤᠯᠬᠤ ᠬᠡᠷᠡᠭᠲᠡᠶ᠃      ᠠᠷᠪᠠ ᠶᠢᠰᠦᠳᠦᠭᠡᠷ ᠵᠦᠢᠯ   ᠥᠮᠴᠢᠲᠡᠨ ᠤ ᠵᠥᠪᠯᠡᠯ ᠨᠢ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠲᠠᠢ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠲᠣᠭᠲᠠᠬᠤ ᠦᠶ᠎ᠡ ᠳᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ ᠱᠠᠭᠠᠷᠳᠠᠯᠭ᠎ᠠ ᠵᠢᠴᠢ ᠪᠠᠷᠢᠮᠵᠢᠶ᠎ᠠ ᠶᠢ ᠪᠣᠯᠵᠣᠨ ᠲᠣᠭᠲᠠᠭᠠᠬᠤ ᠶᠢᠨ ᠬᠠᠮᠲᠤ ᠰᠦᠢᠳᠭᠡᠯ ᠬᠤᠷᠢᠶᠠᠬᠤ ᠪᠠᠷᠢᠮᠵᠢᠶ᠎ᠠ ᠶᠢ ᠲᠣᠳᠣᠷᠬᠠᠶᠢᠯᠠᠬᠤ ᠬᠡᠷᠡᠭᠲᠡᠶ᠃      ᠴᠡᠪᠡᠷᠯᠡᠭᠡ ᠶᠢ ᠭᠠᠳᠠᠭᠰᠢ ᠳᠠᠭᠠᠭᠠᠴᠢᠯᠠᠭᠤᠯᠬᠤ ᠠᠳᠠᠯ ᠠᠬᠤᠢ ᠶᠢᠨ ᠬᠠᠮᠢᠶᠠᠷᠤᠯᠲᠠ ᠶᠢᠨ ᠨᠢᠭᠡᠴᠡ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ ᠱᠠᠭᠠᠷᠳᠠᠯᠭ᠎ᠠ ᠵᠢᠴᠢ ᠪᠠᠷᠢᠮᠵᠢᠶ᠎ᠠ ᠶᠢ  ᠴᠡᠪᠡᠷᠯᠡᠭᠡ ᠶᠢᠨ ᠦᠢᠯᠡᠴᠢᠯᠡᠭᠡᠨ ᠤ ᠭᠡᠷ᠎ᠡ ᠳᠤ ᠣᠷᠣᠭᠤᠯᠬᠤ ᠶᠢᠨ ᠬᠠᠮᠲᠤ ᠬᠡᠷᠡᠭᠵᠢᠬᠦᠯᠬᠦ ᠳᠤ ᠬᠢᠨᠠᠯᠲᠠ ᠲᠠᠯᠪᠢᠬᠤ ᠬᠡᠷᠡᠭᠲᠡᠶ᠃      ᠬᠤᠷᠢᠳᠤᠭᠠᠷ ᠵᠦᠢᠯ  ᠬᠠᠮᠢᠶᠠᠷᠤᠯᠲᠠ ᠶᠢᠨ ᠬᠠᠷᠢᠭᠤᠴᠠᠯᠭᠠᠳᠠᠨ ᠠᠮᠢᠳᠤᠷᠠᠯ ᠤᠨ ᠬᠤᠭ ᠨᠤᠪᠰᠢ ᠶᠢ  ᠬᠠᠶᠠᠵᠤ ᠪᠠᠶᠢᠭ᠎ᠠ ᠨᠢ ᠲᠦᠷᠦᠯ ᠬᠤᠪᠢᠶᠠᠨ ᠬᠠᠮᠢᠶᠠᠷᠬᠤ ᠲᠤᠭᠲᠠᠭᠠᠯ ᠳᠤ ᠨᠡᠶᠢᠴᠡᠬᠦ ᠦᠭᠡᠢ ᠶᠢ ᠮᠡᠳᠡᠪᠡᠯ ᠬᠤᠭ   ᠬᠠᠶᠠᠬᠤ ᠬᠦᠮᠦᠨ ᠢ ᠲᠦᠷᠦᠯ ᠬᠤᠪᠢᠶᠠᠬᠤ ᠲᠤᠭᠲᠠᠭᠠᠯ ᠶᠤᠰᠤᠭᠠᠷ ᠵᠠᠯᠠᠷᠠᠭᠤᠯᠬᠤ ᠶᠢ ᠱᠠᠭᠠᠷᠳᠠᠬᠤ ᠬᠡᠷᠡᠭᠲᠡᠢ︔ ᠬᠤᠭ ᠬᠠᠶᠠᠬᠤ ᠬᠦᠮᠦᠨ ᠵᠠᠯᠠᠷᠠᠭᠤᠯᠬᠤ ᠶᠢ ᠲᠡᠪᠴᠢᠭᠰᠡᠨ ᠪᠠᠶᠢᠪᠠᠯ᠂ ᠬᠠᠮᠢᠶᠠᠷᠤᠯᠲᠠ ᠶᠢᠨ ᠬᠠᠷᠢᠭᠤᠴᠠᠯᠭᠠᠳᠠᠨ ᠲᠡᠭᠦᠨ ᠤ ᠬᠤᠭ ᠬᠠᠶᠠᠬᠤ ᠶᠢ ᠵᠥᠪᠰᠢᠶᠡᠷᠡᠬᠦ ᠦᠭᠡᠢ ᠪᠠᠶᠢᠵᠤ ᠪᠣᠯᠬᠤ ᠮᠥᠷᠲᠡᠭᠡᠨ ᠪᠠᠶᠢᠭ᠎ᠠ ᠭᠠᠵᠠᠷ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠦᠨ ᠰᠢᠢᠳᠪᠦᠷᠢᠯᠡᠭᠦᠯᠦᠨ᠎ᠡ᠃      ᠠᠮᠢᠳᠤᠷᠠᠯ ᠤᠨ ᠬᠤᠭ ᠨᠤᠪᠰᠢ ᠶᠢ ᠲᠦᠷᠦᠯ ᠬᠤᠪᠢᠶᠠᠨ ᠬᠤᠷᠢᠶᠠᠨ ᠴᠤᠭᠯᠠᠭᠤᠯᠬᠤ ᠪᠠ ᠲᠡᠭᠡᠭᠡᠪᠦᠷᠢᠯᠡᠬᠦ ᠨᠢᠭᠡᠴᠡ ᠬᠠᠷᠢᠭᠤᠴᠠᠯᠭᠠᠳᠤ ᠤᠷᠤᠨ ᠤ ᠲᠤᠰᠢᠶᠠᠭᠰᠠᠨ ᠠᠮᠢᠳᠤᠷᠠᠯ ᠤᠨ ᠬᠤᠭ ᠨᠤᠪᠰᠢ ᠨᠢ ᠲᠦᠷᠦᠯ ᠬᠤᠪᠢᠶᠠᠨ ᠬᠠᠮᠢᠶᠠᠷᠬᠤ ᠲᠤᠭᠲᠠᠭᠠᠯ ᠳᠤ ᠨᠡᠶᠢᠴᠡᠬᠦ ᠦᠭᠡᠢ ᠶᠢ ᠮᠡᠳᠡᠪᠡᠯ᠂ ᠲᠤᠰ ᠭᠠᠵᠠᠷ ᠤᠷᠤᠨ ᠤ ᠬᠠᠮᠢᠶᠠᠷᠤᠯᠲᠠ ᠶᠢᠨ ᠬᠠᠷᠢᠭᠤᠴᠠᠯᠭᠠᠳᠠᠨ ᠢ ᠲᠥᠷᠥᠯ ᠬᠤᠪᠢᠶᠠᠨ ᠬᠠᠮᠢᠶᠠᠷᠬᠤ ᠲᠤᠭᠲᠠᠭᠠᠯ ᠶᠤᠰᠤᠭᠠᠷ ᠵᠠᠯᠠᠷᠠᠭᠤᠯᠬᠤ ᠶᠢ ᠱᠠᠭᠠᠷᠳᠠᠬᠤ ᠬᠡᠷᠡᠭᠲᠡᠢ︔ ᠬᠠᠮᠢᠶᠠᠷᠤᠯᠲᠠ ᠶᠢᠨ ᠬᠠᠷᠢᠭᠤᠴᠠᠯᠭᠠᠳᠠᠨ ᠵᠠᠯᠠᠷᠠᠭᠤᠯᠬᠤ ᠶᠢ ᠲᠡᠪᠴᠢᠭᠰᠡᠨ ᠪᠠᠶᠢᠪᠠᠯ᠂ ᠠᠮᠢᠳᠤᠷᠠᠯ ᠤᠨ ᠬᠤᠭ ᠨᠤᠪᠰᠢ ᠶᠢ ᠲᠦᠷᠦᠯ ᠬᠤᠪᠢᠶᠠᠨ ᠬᠤᠷᠢᠶᠠᠨ ᠲᠡᠭᠡᠭᠡᠪᠦᠷᠢᠯᠡᠬᠦ ᠨᠢᠭᠡᠴᠡ ᠬᠦᠯᠢᠶᠡᠵᠦ ᠠᠪᠬᠤ ᠦᠭᠡᠢ ᠪᠠᠶᠢᠵᠤ ᠪᠣᠯᠬᠤ ᠮᠥᠷᠲᠡᠭᠡᠨ ᠪᠠᠶᠢᠭ᠎ᠠ ᠭᠠᠵᠠᠷ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠦᠨ  ᠰᠢᠢᠳᠪᠦᠷᠢᠯᠡᠭᠦᠯᠦᠨ᠎ᠡ᠃      ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠨᠢᠭᠡᠴᠡ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠴᠤᠭᠯᠠᠭᠤᠯᠬᠤ ᠪᠠ ᠲᠡᠭᠡᠭᠡᠪᠦᠷᠢᠯᠡᠬᠦ ᠨᠢᠭᠡᠴᠡ ᠶᠢᠨ ᠲᠤᠰᠢᠶᠠᠭᠰᠠᠨ ᠠᠮᠢᠳᠤᠷᠠᠯ ᠤᠨ ᠬᠤᠭ ᠨᠣᠪᠰᠢ ᠶᠢ ᠬᠦᠯᠢᠶᠡᠨ ᠠᠪᠬᠤ ᠳᠠᠭᠠᠨ ᠲᠥᠷᠥᠯ ᠬᠤᠪᠢᠶᠠᠨ ᠬᠠᠮᠢᠶᠠᠷᠬᠤ ᠲᠤᠭᠲᠠᠭᠠᠯ ᠳᠤ ᠨᠡᠶᠢᠴᠡᠬᠦ ᠦᠭᠡᠢ ᠶᠢ ᠮᠡᠳᠡᠪᠡᠯ᠂ ᠠᠮᠢᠳᠤᠷᠠᠯ ᠤᠨ ᠬᠤᠭ ᠨᠤᠪᠰᠢ ᠶᠢ ᠲᠥᠷᠥᠯ ᠬᠤᠪᠢᠶᠠᠨ ᠬᠤᠷᠢᠶᠠᠨ ᠴᠤᠭᠯᠠᠭᠤᠯᠬᠤ ᠪᠠ ᠲᠡᠭᠡᠭᠡᠪᠦᠷᠢᠯᠡᠬᠦ ᠨᠢᠭᠡᠴᠡ ᠶᠢ ᠲᠥᠷᠥᠯ ᠬᠤᠪᠢᠶᠠᠨ ᠬᠠᠮᠢᠶᠠᠷᠬᠤ ᠲᠤᠭᠲᠠᠭᠠᠯ ᠶᠤᠰᠤᠭᠠᠷ ᠵᠠᠯᠠᠷᠠᠭᠤᠯᠬᠤ ᠶᠢ ᠱᠠᠭᠠᠷᠳᠠᠬᠤ ᠬᠡᠷᠡᠭᠲᠡᠢ︔ ᠠᠮᠢᠳᠤᠷᠠᠯ ᠤᠨ ᠬᠤᠭ ᠨᠤᠪᠰᠢ ᠶᠢ ᠲᠥᠷᠥᠯ ᠬᠤᠪᠢᠶᠠᠨ ᠬᠤᠷᠢᠶᠠᠨ ᠴᠤᠭᠯᠠᠭᠤᠯᠬᠤ ᠪᠠ ᠲᠡᠭᠡᠭᠡᠪᠦᠷᠢᠯᠡᠬᠦ ᠨᠢᠭᠡᠴᠡ ᠨᠢ ᠵᠠᠯᠠᠷᠠᠭᠤᠯᠬᠤ ᠶᠢ ᠲᠡᠪᠴᠢᠭᠰᠡᠨ ᠪᠠᠶᠢᠪᠠᠯ᠂ ᠠᠮᠢᠳᠤᠷᠠᠯ ᠤᠨ ᠬᠤᠭ ᠨᠤᠪᠰᠢ ᠶᠢ ᠰᠢᠢᠳᠪᠦᠷᠢᠯᠡᠬᠦ ᠨᠢᠭᠡᠴᠡ ᠬᠦᠯᠢᠶᠡᠵᠦ ᠠᠪᠬᠤ ᠦᠭᠡᠢ ᠪᠠᠶᠢᠵᠤ ᠪᠣᠯᠬᠤ ᠮᠥᠷᠲᠡᠭᠡᠨ ᠪᠠᠶᠢᠭ᠎ᠠ ᠭᠠᠵᠠᠷ ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠦᠨ ᠰᠢᠢᠳᠪᠦᠷᠢᠯᠡᠭᠦᠯᠦᠨ᠎ᠡ᠃      ᠲᠦᠷᠪᠡᠳᠦᠭᠡᠷ ᠪᠦᠯᠦᠭ   ᠲᠥᠷᠥᠯ ᠬᠤᠪᠢᠶᠠᠨ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ ᠪᠠ ᠰᠢᠢᠳᠪᠦᠷᠢᠯᠡᠬᠦ      ᠬᠤᠷᠢᠨ ᠨᠢᠭᠡᠳᠦᠭᠡᠷ ᠵᠦᠢᠯ   ᠲᠤᠰ ᠬᠤᠲᠠ ᠶᠢᠨ ᠠᠮᠢᠳᠤᠷᠠᠯ ᠤᠨ ᠬᠤᠭ ᠨᠤᠪᠰᠢ ᠶᠢ ᠬᠤᠷᠢᠶᠠᠨ ᠴᠤᠭᠯᠠᠭᠤᠯᠬᠤ ᠰᠠᠪᠠ ᠲᠣᠬᠢᠷᠠᠭᠤᠯᠬᠤ ᠵᠢᠷᠤᠮᠵᠢᠯ ᠢ ︽ᠬᠤᠲᠠ ᠶᠢᠨ ᠤᠷᠴᠢᠨ ᠲᠤᠭᠤᠷᠢᠨ ᠤ ᠠᠷᠢᠭᠤᠨ ᠴᠡᠪᠡᠷ ᠤᠨ ᠪᠡᠯᠡᠳᠭᠡᠮᠵᠢ ᠶᠢᠨ ᠲᠥᠯᠥᠪᠵᠢᠭᠦᠯᠭᠡ ᠶᠢᠨ ᠪᠠᠷᠢᠮᠵᠢᠶ᠎ᠠ︾ ᠶᠤᠰᠤᠭᠠᠷ ᠬᠡᠷᠡᠭᠵᠢᠬᠦᠯᠦᠨ᠎ᠡ᠃      ᠬᠤᠷᠢᠨ ᠬᠤᠶᠠᠳᠤᠭᠠᠷ ᠵᠦᠢᠯ   ᠠᠮᠢᠳᠤᠷᠠᠯ ᠤᠨ ᠬᠤᠭ ᠨᠤᠪᠰᠢ ᠶᠢ ᠲᠥᠷᠥᠯ ᠬᠤᠪᠢᠶᠠᠨ ᠬᠤᠷᠢᠶᠠᠨ ᠴᠤᠭᠯᠠᠭᠤᠯᠬᠤ ᠰᠠᠪᠠ ᠶᠢ ᠲᠤᠤᠷᠠᠬᠢ ᠲᠤᠭᠲᠠᠭᠠᠯ ᠶᠤᠰᠤᠭᠠᠷ ᠲᠤᠬᠢᠷᠠᠭᠤᠯᠤᠨ᠎ᠠ᠄       ︵ᠨᠢᠭᠡ︶  ᠤᠷᠤᠰᠢᠨ ᠰᠠᠭᠤᠬᠤ ᠭᠠᠵᠠᠷ᠂ ᠤᠷᠤᠨ ᠰᠠᠭᠤᠴᠠ᠂ ᠪᠠᠶᠢᠷᠢ᠂ ᠵᠣᠰᠠᠯᠠᠩ ᠵᠡᠷᠭᠡ ᠶᠢ ᠪᠠᠭᠲᠠᠭᠠᠭᠰᠠᠨ ᠠᠮᠢᠳᠤᠷᠠᠯ ᠤᠨ ᠤᠷᠤᠰᠢᠨ ᠰᠠᠭᠤᠬᠤ ᠭᠠᠵᠠᠷ ᠬᠤᠷᠢᠶᠠᠨ ᠠᠪᠴᠤ ᠪᠣᠯᠬᠤ ᠪᠣᠳᠠᠰ᠂ ᠲᠤᠭᠤᠭᠠᠨ ᠭᠡᠷ ᠤᠨ ᠬᠤᠭ ᠨᠤᠪᠰᠢ᠂ ᠬᠤᠣᠷᠳᠠᠢ ᠬᠤᠭ ᠨᠣᠪᠰᠢ᠂ ᠪᠤᠰᠤᠳ ᠬᠤᠭ ᠨᠤᠪᠰᠢ ᠵᠡᠷᠭᠡ ᠶᠢᠨ ᠲᠥᠷᠪᠡᠨ ᠲᠥᠷᠥᠯ ᠤᠨ ᠬᠤᠷᠢᠶᠠᠨ ᠴᠤᠭᠯᠠᠭᠤᠯᠬᠤ ᠰᠠᠪᠠ ᠶᠢ ᠲᠤᠬᠢᠷᠠᠭᠤᠯᠬᠤ ᠬᠡᠷᠡᠭᠲᠡᠢ︔       ︵ᠬᠤᠶᠠᠷ︶ ᠠᠯᠪᠠᠯᠠᠬᠤ ᠭᠠᠵᠠᠷ᠂ ᠤᠯᠤᠰ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠤᠨ ᠠᠵᠢᠯᠯᠠᠬᠤ ᠲᠠᠯᠠᠪᠤᠷ ᠭᠠᠵᠠᠷ ᠪᠠ ᠠᠵᠢᠯᠯᠠᠬᠤ ᠠᠰᠠᠷ᠂ ᠰᠤᠷᠭᠠᠭᠤᠯᠢ ᠵᠡᠷᠭᠡ ᠶᠢ ᠪᠠᠭᠲᠠᠭᠠᠭᠰᠠᠨ ᠲᠠᠯᠠᠪᠤᠷ ᠭᠠᠵᠠᠷ ᠬᠤᠷᠢᠶᠠᠨ ᠠᠪᠴᠤ ᠪᠣᠯᠬᠤ ᠪᠣᠳᠠᠰ᠂ ᠬᠤᠤᠷᠳᠠᠢ ᠬᠤᠭ ᠨᠤᠪᠰᠢ᠂ ᠪᠣᠰᠤᠳ ᠬᠤᠭ ᠨᠤᠪᠰᠢ ᠶᠢᠨ ᠭᠤᠷᠪᠠᠨ ᠲᠥᠷᠥᠯ ᠤᠨ ᠰᠠᠪᠠ ᠶᠢ ᠲᠤᠬᠢᠷᠠᠭᠤᠯᠬᠤ ᠠᠴᠠ ᠭᠠᠳᠠᠨ᠎ᠠ᠂   ᠲᠥᠪᠯᠡᠷᠡᠭᠦᠯᠦᠨ ᠬᠤᠭᠤᠯᠠ ᠬᠠᠩᠭᠠᠪᠠᠯ᠂ ︽ᠬᠦᠬᠡᠬᠤᠲᠠ ᠶᠢᠨ ᠲᠤᠭᠤᠭᠠᠨ ᠭᠡᠷ ᠤᠨ ᠬᠤᠭ ᠨᠤᠪᠰᠢ ᠶᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠬᠠᠮᠢᠶᠠᠷᠤᠯᠲᠠ ᠶᠢᠨ ᠠᠷᠭ᠎ᠠ︾ ︽ᠬᠦᠬᠡᠬᠤᠲᠠ ᠶᠢᠨ ᠬᠠᠶᠠᠭᠳᠠᠮᠠᠯ ᠢᠳᠡᠰᠢᠨ ᠥᠭᠡᠬᠦ ᠲᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠠᠷᠭ᠎ᠠ︾ ᠶᠢᠨ ᠲᠤᠭᠲᠠᠭᠠᠯ ᠶᠤᠰᠤᠭᠠᠷ᠂ ᠲᠤᠭᠤᠭᠠᠨ ᠭᠡᠷ ᠤᠨ ᠬᠤᠭ ᠨᠤᠪᠰᠢ ᠶᠢ ᠬᠤᠷᠢᠶᠠᠨ ᠴᠤᠭᠯᠠᠭᠤᠯᠬᠤ ᠰᠠᠪᠠ ᠲᠤᠬᠢᠷᠠᠭᠤᠯᠵᠤ ᠪᠤᠯᠤᠨ᠎ᠠ᠃       ︵ᠭᠤᠷᠪᠠ︶ ᠤᠯᠠᠨ ᠨᠡᠶᠢᠲᠡ ᠶᠢᠨ ᠭᠠᠵᠠᠷ᠂ ᠬᠤᠲᠠ ᠶᠢᠨ ᠵᠠᠮ᠂ ᠨᠢᠰᠭᠡᠯ ᠤᠨ ᠪᠠᠭᠤᠳᠠᠯ᠂ ᠲᠡᠷᠭᠡᠨ ᠥᠷᠲᠡᠭᠡ᠂ ᠠᠭᠤᠳᠠᠮ ᠲᠠᠯᠠᠪᠠᠢ᠂ ᠬᠤᠳᠠᠯᠳᠤᠭᠠᠨ ᠤ ᠭᠠᠵᠠᠷ᠂ ᠴᠡᠴᠡᠷᠯᠢᠭ᠂ ᠪᠡᠶ᠎ᠡ ᠶᠢᠨ ᠲᠠᠮᠢᠷ ᠤᠨ ᠲᠠᠯᠠᠪᠤᠷ ᠤᠷᠳᠤᠨ ᠵᠡᠷᠭᠡ ᠤᠯᠠᠨ ᠨᠡᠶᠢᠲᠡ ᠶᠢᠨ ᠲᠠᠯᠠᠪᠤᠷ ᠭᠠᠵᠠᠷ ᠲᠤ ᠬᠤᠷᠢᠶᠠᠨ ᠠᠪᠴᠤ ᠪᠣᠯᠬᠤ ᠪᠤᠳᠠᠰ᠂ ᠪᠣᠰᠤᠳ ᠬᠤᠭ ᠨᠤᠪᠰᠢ ᠶᠢᠨ ᠬᠤᠶᠠᠷ ᠲᠥᠷᠥᠯ ᠤᠨ ᠰᠠᠪᠠ ᠲᠤᠬᠢᠷᠠᠭᠤᠯᠤᠨ᠎ᠠ᠃ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠵᠡᠷᠭᠡ ᠲᠣᠭᠤᠭᠠᠨ ᠭᠡᠷ ᠤᠨ ᠬᠤᠭ ᠨᠤᠪᠰᠢ ᠬᠠᠷᠢᠴᠠᠩᠭᠤᠢ ᠠᠷᠪᠢᠨ ᠲᠠᠯᠠᠪᠤᠷ ᠭᠠᠵᠠᠷ ᠲᠤ ᠲᠤᠭᠤᠭᠠᠨ ᠭᠡᠷ ᠤᠨ ᠬᠤᠭ ᠨᠤᠪᠰᠢ ᠬᠤᠷᠢᠶᠠᠨ ᠴᠤᠭᠯᠠᠭᠤᠯᠬᠤ ᠰᠠᠪᠠ ᠲᠤᠬᠢᠷᠠᠭᠤᠯᠵᠤ ᠪᠣᠯᠤᠨ᠎ᠠ᠃      ᠬᠤᠷᠢᠨ ᠭᠤᠷᠪᠠᠳᠤᠭᠠᠷ ᠵᠦᠢᠯ   ᠠᠮᠢᠳᠤᠷᠠᠯ ᠤᠨ ᠬᠤᠭ ᠨᠤᠪᠰᠢ ᠶᠢ ᠲᠥᠷᠥᠯ ᠬᠤᠪᠢᠶᠠᠨ ᠬᠤᠷᠢᠶᠠᠨ ᠴᠤᠭᠯᠠᠭᠤᠯᠵᠤ᠂ ᠲᠥᠷᠥᠯ ᠬᠤᠪᠢᠶᠠᠨ ᠲᠡᠭᠡᠭᠡᠪᠦᠷᠢᠯᠡᠬᠦ ᠬᠡᠷᠡᠭᠲᠡᠢ᠂ ᠨᠢᠭᠡᠨᠲᠡ ᠲᠥᠷᠥᠯ ᠬᠤᠪᠢᠶᠠᠨ ᠬᠤᠷᠢᠶᠠᠨ ᠴᠤᠭᠯᠠᠭᠤᠯᠤᠭᠰᠠᠨ ᠠᠮᠢᠳᠤᠷᠠᠯ ᠤᠨ ᠬᠤᠭ ᠨᠣᠪᠰᠢ ᠶᠢ ᠬᠤᠯᠢᠯᠳᠤᠭᠤᠯᠤᠨ ᠬᠤᠷᠢᠶᠠᠨ ᠴᠤᠭᠯᠠᠭᠤᠯᠵᠤ᠂ ᠲᠡᠭᠡᠭᠡᠪᠦᠷᠢᠯᠡᠬᠦ ᠶᠢ ᠴᠠᠭᠠᠵᠠᠯᠠᠨ᠎ᠠ᠃      ᠲᠤᠭᠤᠭᠠᠨ ᠭᠡᠷ ᠤᠨ ᠬᠤᠭ ᠨᠤᠪᠰᠢ ᠪᠠ ᠪᠣᠰᠤᠳ ᠬᠤᠭ ᠨᠤᠪᠰᠢ ᠶᠢ ᠴᠠᠭ ᠲᠤᠬᠠᠢ ᠳᠤᠨᠢ ᠬᠤᠷᠢᠶᠠᠨ ᠲᠡᠭᠡᠭᠡᠪᠦᠷᠢᠯᠡᠵᠦ᠂ ᠡᠳᠦᠷ ᠤᠨ ᠬᠤᠭ ᠢ ᠡᠳᠦᠷ ᠲᠤᠨᠢ ᠴᠡᠪᠡᠷᠯᠡᠬᠦ ᠶᠢᠨ ᠬᠠᠮᠳᠤ ᠲᠤᠭᠲᠠᠭᠰᠠᠨ ᠴᠠᠭ᠂ ᠵᠠᠮ ᠱᠤᠭᠤᠮ ᠪᠠ ᠱᠠᠭᠠᠷᠳᠠᠯᠭ᠎ᠠ ᠶᠤᠰᠤᠭᠠᠷ ᠰᠢᠢᠳᠪᠦᠷᠢᠯᠡᠬᠦ ᠲᠠᠯᠠᠪᠤᠷ ᠭᠠᠵᠠᠷ ᠲᠤ ᠲᠡᠭᠡᠭᠡᠪᠦᠷᠢᠯᠡᠨ ᠬᠥᠷᠭᠡᠬᠦ ᠭᠡᠷᠡᠭᠲᠡᠢ᠃      ᠬᠤᠷᠢᠶᠠᠨ ᠠᠪᠴᠤ ᠪᠣᠯᠬᠤ ᠪᠤᠳᠠᠰ᠂ ᠲᠤᠮᠤ ᠬᠤᠭ ᠨᠤᠪᠰᠢ ᠶᠢ ᠬᠠᠮᠢᠶᠠᠷᠤᠯᠲᠠ ᠶᠢᠨ ᠬᠠᠷᠢᠭᠤᠴᠠᠯᠭᠠᠳᠠᠨ ᠠᠮᠢᠳᠤᠷᠠᠯ ᠤᠨ ᠬᠤᠭ ᠨᠤᠪᠰᠢ ᠶᠢ ᠲᠦᠷᠥᠯ ᠬᠤᠪᠢᠶᠠᠨ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ ᠨᠢᠭᠡᠴᠡ ᠪᠣᠶᠤ  ᠰᠡᠷᠭᠦᠮᠡᠯ ᠡᠬᠢ ᠪᠠᠶᠠᠯᠢᠭ ᠢ ᠬᠤᠷᠢᠶᠠᠨ ᠠᠪᠬᠤ ᠡᠵᠡᠩᠨᠡᠭᠴᠢ ᠪᠣᠯᠵᠤᠵᠤ ᠭᠡᠷ ᠲᠤᠨᠢ ᠬᠦᠷᠴᠦ ᠬᠤᠷᠢᠶᠠᠨ ᠴᠤᠭᠯᠠᠭᠤᠯᠵᠤ ᠲᠡᠭᠡᠭᠡᠪᠦᠷᠢᠯᠡᠨ᠎ᠡ᠃      ᠬᠤᠷᠢᠨ ᠳᠥᠷᠪᠡᠳᠦᠭᠡᠷ ᠵᠦᠢᠯ   ᠠᠮᠢᠳᠤᠷᠠᠯ ᠤᠨ ᠬᠤᠭ ᠨᠣᠪᠰᠢ ᠶᠢ ᠡᠵᠡᠩᠨᠡᠯᠲᠡ ᠶᠢᠨ ᠴᠢᠨᠠᠷᠲᠠᠶ ᠲᠥᠷᠥᠯ ᠬᠤᠪᠢᠶᠠᠨ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ ᠠᠵᠢᠯ ᠡᠷᠬᠢᠯᠡᠵᠦ ᠪᠠᠶᠢᠭ᠎ᠠ ᠨᠢᠭᠡᠴᠡ ᠨᠦᠭᠦᠳ ᠳᠣᠤᠷ᠎ᠠ ᠵᠢᠭᠰᠠᠭᠠᠭᠰᠠᠨ ᠲᠣᠭᠲᠠᠭᠠᠯ ᠤᠳ ᠢ ᠵᠢᠷᠤᠮᠯᠠᠬᠤ ᠬᠡᠷᠡᠭᠲᠡᠶ᠄      ︵ᠨᠢᠭᠡ︶ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠤᠨ ᠪᠠᠷᠢᠮᠵᠢᠶ᠎ᠠ ᠪᠠ ᠠᠵᠢᠯ ᠤᠨ ᠵᠢᠷᠤᠮᠵᠢᠯ ᠶᠤᠰᠤᠭᠠᠷ ᠲᠣᠭᠲᠠᠭᠰᠠᠨ ᠴᠠᠭ ᠤᠨ ᠳᠣᠲᠣᠷ᠎ᠠ ᠠᠮᠢᠳᠤᠷᠠᠯ ᠤᠨ ᠬᠤᠭ ᠨᠣᠪᠰᠢ ᠶᠢ ᠴᠠᠭ ᠲᠤᠬᠠᠶ ᠳᠤᠨᠢ ᠬᠤᠷᠢᠶᠠᠨ ᠲᠡᠭᠡᠭᠡᠪᠦᠷᠢᠯᠡᠬᠦ ᠬᠡᠷᠡᠭᠲᠡᠢ᠃      ︵ᠬᠤᠶᠠᠷ︶ ᠬᠤᠷᠢᠶᠠᠨ ᠴᠤᠭᠯᠠᠭᠤᠯᠤᠭᠰᠠᠨ ᠠᠮᠢᠳᠤᠷᠠᠯ ᠤᠨ ᠬᠤᠭ ᠨᠣᠪᠰᠢ ᠶᠢ ᠬᠤᠳᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠮᠡᠳᠡᠷᠡᠨ ᠵᠥᠪᠰᠢᠶᠡᠷᠡᠭᠰᠡᠨ ᠰᠢᠢᠳᠪᠦᠷᠢᠯᠡᠬᠦ ᠲᠠᠯᠠᠪᠤᠷ ᠭᠠᠵᠠᠷ ᠲᠤ ᠵᠥᠭᠡᠭᠡᠪᠦᠷᠢᠯᠡᠨ ᠬᠥᠷᠭᠡᠬᠦ ᠬᠡᠷᠡᠭᠲᠡᠢ︔      ︵ᠭᠤᠷᠪᠠ︶ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠤᠭᠰᠠᠨ ᠤ ᠳᠠᠷᠠᠭ᠎ᠠ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ ᠪᠡᠯᠡᠳᠭᠡᠮᠵᠢ ᠶᠢ ᠴᠠᠭ ᠲᠤᠬᠠᠶ ᠳᠤᠨᠢ ᠴᠡᠪᠡᠷᠯᠡᠵᠦ᠂  ᠤᠭ ᠣᠷᠣᠨ ᠳᠤᠨᠢ ᠲᠠᠯᠪᠢᠵᠤ᠂ ᠠᠵᠢᠯ ᠤᠨ ᠲᠠᠯᠠᠪᠤᠷ ᠢᠶᠠᠨ ᠴᠡᠪᠡᠷᠯᠡᠵᠦ᠂ ᠠᠮᠢᠳᠤᠷᠠᠯ ᠤᠨ ᠬᠤᠭ ᠨᠣᠪᠰᠢ  ᠬᠤᠷᠢᠶᠠᠨ ᠴᠤᠭᠯᠠᠭᠤᠯᠬᠤ ᠪᠡᠯᠡᠳᠭᠡᠮᠵᠢ ᠪᠠ ᠡᠷᠭᠢᠨ ᠲᠣᠭᠤᠷᠢᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠲᠤᠯᠠᠬᠤ ᠬᠡᠷᠡᠭᠲᠡᠶ︔      ︵ᠳᠥᠷᠪᠡ︶ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ ᠳᠤ ᠬᠡᠷᠡᠭᠯᠡᠬᠦ ᠲᠡᠷᠭᠡ ᠬᠥᠰᠬᠡ ᠶᠢ ᠨᠢᠭᠲᠠ ᠪᠢᠳᠡᠭᠦᠦ᠂ ᠪᠦᠷᠢᠨ ᠪᠦᠲᠦᠨ ᠪᠠ ᠴᠡᠪᠡᠷ ᠪᠠᠶᠢᠯᠭᠠᠬᠤ ᠬᠡᠷᠡᠭᠲᠡᠶ︔      ︵ᠲᠠᠪᠤ︶ ᠬᠠᠮᠢᠶᠠᠷᠤᠯᠲᠠ ᠶᠢᠨ ᠡᠬᠡ ᠳᠠᠩᠰᠠ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠶᠢᠨ ᠢᠷᠡᠯᠲᠡ᠂ ᠲᠥᠷᠥᠯ ᠵᠦᠢᠯ᠂ ᠲᠤᠭ᠎ᠠ ᠬᠡᠮᠵᠢᠶ᠎ᠡ᠂ ᠬᠠᠮᠢᠭᠠᠰᠢ ᠲᠡᠭᠡᠪᠦᠷᠢᠯᠡᠵᠦ ᠠᠪᠠᠴᠢᠭᠰᠠᠨ ᠵᠡᠷᠭᠡ ᠶᠢ ᠲᠡᠮᠳᠡᠭᠯᠡᠬᠦ ᠶᠢᠨ ᠬᠠᠮᠲᠤ᠂ ᠪᠠᠶᠢᠭ᠎ᠠ ᠭᠠᠵᠠᠷ ᠣᠷᠣᠨ ᠤ ᠪᠠᠨ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃      ᠬᠤᠷᠢᠨ ᠲᠠᠪᠤᠳᠤᠭᠠᠷ ᠵᠦᠢᠯ   ᠠᠮᠢᠳᠤᠷᠠᠯ ᠤᠨ ᠬᠤᠭ ᠨᠣᠪᠰᠢ ᠶᠢ ᠠᠮᠢᠳᠤᠷᠠᠯ ᠤᠨ ᠬᠤᠭ ᠨᠣᠪᠰᠢ ᠶᠢ  ᠳᠠᠮᠵᠢᠭᠤᠯᠤᠨ ᠲᠡᠭᠡᠭᠡᠪᠦᠷᠢᠯᠡᠬᠦ ᠦᠷᠳᠡᠭᠡ᠂ ᠰᠢᠢᠳᠪᠦᠷᠢᠯᠡᠬᠦ ᠦᠢᠯᠡᠳᠪᠦᠷᠢ ︵ᠲᠠᠯᠠᠪᠤᠷ︶ ᠳᠤ ᠰᠢᠢᠳᠪᠦᠷᠢᠯᠡᠬᠦ ᠬᠡᠷᠡᠭᠲᠡᠶ᠃ ᠶᠠᠮᠠᠷᠪᠠ ᠨᠢᠭᠡᠴᠡ ᠪᠠ ᠬᠤᠪᠢ ᠬᠥᠮᠦᠨ ᠠᠮᠢᠳᠤᠷᠠᠯ ᠤᠨ ᠬᠤᠭ ᠨᠣᠪᠰᠢ ᠶᠢ ᠳᠤᠷ᠎ᠠ ᠪᠠᠷ ᠢᠶᠠᠨ ᠰᠢᠢᠳᠪᠦᠷᠢᠯᠡᠵᠦ ᠪᠣᠯᠬᠤ ᠦᠭᠡᠢ᠃      ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠳᠤ ᠬᠡᠷᠡᠭᠯᠡᠬᠦ ᠮᠡᠷᠭᠡᠵᠢᠯ᠂ ᠲᠥᠬᠦᠭᠡᠷᠦᠮᠵᠢ᠂  ᠮᠠᠲ᠋ᠧᠷᠢᠶᠠᠯ  ᠢ ᠬᠤᠳᠠ ᠶᠢᠨ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠤᠬᠠᠶ ᠤᠯᠤᠰ ᠤᠨ ᠬᠠᠮᠢᠶ᠎ᠠ ᠪᠦᠬᠦᠢ ᠮᠡᠷᠭᠡᠵᠢᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠦᠯᠵᠦ᠂ ᠣᠷᠴᠢᠨ ᠠᠬᠤᠶ ᠶᠢ ᠪᠣᠬᠢᠷᠲᠤᠭᠤᠯᠬᠤ ᠠᠴᠠ ᠰᠡᠷᠭᠡᠶᠢᠯᠡᠬᠦ ᠬᠡᠷᠡᠭᠲᠡᠶ᠃      ᠬᠤᠷᠢᠨ ᠵᠢᠷᠭᠤᠳᠤᠭᠠᠷ ᠵᠦᠢᠯ   ᠠᠮᠢᠳᠤᠷᠠᠯ ᠤᠨ ᠬᠤᠭ ᠨᠣᠪᠰᠢ ᠶᠢ ᠡᠵᠡᠩᠨᠡᠯᠲᠡ ᠶᠢᠨ ᠴᠢᠨᠠᠷᠲᠠᠶ ᠲᠥᠷᠥᠯ ᠬᠤᠪᠢᠶᠠᠨ ᠰᠢᠢᠳᠪᠦᠷᠢᠯᠡᠬᠦ ᠠᠵᠢᠯ ᠡᠷᠬᠢᠯᠡᠵᠦ ᠪᠠᠶᠢᠭ᠎ᠠ ᠨᠢᠭᠡᠴᠡ ᠨᠦᠭᠦᠳ ᠳᠣᠤᠷ᠎ᠠ ᠵᠢᠭᠰᠠᠭᠠᠭᠰᠠᠨ ᠲᠣᠭᠲᠠᠭᠠᠯ ᠤᠳ ᠢ ᠵᠢᠷᠤᠮᠯᠠᠬᠤ ᠬᠡᠷᠡᠭᠲᠡᠶ᠄      ︵ᠨᠢᠭᠡ︶ ᠤᠯᠤᠰ ᠤᠨ ᠬᠠᠮᠢᠶ᠎ᠠ ᠪᠦᠬᠦᠢ ᠲᠣᠭᠲᠠᠭᠠᠯ ᠪᠠ ᠮᠡᠷᠭᠡᠵᠢᠯ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠬᠤᠳᠠ ᠶᠢᠨ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠬᠡᠷᠡᠭᠲᠡᠢ᠃      ︵ᠬᠤᠶᠠᠷ︶ ᠰᠢᠢᠳᠪᠦᠷᠢᠯᠡᠬᠦ ᠶᠠᠪᠤᠴᠠ ᠳᠤ ᠭᠠᠷᠤᠭᠰᠠᠨ ᠪᠣᠬᠢᠷ ᠤᠰᠤ᠂ ᠬᠠᠶᠠᠭᠳᠠᠮᠠᠯ ᠬᠡᠶ᠂ ᠬᠠᠶᠠᠭᠳᠠᠮᠠᠯ ᠰᠢᠭᠠᠷᠤ᠂ ᠨᠠᠷᠢᠨ ᠲᠣᠭᠤᠰᠣ ᠵᠡᠷᠭᠡ ᠶᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠬᠤᠶᠠᠳᠠᠬᠢ ᠤᠳᠠᠭᠠᠨ ᠤ  ᠪᠤᠬᠢᠷᠳᠤᠯ ᠢ ᠰᠡᠷᠭᠡᠶᠢᠯᠡᠬᠦ ᠬᠡᠷᠡᠭᠲᠡᠶ᠃      ︵ᠭᠤᠷᠪᠠ︶ ᠲᠣᠭᠲᠠᠭᠠᠭᠰᠠᠨ ᠴᠠᠭ ᠬᠤᠭᠤᠴᠠᠭ᠎ᠠ ᠪᠠ ᠱᠠᠭᠠᠷᠳᠠᠯᠭ᠎ᠠ ᠶᠣᠰᠣᠭᠠᠷ ᠠᠮᠢᠳᠤᠷᠠᠯ ᠤᠨ ᠬᠤᠭ ᠨᠣᠪᠰᠢ ᠶᠢ ᠬᠦᠯᠢᠶᠡᠵᠦ ᠠᠪᠬᠤ ᠬᠡᠷᠡᠭᠲᠡᠢ᠃      ︵ᠳᠥᠷᠪᠡ︶ ᠱᠠᠭᠠᠷᠳᠠᠯᠭ᠎ᠠ ᠶᠣᠰᠣᠭᠠᠷ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠥᠬᠦᠭᠡᠷᠦᠮᠵᠢ᠂ ᠪᠡᠯᠡᠳᠭᠡᠮᠵᠢ ᠲᠤᠬᠢᠷᠠᠭᠤᠯᠵᠤ᠂ ᠪᠡᠯᠡᠳᠭᠡᠮᠵᠢ᠂ ᠲᠦᠭᠦᠭᠡᠷᠦᠮᠵᠢ ᠶᠢᠨ ᠠᠵᠢᠯᠯᠠᠭᠠᠨ ᠰᠠᠶᠢᠨ ᠪᠠᠶᠢᠬᠤ ᠶᠢ ᠪᠠᠲᠤᠯᠠᠬᠤ ᠬᠡᠷᠡᠭᠲᠡᠶ᠃      ︵ᠲᠠᠪᠤ︶ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠥᠷᠲᠡᠭᠡ᠂ ᠲᠠᠯᠠᠪᠤᠷ ︵ ᠦᠢᠯᠡᠳᠪᠦᠷᠢ︶ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠲᠤᠯᠠᠬᠤ ᠬᠡᠷᠡᠭᠲᠡᠶ᠃      ︵ᠵᠢᠷᠭᠤᠭ᠎ᠠ︶ ᠱᠠᠭᠠᠷᠳᠠᠯᠭ᠎ᠠ ᠶᠣᠰᠣᠭᠠᠷ ᠬᠢᠷᠢ ᠲᠡᠩᠴᠡᠭᠰᠡᠨ ᠬᠠᠮᠢᠶᠠᠷᠤᠯᠲᠠ ᠶᠢᠨ ᠠᠵᠢᠯᠳᠠᠨ ᠵᠢᠴᠢ  ᠠᠵᠢᠯᠯᠠᠭᠴᠢ ᠲᠣᠬᠢᠷᠠᠭᠤᠯᠬᠤ ᠬᠡᠷᠡᠭᠲᠡᠢ᠃      ︵ᠳᠣᠯᠤᠭ᠎ᠠ︶ ᠡᠳᠦᠷ ᠪᠦᠷᠢ ᠶᠢᠨ ᠬᠤᠷᠢᠶᠠᠵᠤ ᠲᠡᠭᠡᠭᠡᠪᠦᠷᠢᠯᠡᠭᠰᠡᠨ᠂ ᠲᠠᠯᠠᠪᠤᠷ ᠥᠷᠲᠡᠭᠡ ᠪᠠᠷ ᠤᠷᠤᠭᠤᠯᠵᠤ ᠭᠠᠷᠭᠠᠭᠰᠠᠨ᠂ ᠰᠢᠢᠳᠪᠦᠷᠢᠯᠡᠭᠰᠡᠨ ᠠᠮᠢᠳᠤᠷᠠᠯ ᠤᠨ ᠬᠤᠭ ᠨᠣᠪᠰᠢ ᠶᠢᠨ ᠲᠤᠭ᠎ᠠ ᠬᠡᠮᠵᠢᠶ᠎ᠡ ᠶᠢ ᠠᠪᠴᠤ᠂ ᠱᠠᠭᠠᠷᠳᠠᠯᠭ᠎ᠠ ᠶᠣᠰᠣᠭᠠᠷ ᠪᠦᠷᠢᠳᠬᠡᠭᠰᠡᠨ ᠲᠤᠭ᠎ᠠ ᠪᠠᠷᠢᠮᠲᠠ ᠪᠠ ᠮᠡᠳᠡᠭᠦᠯᠬᠦ ᠬᠦᠰᠦᠨᠦᠭᠲᠦ ᠪᠠᠨ ᠪᠠᠶᠢᠭ᠎ᠠ ᠭᠠᠵᠠᠷ ᠤᠨ ᠢᠶᠠᠨ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ᠃      ︵ᠨᠠᠢᠮᠠ︶ ᠤᠰᠤ᠂ ᠬᠡᠢ᠂ ᠬᠥᠷᠥᠰᠥ ᠰᠢᠷᠣᠶ ᠵᠡᠷᠭᠡ ᠣᠷᠴᠢᠨ ᠲᠣᠭᠤᠷᠢᠨ ᠤ ᠨᠥᠯᠥᠭᠡᠯᠡᠯ ᠤᠨ ᠬᠢᠨᠠᠨ ᠬᠡᠮᠵᠢᠯᠲᠡ ᠶᠢ ᠱᠠᠭᠠᠷᠳᠠᠯᠭ᠎ᠠ ᠶᠣᠰᠣᠭᠠᠷ ᠲᠣᠭᠲᠠᠮᠠᠯ ᠬᠤᠭᠤᠴᠠᠭ᠎ᠠ ᠲᠠᠢ ᠪᠠᠷ ᠬᠢᠵᠦ᠂ ᠠᠮᠢᠳᠤᠷᠠᠯ ᠤᠨ ᠬᠤᠭ ᠨᠣᠪᠰᠢ ᠰᠢᠢᠳᠪᠦᠷᠢᠯᠡᠬᠦ ᠪᠡᠯᠡᠳᠭᠡᠮᠵᠢ ᠶᠢᠨ ᠴᠢᠳᠠᠮᠵᠢ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ  ᠬᠦᠢᠴᠡᠳᠭᠡᠯ ᠲᠤᠭ᠎ᠠ ᠶᠢ ᠪᠠᠶᠢᠴᠠᠭᠠᠨ ᠰᠢᠯᠭᠠᠵᠤ᠂ ᠦᠨᠡᠯᠡᠯᠲᠡ ᠬᠢᠵᠦ᠂ ᠪᠠᠶᠢᠭ᠎ᠠ ᠭᠠᠵᠠᠷ ᠤᠨ ᠢᠶᠠᠨ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠪᠠᠶᠢᠴᠠᠭᠠᠨ ᠰᠢᠯᠭᠠᠭᠰᠠᠨ᠂ ᠦᠨᠡᠯᠡᠯᠲᠡ ᠬᠢᠭᠰᠡᠨ ᠦᠷ᠎ᠡ ᠳ᠋ᠦᠩ ᠢᠶᠠᠨ ᠮᠡᠳᠡᠭᠦᠯᠬᠦ ᠬᠡᠷᠡᠭᠲᠡᠶ᠃      ᠬᠤᠷᠢᠨ ᠳᠣᠯᠣᠳᠤᠭᠠᠷ ᠵᠦᠢᠯ   ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠵᠤ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ ᠪᠠ ᠰᠢᠢᠳᠪᠦᠷᠢᠯᠡᠬᠦ ᠠᠵᠢᠯ ᠬᠢᠵᠦ ᠪᠠᠶᠢᠭ᠎ᠠ ᠨᠢᠭᠡᠴᠡ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠪᠡᠯᠡᠳᠬᠡᠯ ᠲᠥᠰᠦᠯ ᠲᠣᠭᠲᠠᠭᠠᠵᠤ᠂ ᠭᠡᠨᠡᠳᠲᠡ ᠶᠢᠨ ᠬᠡᠷᠡᠭ᠂ ᠠᠳᠡᠯ ᠬᠡᠷᠡᠭ ᠢ ᠠᠷᠭᠠᠴᠠᠭᠠᠬᠤ ᠶᠢᠨ ᠬᠠᠮᠲᠤ ᠪᠠᠶᠢᠭ᠎ᠠ ᠭᠠᠵᠠᠷ ᠤᠨ ᠢᠶᠠᠨ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠬᠤ ᠬᠡᠷᠡᠭᠲᠡᠶ᠃      ᠭᠡᠨᠡᠳᠲᠡ ᠶᠢᠨ ᠬᠡᠷᠡᠭ᠂ ᠠᠳᠡᠯ ᠬᠡᠷᠡᠭ ᠠᠴᠠ ᠪᠣᠯᠵᠤ ᠠᠮᠢᠳᠤᠷᠠᠯ ᠤᠨ ᠬᠤᠭ ᠨᠣᠪᠰᠢ ᠶᠢ ᠬᠡᠪ ᠤᠨ ᠶᠣᠰᠣᠭᠠᠷ ᠬᠤᠷᠢᠶᠠᠨ ᠴᠤᠭᠯᠠᠭᠤᠯᠵᠤ ᠲᠡᠭᠡᠭᠡᠪᠦᠷᠢᠯᠡᠵᠦ ᠰᠢᠢᠳᠪᠦᠷᠢᠯᠡᠬᠦ ᠶᠢᠨ ᠠᠷᠭ᠎ᠠ ᠦᠭᠡᠢ ᠪᠣᠯᠤᠭᠰᠠᠨ ᠪᠣᠯ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ ᠪᠠ ᠰᠢᠢᠳᠪᠦᠷᠢᠯᠡᠬᠦ ᠨᠢᠭᠡᠴᠡ ᠳᠠᠷᠦ᠋ᠢᠬᠠᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢᠶᠠᠨ ᠡᠬᠢᠯᠡᠭᠦᠯᠵᠦ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ ᠪᠠ ᠰᠢᠢᠳᠪᠦᠷᠢᠯᠡᠬᠦ ᠶᠢ ᠴᠠᠭ ᠲᠤᠬᠠᠶ ᠳᠤᠨᠢ ᠲᠣᠬᠢᠷᠠᠭᠤᠯᠬᠤ ᠶᠢᠨ ᠬᠠᠮᠲᠤ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃      ᠲᠠᠪᠤᠳᠤᠭᠠᠷ ᠪᠦᠯᠦᠭ  ᠬᠢᠨᠠᠯᠲᠠ ᠲᠠᠯᠪᠢᠵᠤ ᠬᠢᠨᠠᠨ ᠰᠢᠯᠭᠠᠬᠤ      ᠬᠤᠷᠢᠨ ᠨᠠᠢᠮᠠᠳᠤᠭᠠᠷ ᠵᠦᠢᠯ   ᠬᠤᠲᠠ᠂ ᠲᠣᠭᠤᠷᠢᠭ ᠤᠨ ᠠᠷᠠᠳ‌‍ᠤᠨ ᠵᠠᠰᠠᠭ ᠤᠨ ᠣᠷᠳᠣᠨ ᠪᠣᠯᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠠᠵᠢᠯ ᠤᠨ ᠶᠡᠷᠦᠩᠬᠡᠶᠢᠯᠡᠭᠰᠡᠨ ᠬᠢᠨᠠᠨ ᠰᠢᠯᠭᠠᠬᠤ ᠳᠦᠷᠢᠮ ᠢ ᠪᠠᠶᠢᠭᠤᠯᠤᠨ ᠲᠡᠭᠦᠯᠳᠡᠷᠵᠢᠬᠦᠯᠬᠦ ᠶᠢᠨ ᠬᠠᠮᠳᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠰᠢᠰᠲ᠋ᠧᠮᠵᠢ ᠳᠤ ᠣᠷᠣᠭᠤᠯᠵᠤ᠂ ᠬᠢᠨᠠᠨ ᠰᠢᠯᠭᠠᠭᠰᠠᠨ ᠦᠷ᠎ᠡ ᠳ᠋ᠦᠩ ᠢ ᠲᠣᠭᠲᠠᠮᠠᠯ ᠬᠤᠭᠤᠴᠠᠭ᠎ᠠ ᠲᠠᠢ ᠪᠠᠷ  ᠨᠡᠶᠢᠳᠡᠯᠡᠬᠦ ᠬᠡᠷᠡᠭᠲᠡᠢ᠃      ᠬᠤᠷᠢ ᠶᠢᠰᠦᠳᠦᠭᠡᠷ ᠵᠦᠢᠯ   ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠦᠬᠦ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠨᠢᠭᠡᠳᠦᠯᠲᠡᠢ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ᠂ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠲᠥᠷᠥᠯ ᠢᠯᠭᠠᠯ᠂ ᠲᠤᠭ᠎ᠠ ᠬᠡᠮᠵᠢᠶ᠎ᠡ ᠵᠡᠷᠭᠡ ᠮᠡᠳᠡᠭᠡ ᠵᠠᠩᠭᠢ ᠶᠢ ᠲᠡᠮᠳᠡᠭᠯᠡᠵᠦ ᠪᠦᠷᠢᠳᠭᠡᠨ᠂ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ ᠨᠡᠶᠢᠳᠡᠯᠡᠬᠦ ᠶᠢᠨ ᠬᠠᠮᠲᠤ ᠬᠤᠳᠠᠯᠳᠤᠭᠠᠨ ᠤ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠮᠢ ᠠᠬᠤᠢ ᠣᠷᠴᠢᠨ ᠲᠣᠭᠤᠷᠢᠨ ᠵᠡᠷᠭᠡ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠯᠦᠭᠡ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠬᠦ ᠬᠡᠷᠡᠭᠲᠡᠢ᠃      ᠭᠤᠴᠢᠳᠤᠭᠠᠷ ᠵᠦᠢᠯ   ᠬᠤᠲᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠳᠤᠮᠳᠠ ᠲᠤᠪᠤᠶᠢᠮ᠎ᠠ ᠠᠮᠵᠢᠯᠲᠠ ᠣᠯᠤᠭᠰᠠᠨ ᠨᠢᠭᠡᠴᠡ ᠪᠣᠯᠤᠨ ᠬᠤᠪᠢ ᠬᠥᠮᠦᠨ ᠢ ᠬᠥᠬᠢᠭᠦᠯᠦᠨ ᠰᠠᠶᠢᠰᠢᠶᠠᠵᠤ ᠱᠠᠩᠨᠠᠬᠤ ᠬᠡᠷᠡᠭᠲᠡᠶ᠃      ᠭᠤᠴᠢᠨ ᠨᠢᠭᠡᠳᠦᠭᠡᠷ ᠵᠦᠢᠯ   ᠬᠤᠲᠠ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠮᠢᠳᠤᠷᠠᠯ ᠤᠨ ᠬᠤᠭ ᠨᠣᠪᠰᠢ ᠶᠢ ᠬᠠᠤᠯᠢ ᠠᠴᠠ ᠵᠥᠷᠢᠴᠡᠨ ᠬᠠᠶᠠᠬᠤ ᠦᠢᠯᠡ ᠠᠵᠢᠯᠯᠠᠭ᠎ᠠ ᠶᠢ ᠵᠠᠭᠠᠯᠳᠤᠬᠤ᠂ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ᠂ ᠰᠢᠢᠳᠪᠦᠷᠢᠯᠡᠬᠦ ᠶᠠᠪᠤᠴᠠ ᠪᠣᠯᠤᠨ ᠴᠠᠭ ᠤᠨ ᠬᠢᠵᠠᠭᠠᠷ ᠢ ᠨᠡᠶᠢᠭᠡᠮ ᠳᠤ ᠨᠡᠶᠢᠲᠡᠯᠡᠵᠦ᠂ ᠢᠯᠡᠴᠢᠯᠡᠨ ᠮᠡᠳᠡᠭᠦᠯᠦᠯᠲᠡ ᠪᠠ ᠵᠠᠭᠠᠯᠳᠤᠯᠭ᠎ᠠ ᠶᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃      ᠶᠠᠮᠠᠷᠪᠠ ᠨᠢᠭᠡᠴᠡ ᠪᠠ ᠬᠤᠪᠢ ᠬᠥᠮᠦᠨ ᠲᠣᠰ ᠠᠷᠭ᠎ᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠵᠠᠭᠠᠯᠳᠤᠵᠤ ᠢᠯᠡᠴᠢᠯᠡᠨ ᠮᠡᠳᠡᠭᠦᠯᠬᠦ ᠡᠷᠬᠡ ᠲᠠᠢ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠰᠢᠢᠳᠪᠦᠷᠢᠯᠡᠭᠰᠡᠨ ᠦᠷ᠎ᠡ ᠳ᠋ᠦᠩ ᠢᠶᠠᠨ  ᠵᠠᠭᠠᠯᠳᠤᠭᠴᠢ ᠢᠯᠡᠴᠢᠯᠡᠨ ᠮᠡᠳᠡᠭᠦᠯᠦᠭᠴᠢ ᠳᠤ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ᠃      ᠭᠤᠴᠢᠨ ᠬᠤᠶᠠᠳᠤᠭᠠᠷ ᠵᠦᠢᠯ   ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠢᠨᠲ᠋ᠧᠷ ᠰᠦᠯᠵᠢᠶ᠎ᠡ ᠵᠡᠷᠭᠡ ᠵᠠᠭᠤᠴᠢ ᠨᠤᠭᠤᠳ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠳᠤ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠨᠢᠭᠡᠴᠡ ᠪᠣᠯᠤᠨ ᠬᠤᠪᠢ ᠬᠥᠮᠦᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ  ᠢᠯᠡᠴᠢᠯᠡᠬᠦ ᠬᠡᠷᠡᠭᠲᠡᠶ᠃      ᠭᠤᠴᠢᠨ ᠭᠤᠷᠪᠠᠳᠤᠭᠠᠷ ᠵᠦᠢᠯ   ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠵᠤ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ ᠪᠠ ᠰᠢᠢᠳᠪᠦᠷᠢᠯᠡᠬᠦ ᠠᠵᠤ ᠠᠬᠤᠶᠢᠯᠠᠯ ᠤᠨ ᠢᠳᠡᠭᠡᠮᠵᠢ ᠶᠢᠨ ᠳᠠᠩᠰᠠ ᠡᠪᠬᠡᠮᠡᠯ ᠪᠠᠶᠢᠭᠤᠯᠵᠤ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠ ᠰᠢᠢᠳᠪᠦᠷᠢᠯᠡᠭᠰᠡᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠢᠲᠡᠭᠡᠮᠵᠢ ᠶᠢᠨ ᠳᠠᠩᠰᠠ ᠡᠪᠬᠡᠮᠡᠯ ᠳᠤ ᠣᠷᠣᠭᠤᠯᠵᠤ᠂ ᠦᠢᠯᠡᠴᠢᠯᠡᠭᠡᠨ ᠤ ᠶᠠᠰᠤ ᠴᠢᠨᠠᠷ ᠪᠣᠯᠤᠨ ᠢᠲᠡᠭᠡᠮᠵᠢ ᠶᠢᠨ ᠵᠡᠷᠭᠡ ᠳᠡᠰ ᠲᠤ ᠣᠨ ᠤ ᠦᠨᠡᠯᠡᠯᠲᠡ ᠬᠢᠬᠦ ᠶᠢᠨ ᠬᠠᠮᠳᠤ ᠦᠨᠡᠯᠡᠯᠲᠡ ᠶᠢᠨ ᠦᠷ᠎ᠡ ᠳ᠋ᠦᠩ ᠢ ᠨᠡᠶᠢᠲᠡᠯᠡᠬᠦ ᠬᠡᠷᠡᠭᠲᠡᠶ᠃      ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠡᠭᠦᠷᠭᠡ ᠪᠠᠨ  ᠬᠦᠢᠴᠡᠳᠭᠡᠬᠦ ᠶᠢ ᠲᠡᠪᠴᠢᠭᠰᠡᠨ ᠨᠢᠭᠡᠴᠡ ᠪᠤᠶᠤ ᠬᠤᠪᠢ ᠬᠥᠮᠦᠨ ᠤ ᠮᠠᠭᠤ ᠮᠠᠭᠤᠬᠠᠢ ᠦᠢᠯᠡ ᠠᠵᠢᠯᠯᠠᠭ᠎ᠠ ᠶᠢᠨ ᠮᠡᠳᠡᠭᠡ ᠵᠠᠩᠭᠢ ᠶᠢ ᠨᠢᠭᠡᠴᠡ ᠪᠤᠶᠤ ᠬᠤᠪᠢ ᠬᠥᠮᠦᠨ ᠤ ᠢᠳᠡᠭᠡᠮᠵᠢ ᠶᠢᠨ ᠲᠡᠮᠳᠡᠭᠯᠡᠯ ᠳᠤ ᠣᠷᠣᠭᠤᠯᠬᠤ ᠶᠢᠨ ᠬᠠᠮᠲᠤ ᠬᠥᠬᠡᠬᠤᠲᠠ ᠶᠢᠨ ᠢᠳᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠠᠪᠴᠠᠩ ᠳᠤ ᠤᠷᠤᠭᠤᠯᠵᠤ ᠨᠡᠶᠢᠯᠡᠭᠦᠯᠬᠦ ᠬᠡᠷᠡᠭᠲᠡᠢ᠃      ᠵᠢᠷᠭᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ      ᠭᠤᠴᠢᠨ ᠳᠥᠷᠪᠡᠳᠦᠭᠡᠷ ᠵᠦᠢᠯ   ᠲᠣᠰ ᠠᠷᠭ᠎ᠠ ᠶᠢᠨ ᠠᠷᠪᠠᠨ ᠵᠢᠷᠭᠤᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ᠲᠤᠭᠲᠠᠭᠠᠯ ᠢ ᠵᠥᠷᠢᠴᠡᠵᠦ᠂ ᠠᠮᠢᠳᠤᠷᠠᠯ ᠤᠨ ᠬᠤᠭ ᠨᠣᠪᠰᠢ ᠶᠢ ᠳᠤᠷ᠎ᠠ ᠪᠠᠷ ᠢᠶᠠᠨ ᠠᠰᠬᠠᠭᠰᠠᠨ᠂ ᠴᠢᠳᠬᠤᠭᠰᠠᠨ᠂ ᠣᠪᠣᠭᠠᠯᠠᠭᠰᠠᠨ ᠪᠤᠶᠤ ᠰᠢᠳᠠᠭᠠᠭᠰᠠᠨ ᠪᠠᠶᠢᠪᠠᠯ᠂ ᠬᠤᠳᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ ᠨᠢ ᠵᠣᠭᠰᠤᠭᠠᠯᠭᠠᠵᠤ᠂ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠭᠤᠯᠵᠤ᠂ ᠨᠢᠭᠡᠴᠡ ᠶᠢ 5 ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠦᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠬᠤᠪᠢ ᠬᠥᠮᠦᠨ ᠢ 100 ᠲᠥᠭᠦᠷᠢᠭ ᠠᠴᠠ ᠳᠡᠭᠡᠭᠰᠢ 500 ᠲᠦᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃      ᠲᠣᠰ ᠠᠷᠭ᠎ᠠ ᠶᠢᠨ ᠠᠷᠪᠠᠨ ᠵᠢᠷᠭᠤᠳᠤᠭᠠᠷ ᠵᠦᠢᠯ ᠤᠨ ᠬᠤᠶᠠᠳᠤᠭᠠᠷ ᠵᠤᠷᠪᠤᠰ ᠤᠨ ᠲᠣᠭᠲᠠᠭᠠᠯ ᠢ ᠵᠥᠷᠢᠴᠡᠵᠦ ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠭᠰᠠᠨ ᠥᠬᠡᠶ ᠪᠠᠶᠢᠪᠠᠯ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ︔ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠨᠢᠭᠡᠴᠡ ᠶᠢ 5 ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠦᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠬᠤᠪᠢ ᠬᠥᠮᠦᠨ ᠢ ᠬᠠᠤᠯᠢ ᠶᠣᠰᠣᠭᠠᠷ ᠵᠣᠭᠤᠰ ᠢᠶᠠᠷ ᠲᠣᠷᠭᠠᠨ᠎ᠠ᠃      ᠭᠤᠴᠢᠨ ᠲᠠᠪᠤᠳᠤᠭᠠᠷ ᠵᠦᠢᠯ   ᠬᠠᠮᠢᠶᠠᠷᠤᠯᠲᠠ ᠶᠢᠨ ᠬᠠᠷᠢᠭᠤᠴᠠᠯᠭᠠᠲᠠᠨ ᠲᠤᠰ ᠠᠷᠭ᠎ᠠ ᠶᠢᠨ ᠠᠷᠪᠠᠨ ᠨᠠᠢᠮᠠᠳᠤᠭᠠᠷ ᠵᠦᠢᠯ ᠤᠨ ᠨᠢᠭᠡᠳᠦᠭᠡᠷ ᠵᠣᠷᠪᠤᠰ ᠤᠨ ᠨᠢᠭᠡᠳᠦᠭᠡᠷ ᠲᠣᠭᠲᠠᠭᠠᠯ ᠢ ᠵᠥᠷᠢᠴᠡᠵᠦ᠂ ᠲᠣᠭᠲᠠᠭᠠᠯ ᠶᠣᠰᠣᠭᠠᠷ ᠬᠤᠭ ᠨᠣᠪᠰᠢ ᠬᠤᠷᠢᠶᠠᠨ ᠴᠤᠭᠯᠠᠭᠤᠯᠬᠤ ᠰᠠᠪᠠ ᠲᠠᠯᠪᠢᠭᠰᠠᠨ ᠦᠭᠡᠢ ᠪᠣᠯ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠭᠤᠯᠬᠤ ᠶᠢᠨ ᠬᠠᠮᠳᠤ 50 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃      ᠭᠤᠴᠢᠨ ᠵᠢᠷᠭᠤᠳᠤᠭᠠᠷ ᠵᠦᠢᠯ   ᠠᠮᠢᠳᠤᠷᠠᠯ ᠤᠨ ᠬᠤᠭ ᠨᠣᠪᠰᠢ ᠶᠢ ᠡᠵᠡᠩᠨᠡᠯᠲᠡ ᠶᠢᠨ ᠴᠢᠨᠠᠷᠲᠠᠶ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ ᠠᠵᠤ ᠠᠬᠤᠶᠢᠯᠠᠯ ᠲᠣᠰ ᠠᠷᠭ᠎ᠠ ᠶᠢᠨ ᠬᠤᠷᠢᠨ ᠳᠥᠷᠪᠡᠳᠦᠭᠡᠷ ᠵᠦᠢᠯ ᠤᠨ ᠨᠢᠭᠡᠳᠦᠭᠡᠷ ᠵᠤᠷᠪᠤᠰ ᠤᠨ ᠨᠢᠭᠡ ᠠᠴᠠ ᠳᠥᠷᠪᠡᠳᠦᠭᠡᠷ ᠲᠣᠭᠲᠠᠭᠠᠯ ᠢ ᠵᠥᠷᠢᠴᠡᠭᠰᠡᠨ ᠪᠠᠶᠢᠪᠠᠯ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠭᠤᠯᠬᠤ ᠶᠢᠨ ᠬᠠᠮᠲᠤ 5000 ᠲᠥᠭᠦᠷᠢᠭ ᠠᠴᠠ ᠳᠡᠭᠡᠭᠰᠢ 3 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃      ᠭᠤᠴᠢᠨ ᠳᠣᠯᠣᠳᠤᠭᠠᠷ ᠵᠦᠢᠯ   ᠠᠮᠢᠳᠤᠷᠠᠯ ᠤᠨ ᠬᠤᠭ ᠨᠣᠪᠰᠢ ᠶᠢ ᠡᠵᠡᠩᠨᠡᠯᠲᠡ ᠶᠢᠨ ᠴᠢᠨᠠᠷᠲᠠᠶ ᠰᠢᠢᠳᠪᠦᠷᠢᠯᠡᠬᠦ ᠠᠵᠤ ᠠᠬᠤᠶᠢᠯᠠᠯ ᠲᠣᠰ ᠠᠷᠭ᠎ᠠ ᠶᠢᠨ ᠬᠤᠷᠢᠨ ᠵᠢᠷᠭᠤᠳᠤᠭᠠᠷ ᠵᠦᠢᠯ ᠤᠨ ᠲᠣᠭᠲᠠᠭᠠᠯ ᠠᠴᠠ ᠵᠥᠷᠢᠴᠡᠭᠰᠡᠨ ᠪᠣᠯ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠭᠤᠯᠤᠨ᠎ᠠ︔ ᠵᠠᠯᠠᠷᠠᠭᠤᠯᠬᠤ ᠶᠢ ᠲᠡᠪᠴᠢᠭᠰᠡᠨ ᠪᠣᠯ 5000 ᠲᠥᠭᠦᠷᠢᠭ ᠠᠴᠠ ᠳᠡᠭᠡᠭᠰᠢ 3 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃      ᠭᠤᠴᠢᠨ ᠨᠠᠢᠮᠠᠳᠤᠭᠠᠷ ᠵᠦᠢᠯ   ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠲᠡᠭᠦᠨ ᠤ ᠠᠵᠢᠯᠳᠠᠨ ᠲᠤᠰ ᠠᠷᠭ᠎ᠠ ᠶᠢᠨ ᠲᠣᠭᠲᠠᠭᠠᠯ ᠢ ᠵᠥᠷᠢᠴᠡᠵᠦ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠬᠤᠪᠢ ᠶᠢᠨ ᠨᠠᠶᠢᠷ ᠲᠠᠯ᠎ᠠ ᠶᠢ ᠪᠣᠳᠤᠵᠤ ᠬᠠᠤᠯᠢ ᠶᠣᠰᠣ ᠶᠢ ᠵᠦᠷᠢᠴᠡᠨ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ ᠪᠠᠶᠢᠪᠠᠯ᠂ ᠬᠠᠤᠯᠢ ᠶᠣᠰᠣᠭᠠᠷ ᠰᠠᠬᠢᠯᠭ᠎ᠠ ᠪᠠᠲᠤ ᠶᠢᠨ ᠰᠢᠢᠳᠭᠡᠯ ᠥᠭᠭᠦᠨ᠎ᠡ︔ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠤ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃      ᠭᠤᠴᠢ ᠶᠢᠰᠦᠳᠦᠭᠡᠷ ᠵᠦᠢᠯ   ᠲᠣᠰ ᠠᠷᠭ᠎ᠠ ᠶᠢ ᠵᠥᠷᠢᠴᠡᠵᠦ᠂ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠰᠢᠢᠳᠬᠡᠨ ᠲᠣᠷᠭᠠᠬᠤ ᠲᠣᠭᠲᠠᠭᠠᠯ ᠪᠠᠶᠢᠪᠠᠯ ᠲᠡᠷᠡ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ      ᠳᠥᠴᠢᠳᠦᠭᠡᠷ ᠵᠦᠢᠯ   ᠲᠣᠰ ᠠᠷᠭ᠎ᠠ ᠶᠢᠨ ᠲᠣᠭᠲᠠᠭᠠᠯ ᠨᠢ ᠠᠮᠢᠳᠤᠷᠠᠯ ᠤᠨ ᠬᠤᠭ ᠨᠣᠪᠰᠢ ᠶᠢ ᠡᠵᠡᠩᠨᠡᠯᠲᠡ ᠶᠢᠨ ᠪᠤᠰᠤ ᠴᠢᠨᠠᠷᠲᠠᠶ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ ᠪᠠ ᠰᠢᠢᠳᠪᠦᠷᠢᠯᠡᠬᠦ ᠨᠢᠭᠡᠴᠡ ᠳᠤ ᠲᠣᠬᠢᠷᠠᠨ᠎ᠠ᠂ ᠭᠡᠪᠡᠴᠦ ᠵᠠᠰᠠᠭ ᠵᠠᠬᠢᠷᠭᠠᠨ ᠤ ᠵᠥᠪᠰᠢᠶᠡᠷᠡᠯ ᠤᠨ ᠲᠤᠬᠠᠶ ᠲᠣᠭᠲᠠᠭᠠᠯ ᠪᠠ ᠭᠤᠴᠢᠨ ᠵᠢᠷᠭᠤᠳᠤᠭᠠᠷ ᠵᠦᠢᠯ᠂ ᠭᠤᠴᠢᠨ ᠲᠤᠯᠤᠳᠤᠭᠠᠷ ᠵᠦᠢᠯ ᠤᠨ ᠲᠣᠭᠲᠠᠭᠠᠯ ᠡᠭᠦᠨ ᠳᠤ ᠪᠠᠭᠲᠠᠬᠤ ᠦᠭᠡᠢ᠃ᠳᠥᠴᠢᠨ ᠨᠢᠭᠡᠳᠦᠭᠡᠷ ᠵᠦᠢᠯ   ᠬᠤᠲᠠ ᠶᠢᠨ ᠬᠠᠷᠢᠶ᠎ᠠ ᠤᠷᠤᠨ ᠤ ᠬᠤᠲᠠᠴᠢᠯᠠᠭᠰᠠᠨ ᠪᠤᠰᠤ ᠭᠠᠵᠠᠷ ᠣᠷᠣᠨ᠂ ᠬᠤᠰᠢᠭᠤ ᠰᠢᠶᠠᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠳᠤ ᠲᠣᠰ ᠠᠷᠭ᠎ᠠ ᠪᠠᠷ ᠯᠠᠪᠯᠠᠯᠲᠠ ᠪᠣᠯᠭᠠᠨ᠎ᠠ᠃      ᠳᠥᠴᠢᠨ ᠬᠤᠶᠠᠳᠤᠭᠠᠷ ᠵᠦᠢᠯ   ᠲᠣᠰ ᠠᠷᠭ᠎ᠠ ᠶᠢ 2020 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ  ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号