︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠶᠡᠷᠦᠩᠬᠡᠶ ᠬᠡᠯᠲᠡᠰ ᠤᠨ ᠠᠵᠤ ᠠᠬᠤᠢ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠣᠮᠠᠯᠯᠠᠨ ᠲᠠᠷᠬᠠᠭᠠᠬᠤ ᠲᠤᠬᠠᠢ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ  ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠣᠯᠲᠠ ᠶᠢᠨ ᠵᠥᠪᠯᠡᠯ ᠤᠨ ᠮᠡᠳᠡᠭᠳᠡᠯ
ᠨᠡᠶᠢᠲᠡᠯᠡᠭᠰᠡᠨ ᠴᠠᠭ᠄
2021/1/11
             ᠬᠦᠬᠡᠬᠤᠲᠠ ᠵᠠᠰᠠᠭ ᠲᠠᠷᠬᠠᠭᠠᠭᠰᠠᠨ ﹇2020﹈ 20 ᠳ᠋ᠤᠭᠠᠷ ᠲᠤᠭᠠᠲᠤ              2020ᠣᠨ ᠤ 9 ᠳ᠋ᠦ᠋ᠭᠡᠷ ᠰᠠᠷ᠎ᠠ ᠶᠢᠨ 17 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠬᠤᠯᠪᠣᠭᠳᠠᠯ ᠪᠦᠬᠦᠢ ᠨᠢᠭᠡᠴᠡ ᠳᠤ᠄      ︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠶᠡᠷᠦᠩᠬᠡᠶ ᠬᠡᠯᠲᠡᠰ ᠤᠨ ᠠᠵᠤ ᠠᠬᠤᠢ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ︵ᠲᠤᠷᠰᠢᠨ ᠬᠡᠷᠡᠭᠵᠢᠭᠦᠯᠬᠦ︶︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃     ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠶᠡᠷᠦᠩᠬᠡᠶ ᠬᠡᠯᠲᠡᠰ ᠤᠨ ᠠᠵᠤ ᠠᠬᠤᠶ ᠶᠢᠨ                  ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ︵ᠲᠤᠷᠰᠢᠨ ᠬᠡᠷᠡᠭᠵᠢᠭᠦᠯᠬᠦ︶      ᠨᠢᠭᠡᠳᠦᠭᠡᠷ ᠪᠦᠯᠦᠭ  ᠶᠡᠷᠦᠩᠬᠡᠶ ᠲᠦᠷᠢᠮ      ᠨᠢᠭᠡᠳᠦᠭᠡᠷ ᠵᠦᠢᠯ  ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ︵ᠳᠣᠷᠣᠭᠰᠢ ︽ᠰᠢᠨ᠎ᠡ ᠲᠣᠭᠤᠷᠢᠭ︾ ᠭᠡᠵᠦ ᠲᠣᠪᠴᠢᠯᠠᠨ᠎ᠠ︶ ᠤᠨ ᠶᠡᠷᠦᠩᠬᠡᠶ ᠬᠡᠯᠲᠡᠰ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠰᠢᠨ᠎ᠡ ᠲᠣᠭᠤᠷᠢᠭ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠲᠤᠰᠠᠳᠠ᠂ ︽ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠵᠦ ᠰᠢᠨ᠎ᠡ ᠪᠠᠶᠢᠷᠢᠰᠢᠯ ᠢ ᠪᠦᠷᠢᠯᠳᠦᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠣᠭᠤᠳᠬᠤ ᠰᠠᠨᠠᠯ︾ ︵ᠲᠥᠪ ᠲᠠᠷᠬᠠᠭᠠᠭᠰᠠᠨ ﹇2019﹈ 13 ᠳ᠋ᠤᠭᠠᠷ ᠲᠣᠭᠠᠲᠤ︶ ︽ᠤᠯᠤᠰ ᠤᠨ ᠲᠠᠰ ᠤᠨ ᠰᠢᠨ᠎ᠡ ᠲᠣᠭᠤᠷᠢᠭ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠳᠡᠮᠵᠢᠵᠦ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2019﹈ 58 ᠳ᠋ᠤᠭᠠᠷ ᠲᠣᠭᠠᠲᠤ︶ ︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠢ ᠪᠥᠲᠥᠭᠡᠨ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ︵ᠥᠪᠥᠷ ᠨᠠᠮ ᠲᠠᠷᠬᠠᠭᠠᠭᠰᠠᠨ ﹇2016﹈ 24 ᠳ᠋ᠦ᠋ᠭᠡᠷ ᠲᠣᠭᠠᠲᠤ︶ ᠢ ᠦᠨᠳᠦᠰᠦᠯᠡᠨ᠂ ᠰᠢᠨ᠎ᠡ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠰ ᠲᠥᠷᠥ ᠶᠢᠨ ᠪᠣᠳᠣᠯᠭ᠎ᠠ ᠶᠢ ᠣᠨᠴᠠᠭᠠᠶᠢᠯᠠᠨ ᠲᠣᠭᠲᠠᠭᠠᠪᠠ᠃      ᠬᠤᠶᠠᠳᠤᠭᠠᠷ ᠵᠦᠢᠯ  ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ ᠬᠡᠯᠡᠵᠦ ᠪᠠᠶᠢᠭ᠎ᠠ ᠶᠡᠷᠦᠩᠬᠡᠶ ᠬᠡᠯᠲᠡᠰ ᠤᠨ ᠠᠵᠣ ᠠᠬᠤᠶᠢᠯᠠᠯ ᠨᠢ ᠰᠢᠨ᠎ᠡ ᠲᠣᠭᠤᠷᠢᠭ ᠤᠨ ᠡᠳ᠋ ᠤᠨ ᠵᠠᠰᠠᠭ ᠭᠠᠶᠢᠯᠢ ᠶᠢᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠳᠠᠩᠰᠠᠯᠠᠭᠤᠯᠤᠨ ᠪᠠᠶᠢᠭᠤᠯᠬᠤ ᠶᠢᠨ ᠬᠠᠮᠲᠤ ᠬᠠᠤᠯᠢ ᠶᠣᠰᠣᠭᠠᠷ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠵᠦ᠂ ᠲᠡᠭᠦᠨ ᠤ ᠬᠤᠪᠢ ᠡᠵᠡᠮᠳᠡᠭᠰᠡᠨ ᠠᠵᠤ  ᠠᠬᠤᠶᠢᠯᠠᠯ ᠪᠤᠶᠤ ᠰᠠᠯᠪᠤᠷᠢ ᠪᠠᠶᠢᠭᠤᠯᠤᠮᠵᠢ ᠳᠤ ᠪᠠᠯᠠ ᠣᠷᠣᠭᠤᠯᠵᠤ ᠬᠤᠪᠢ ᠡᠵᠡᠮᠳᠡᠬᠦ᠂ ᠡᠵᠡᠩᠨᠡᠯᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠰᠤᠳᠤᠯᠤᠨ ᠨᠡᠭᠡᠭᠡᠵᠦ ᠵᠢᠷᠤᠭᠯᠠᠨ ᠲᠥᠯᠥᠪᠯᠡᠬᠦ᠂ ᠡᠵᠡᠩᠨᠡᠨ ᠪᠣᠷᠣᠯᠠᠭᠤᠯᠵᠤ ᠳᠡᠯᠭᠡᠷᠡᠭᠦᠯᠬᠦ᠂ ᠡᠳ᠋ ᠤᠨ ᠶᠠᠪᠤᠳᠠᠯ ᠤᠨ ᠳ᠋ᠦᠩᠨᠡᠨ ᠪᠣᠳᠣᠯᠲᠠ ᠬᠢᠬᠦ ᠵᠡᠷᠭᠡ ᠬᠠᠮᠢᠶᠠᠷᠤᠯᠲᠠ ᠪᠠ ᠦᠢᠯᠡᠴᠢᠯᠡᠭᠡᠨ ᠤ ᠡᠭᠦᠷᠭᠡ ᠴᠢᠳᠠᠪᠤᠷᠢ ᠪᠠᠨ ᠬᠡᠷᠡᠭᠵᠢᠭᠦᠯᠵᠦ ᠪᠠᠶᠢᠭ᠎ᠠ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠢ ᠵᠢᠭᠠᠵᠤ ᠪᠣᠢ᠃      ᠭᠤᠷᠪᠠᠳᠤᠭᠠᠷ ᠵᠦᠢᠯ  ᠣᠷᠣᠵᠤ ᠨᠤᠲᠤᠭᠰᠢᠬᠤ ᠶᠡᠷᠦᠩᠬᠡᠶ ᠬᠡᠯᠲᠡᠰ ᠤᠨ ᠠᠵᠤ ᠠᠬᠤᠶᠢᠯᠠᠯ ᠨᠢ ᠰᠢᠨ᠎ᠡ ᠲᠣᠭᠤᠷᠢᠭ ᠲᠤ ᠭᠠᠶᠢᠯᠢ ᠲᠤᠰᠢᠶᠠᠵᠤ ᠪᠣᠯᠬᠤ ᠪᠥᠭᠡᠳ ᠰᠢᠨ᠎ᠡ ᠲᠣᠭᠤᠷᠢᠭ ᠲᠠᠢ ᠪᠡᠯᠡ ᠣᠷᠣᠭᠤᠯᠬᠤ ᠬᠡᠯᠡᠯᠴᠡᠭᠡᠷ ᠲᠣᠭᠲᠠᠭᠠᠨ᠎ᠠ᠃      ᠳᠥᠷᠪᠡᠳᠦᠭᠡᠷ ᠵᠦᠢᠯ  ᠣᠷᠣᠵᠤ ᠨᠤᠲᠤᠭᠰᠢᠬᠤ ᠶᠡᠷᠦᠩᠬᠡᠶ ᠬᠡᠯᠲᠡᠰ ᠤᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠪᠠ ᠲᠡᠭᠦᠨ ᠤ ᠡᠷᠬᠡ ᠣᠯᠭᠤᠨ ᠬᠠᠮᠢᠶᠠᠷᠬᠤ ᠠᠵᠤ ᠠᠬᠤᠶᠢᠯᠠᠯ ᠪᠤᠶᠤ ᠰᠠᠯᠪᠤᠷᠢ ᠪᠠᠶᠢᠭᠤᠯᠤᠮᠵᠢ ᠨᠢ 2 ᠠᠴᠠ ᠳᠣᠣᠷ᠎ᠠ ᠪᠠᠶᠢᠵᠤ ᠪᠣᠯᠬᠤ ᠦᠭᠡᠢ᠂ ᠡᠭᠦᠨ ᠳᠤ ᠠᠳᠠᠭ ᠲᠠᠭᠠᠨ 1 ᠨᠢ ᠬᠦᠬᠡᠬᠤᠲᠠ ᠠᠴᠠ ᠭᠠᠳᠠᠨ᠎ᠠ ᠪᠠᠶᠢᠭᠤᠯᠵᠤ᠂ ᠲᠡᠷᠡ ᠮᠦᠷᠲᠡᠭᠡᠨ ᠳᠣᠣᠷᠠᠬᠢ ᠨᠦᠬᠦᠴᠡᠯ ᠤᠨ ᠨᠢᠭᠡᠨ ᠳᠤᠨᠢ ᠨᠡᠶᠢᠴᠡᠭᠰᠡᠨ ᠪᠠᠶᠢᠬᠤ ᠬᠡᠷᠡᠭᠲᠡᠢ᠄      ︵ᠨᠢᠭᠡ︶ ᠳᠡᠭᠡᠷ᠎ᠡ ᠵᠢᠯ ᠳᠤ ᠨᠡᠶᠢᠲᠡᠯᠡᠭᠰᠡᠨ ᠳᠡᠯᠡᠬᠡᠶ ᠶᠢᠨ ᠠᠵᠤ ᠠᠬᠤᠶᠢᠯᠠᠯ ᠤᠨ 500 ᠬᠦᠴᠦᠷᠬᠡᠭ᠂ ᠳᠤᠮᠳᠠᠳᠤ ᠤᠯᠤᠰ ᠤᠨ ᠠᠵᠤ ᠠᠬᠤᠶᠢᠯᠠᠯ ᠤᠨ 500 ᠬᠦᠴᠦᠷᠬᠡᠭ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 500 ᠬᠦᠴᠦᠷᠬᠡᠭ᠂ ᠳᠤᠮᠳᠠᠳᠤ ᠤᠯᠤᠰ ᠤᠨ ᠦᠢᠯᠡᠳᠬᠦ ᠦᠢᠯᠡᠰ ᠤᠨ ᠠᠵᠤ ᠠᠬᠤᠶᠢᠯᠠᠯ ᠤᠨ 500 ᠬᠦᠴᠦᠷᠬᠡᠭ᠂ ᠳᠤᠮᠳᠠᠳᠤ ᠤᠯᠤᠰ ᠤᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ 500 ᠬᠦᠴᠦᠷᠬᠡᠭ᠂ ᠳᠤᠮᠳᠠᠳᠤ ᠤᠯᠤᠰ ᠤᠨ ᠬᠡᠯᠬᠢᠶ᠎ᠡ ᠠᠵᠤ ᠠᠬᠤᠶᠢᠯᠠᠯ ᠤᠨ 100 ᠬᠦᠴᠦᠷᠬᠡᠭ᠂ ᠵᠥᠭᠡᠯᠡᠨ ᠲᠣᠨᠤᠭ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠥᠷᠢᠰᠥᠯᠳᠦᠬᠦ ᠬᠦᠴᠦᠨ ᠲᠠᠢ 100 ᠬᠦᠴᠦᠷᠬᠡᠭ ᠵᠡᠷᠭᠡ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠵᠢᠴᠢ ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠳᠡᠭᠡᠷ᠎ᠡ ᠨᠢᠭᠡ ᠵᠢᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 100 ᠬᠦᠴᠦᠷᠬᠡᠭ ᠤᠨ ᠶᠡᠷᠦᠩᠬᠡᠶ ᠬᠡᠯᠲᠡᠰ ᠪᠤᠶᠤ ᠮᠤᠵᠢ ᠶᠢᠨ ᠱᠠᠲᠤᠨ ᠠᠴᠠ ᠳᠡᠭᠡᠭᠰᠢᠬᠢ ︵ᠮᠤᠵᠢ ᠶᠢᠨ ᠱᠠᠲᠤ ᠪᠠᠭᠲᠠᠨ᠎ᠠ︶ ᠭᠠᠵᠠᠷ ᠣᠷᠣᠨ ᠤ ᠶᠡᠷᠦᠩᠬᠡᠶ ᠬᠡᠯᠲᠡᠰ᠃      ︵ᠬᠤᠶᠠᠷ︶ ᠬᠢᠯᠢ ᠶᠢᠨ ᠳᠣᠲᠣᠨ᠎ᠠ ᠭᠠᠳᠠᠨᠠᠬᠢ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ᠂ ᠤᠯᠤᠰ ᠠᠯᠤᠰᠯᠠᠭᠰᠠᠨ ᠺᠣᠮᠫᠠᠨᠢ᠂ ᠤᠯᠤᠰ ᠪᠠ ᠲᠥᠪ ᠤᠨ ᠰᠠᠯᠠᠭ᠎ᠠ ᠮᠥᠴᠢᠷ ᠤᠨ ᠬᠠᠮᠢᠶᠠᠷᠴᠤ ᠪᠠᠶᠢᠭ᠎ᠠ ᠲᠣᠮᠣ ᠠᠵᠤ ᠠᠬᠤᠶᠢᠯᠠᠯ ᠤᠨ ᠶᠠᠷᠦᠩᠬᠡᠢ ᠬᠡᠯᠲᠡᠰ ᠪᠤᠶᠤ ᠮᠤᠵᠢ ᠶᠢᠨ ᠱᠠᠲᠤᠨ ᠠᠴᠠ ᠳᠡᠭᠡᠭᠰᠢᠬᠢ ︵ᠮᠤᠵᠢ ᠶᠢᠨ ᠱᠠᠲᠤ ᠪᠠᠭᠲᠠᠨ᠎ᠠ︶ ᠭᠠᠵᠠᠷ ᠣᠷᠣᠨ ᠤ ᠶᠡᠷᠦᠩᠬᠡᠶ ᠬᠡᠯᠲᠡᠰ᠃      ︵ᠭᠤᠷᠪᠠ︶ ᠳᠡᠭᠡᠷ᠎ᠡ ᠳᠤᠷᠠᠳᠤᠭᠰᠠᠨ ᠬᠡᠪᠴᠢᠶᠡᠨ ᠳᠤ ᠪᠠᠭᠲᠠᠬᠤ ᠦᠭᠡᠢ ᠠᠵᠤ ᠠᠬᠤᠶᠢᠯᠠᠯ ᠳᠣᠤᠷᠠᠬᠢ ᠨᠥᠬᠦᠴᠡᠯ ᠢ ᠬᠠᠩᠭᠠᠬᠤ ᠬᠡᠷᠡᠭᠲᠡᠶ᠄      1. ᠲᠣᠮᠣ ᠳ᠋ᠠᠶᠢᠲ᠋ᠠ ᠶᠢᠨ ᠶᠡᠷᠦᠩᠬᠡᠶ ᠬᠡᠯᠲᠡᠰ ᠤᠨ ᠠᠵᠤ ᠠᠬᠤᠶᠢᠯᠠᠯ᠃ ᠳᠡᠭᠡᠷ᠎ᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 5000 ᠲᠦᠮᠡᠨ ᠲᠥᠭᠦᠷᠢᠭ ᠠᠴᠠ ᠳᠡᠭᠡᠭᠰᠢ ᠮᠦᠷᠲᠡᠭᠡᠨ ᠳᠡᠭᠡᠷ᠎ᠡ ᠵᠢᠯ ᠤᠨ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ 300 ᠲᠦᠮᠡᠨ ᠲᠥᠭᠦᠷᠢᠭ ᠠᠴᠠ ᠳᠡᠭᠡᠭᠰᠢ ᠬᠤᠪᠢ ᠨᠡᠮᠡᠷᠢ ᠦᠵᠡᠭᠦᠯᠦᠭᠰᠡᠨ ᠪᠠᠶᠢᠬᠤ ᠬᠡᠷᠡᠭᠲᠡᠢ᠃      2. ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠲᠣᠨᠤᠭ ᠲᠥᠬᠦᠭᠡᠷᠦᠮᠵᠢ ᠦᠢᠯᠡᠳᠬᠦ ᠪᠠ ᠳᠡᠭᠡᠳᠦ ᠲᠡᠰ ᠤᠨ ᠲᠣᠨᠤᠭ ᠲᠥᠬᠦᠭᠡᠷᠦᠮᠵᠢ ᠦᠢᠯᠡᠳᠬᠦ ᠶᠡᠷᠦᠩᠬᠡᠶ ᠬᠡᠯᠲᠡᠰ ᠤᠨ ᠠᠵᠤ ᠠᠬᠤᠶᠢᠯᠠᠯ᠃ ᠳᠡᠭᠡᠷ᠎ᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 10 ᠳ᠋ᠦᠩᠰᠢᠭᠤᠷ ᠲᠥᠭᠦᠷᠢᠭ ᠠᠴᠠ ᠳᠡᠭᠡᠭᠰᠢ ᠮᠦᠷᠲᠡᠭᠡᠨ ᠳᠡᠭᠡᠷ᠎ᠡ ᠵᠢᠯ ᠤᠨ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ 2000 ᠲᠦᠮᠡᠨ ᠲᠥᠭᠦᠷᠢᠭ ᠠᠴᠠ ᠳᠡᠭᠡᠭᠰᠢ ᠬᠤᠪᠢ ᠨᠡᠮᠡᠷᠢ ᠦᠵᠡᠭᠦᠯᠦᠭᠰᠡᠨ ᠪᠠᠶᠢᠬᠤ ᠬᠡᠷᠡᠭᠲᠡᠢ᠃      3. ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠰᠢᠨ᠎ᠡ ᠮᠠᠲ᠋ᠧᠷᠢᠶᠠᠯ ᠪᠣᠯᠤᠨ ᠳᠡᠭᠡᠳᠦ ᠲᠠᠰ ᠤᠨ ᠠᠮᠢᠳᠤ ᠪᠣᠳᠠᠰ ᠤᠨ ᠡᠮ ᠡᠮᠨᠡᠯᠭᠡ ᠶᠢᠨ ᠶᠡᠷᠦᠩᠬᠡᠶ ᠬᠡᠯᠲᠡᠰ ᠤᠨ ᠠᠵᠤ ᠠᠬᠤᠶᠢᠯᠠᠯ᠃ ᠳᠡᠭᠡᠷ᠎ᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 5000 ᠲᠦᠮᠡᠨ ᠲᠥᠭᠦᠷᠢᠭ ᠠᠴᠠ ᠳᠡᠭᠡᠭᠰᠢ ᠮᠦᠷᠲᠡᠭᠡᠨ ᠳᠡᠭᠡᠷ᠎ᠡ ᠵᠢᠯ ᠤᠨ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ 300 ᠲᠦᠮᠡᠨ ᠲᠥᠭᠦᠷᠢᠭ ᠠᠴᠠ ᠳᠡᠭᠡᠭᠰᠢ ᠬᠤᠪᠢ ᠨᠡᠮᠡᠷᠢ ᠦᠵᠡᠭᠦᠯᠦᠭᠰᠡᠨ ᠪᠠᠶᠢᠬᠤ ᠬᠡᠷᠡᠭᠲᠡᠢ᠃      4. ᠰᠣᠶᠣᠯ ᠤᠨ ᠪᠦᠲᠦᠭᠡᠯᠴᠢ ᠲᠥᠰᠦᠪᠯᠡᠯ ᠤᠨ ᠶᠡᠷᠦᠩᠬᠡᠶ ᠬᠡᠯᠲᠡᠰ ᠤᠨ ᠠᠵᠤ ᠠᠬᠤᠶᠢᠯᠠᠯ᠃ ᠳᠡᠭᠡᠷ᠎ᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 2000 ᠲᠦᠮᠡᠨ ᠲᠥᠭᠦᠷᠢᠭ ᠠᠴᠠ ᠳᠡᠭᠡᠭᠰᠢ ᠮᠦᠷᠲᠡᠭᠡᠨ ᠳᠡᠭᠡᠷ᠎ᠡ ᠵᠢᠯ ᠤᠨ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ 200 ᠲᠦᠮᠡᠨ ᠲᠥᠭᠦᠷᠢᠭ ᠠᠴᠠ ᠳᠡᠭᠡᠭᠰᠢ ᠬᠤᠪᠢ ᠨᠡᠮᠡᠷᠢ ᠦᠵᠡᠭᠦᠯᠦᠭᠰᠡᠨ ᠪᠠᠶᠢᠬᠤ ᠬᠡᠷᠡᠭᠲᠡᠢ᠃      5. ᠪᠣᠬᠢᠷᠲᠤᠯ ᠦᠭᠡᠢ ᠠᠮᠢ ᠠᠬᠤᠢ ᠶᠢᠨ ᠠᠵᠤ ᠦᠢᠯᠡᠰ ᠤᠨ ᠶᠡᠷᠦᠩᠬᠡᠶ ᠬᠡᠯᠲᠡᠰ ᠤᠨ ᠠᠵᠤ ᠠᠬᠤᠶᠢᠯᠠᠯ᠃ ᠳᠡᠭᠡᠷ᠎ᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 5000 ᠲᠦᠮᠡᠨ ᠲᠥᠭᠦᠷᠢᠭ ᠠᠴᠠ ᠳᠡᠭᠡᠭᠰᠢ ᠮᠥᠷᠲᠡᠭᠡᠨ ᠳᠡᠭᠡᠷ᠎ᠡ ᠵᠢᠯ ᠤᠨ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ 200 ᠲᠦᠮᠡᠨ ᠲᠥᠭᠦᠷᠢᠭ ᠠᠴᠠ ᠳᠡᠭᠡᠭᠰᠢ ᠬᠤᠪᠢ ᠨᠡᠮᠡᠷᠢ ᠦᠵᠡᠭᠦᠯᠦᠭᠰᠡᠨ ᠪᠠᠶᠢᠬᠤ ᠬᠡᠷᠡᠭᠲᠡᠢ᠃      6. ᠳᠡᠭᠡᠷ᠎ᠡ ᠳᠤᠷᠠᠳᠤᠭᠰᠠᠨ ᠠᠵᠢᠯ ᠲᠥᠷᠥᠯ ᠠᠴᠠ ᠭᠠᠳᠠᠨᠠᠬᠢ ᠪᠤᠰᠤᠳ ︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠤᠳᠤᠷᠢᠳᠤᠮᠵᠢ ᠶᠢᠨ ᠭᠠᠷᠴᠠᠭ ︵ᠲᠤᠷᠰᠢᠨ ᠬᠡᠷᠡᠭᠵᠢᠭᠦᠯᠬᠦ︶︾ ᠲᠠᠢ ᠨᠡᠶᠢᠴᠡᠵᠦ᠂ ᠭᠠᠶᠢᠯᠢ ᠲᠠᠲᠠᠪᠤᠷᠢ ᠶᠢᠨ ᠬᠤᠪᠢ ᠨᠡᠮᠡᠷᠢ ᠶᠡᠭᠡ᠂ ᠬᠥᠭᠵᠢᠯᠲᠡ ᠶᠢᠨ ᠳᠠᠯᠳᠠ ᠬᠦᠴᠦᠨ ᠶᠡᠭᠡ᠂ ᠰᠢᠨ᠎ᠡ ᠲᠣᠭᠤᠷᠢᠭ ᠲᠤ ᠴᠢᠬᠤᠯᠠ ᠶᠡᠭᠡ ᠲᠤᠯᠭᠠᠭᠤᠷᠢᠯᠠᠬᠤ ᠦᠢᠯᠡᠳᠦᠯ ᠲᠠᠢ ᠠᠵᠤ ᠠᠬᠤᠶᠢᠯᠠᠯ ᠳᠤ ︽ᠨᠢᠭᠡ ᠤᠴᠢᠷ ᠢ ᠨᠢᠭᠡ ᠵᠥᠪᠯᠡᠬᠦ︾ ᠠᠷᠭ᠎ᠠ ᠠᠪᠴᠤ᠂ ᠲᠣᠰ ᠲᠥᠷᠥ ᠶᠢᠨ ᠪᠣᠳᠣᠯᠭ᠎ᠠ ᠶᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃      ᠬᠤᠶᠠᠳᠤᠭᠠᠷ ᠪᠦᠯᠦᠭ  ᠨᠥᠬᠦᠪᠥᠷᠢ ᠥᠭᠴᠦ ᠱᠠᠩᠨᠠᠬᠤ ᠪᠠᠷᠢᠮᠵᠢᠶ᠎ᠠ      ᠲᠠᠪᠤᠳᠤᠭᠠᠷ ᠵᠦᠢᠯ  ᠡᠵᠡᠩᠨᠡᠯᠲᠡ ᠶᠢᠨ ᠱᠠᠩᠨᠠᠯ      ︵ᠨᠢᠭᠡ︶ ᠥᠪᠡᠷᠲᠡᠭᠡᠨ ᠠᠯᠪᠠᠨ ᠬᠡᠷᠡᠭᠯᠡᠭᠡᠨ ᠤ ᠭᠡᠷ ᠪᠠᠷᠢᠬᠤ ᠪᠤᠶᠤ ᠰᠢᠨ᠎ᠡ ᠲᠣᠭᠤᠷᠢᠭ ᠤᠨ ᠮᠥᠩᠭᠦᠨ ᠭᠦᠢᠯᠭᠡᠭᠡᠨ ᠤ ᠵᠢᠵᠢᠭ ᠪᠠᠯᠭᠠᠰᠤ᠂ ᠲᠤᠭ᠎ᠠ ᠪᠥᠭᠡᠮᠨᠡᠷᠡᠯ ᠤᠨ ᠵᠢᠵᠢᠭ ᠪᠠᠯᠭᠠᠰᠤ ᠶᠢᠨ ᠲᠥᠯᠥᠪᠵᠢᠭᠦᠯᠭᠡ ᠶᠢᠨ ᠬᠦᠷᠢᠶ᠎ᠡ ᠬᠡᠪᠴᠢᠶ᠎ᠡ ᠵᠢᠴᠢ ᠰᠢᠨ᠎ᠡ ᠲᠣᠭᠤᠷᠢᠭ ᠤᠨ ᠵᠢᠭᠠᠨ ᠲᠣᠭᠲᠠᠭᠠᠭᠰᠠᠨ ᠪᠤᠰᠤᠳ ᠣᠷᠣᠨ ᠬᠡᠪᠴᠢᠶᠡᠨ ᠳᠣᠲᠣᠷᠠᠬᠢ ᠪᠥᠲᠥᠭᠡᠨ ᠪᠠᠶᠢᠭᠤᠯᠣᠯᠲᠠ ᠶᠢᠨ ᠲᠥᠷᠥᠯ ᠵᠦᠢᠯ ᠢ ᠬᠤᠳᠠᠯᠳᠤᠨ ᠠᠪᠴᠤ ᠥᠪᠡᠷᠲᠡᠭᠡᠨ ᠬᠡᠷᠡᠭᠯᠡᠬᠦ ᠠᠯᠪᠠᠨ ᠬᠡᠷᠡᠭᠯᠡᠭᠡᠨ ᠤ ᠭᠡᠷ ᠪᠠᠶᠢᠰᠢᠩ ᠪᠣᠯᠭᠠᠬᠤ ︵ᠬᠤᠳᠠᠯᠳᠤᠨ ᠠᠪᠬᠤ ᠲᠠᠯᠠᠪᠠᠶ ᠨᠢ 500 m2 ᠠᠴᠠ ᠳᠣᠤᠷ᠎ᠠ ᠪᠠᠶᠢᠵᠤ ᠪᠤᠯᠬᠤ ᠥᠬᠡᠶ︶᠂ ᠡᠰᠡᠬᠦᠯ᠎ᠡ ᠲᠡᠭᠦᠨ ᠤ ᠬᠤᠪᠢ ᠡᠵᠡᠮᠳᠡᠭᠰᠡᠨ ᠠᠵᠤ ᠠᠬᠤᠶᠢᠯᠠᠯ ᠨᠢ ᠰᠢᠨ᠎ᠡ ᠲᠣᠭᠤᠷᠢᠭ ᠲᠤ ᠦᠢᠯᠡᠳᠪᠦᠷᠢᠯᠡᠯ ᠤᠨ ᠴᠢᠨᠠᠷᠲᠠᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠭᠰᠠᠨ ᠶᠡᠷᠦᠩᠬᠡᠶ ᠬᠡᠯᠲᠡᠰ ᠤᠨ ᠠᠵᠤ ᠠᠬᠤᠶᠢᠯᠠᠯ ︵ᠪᠡᠯᠡ ᠣᠷᠣᠭᠤᠯᠣᠯᠲᠠ ᠶᠢᠨ ᠲᠤᠭ᠎ᠠ ᠨᠢ 2000 ᠲᠦᠮᠡᠨ ᠲᠥᠭᠦᠷᠢᠭ ᠠᠴᠠ ᠳᠣᠣᠷ᠎ᠠ ᠦᠭᠡᠢ︶ ᠪᠦᠭᠡᠳ ᠪᠣᠳᠠᠲᠠᠶ ᠠᠵᠢᠯᠯᠠᠵᠤ ᠪᠠᠶᠢᠭ᠎ᠠ ᠠᠵᠢᠯᠲᠠᠨ 30 ᠬᠥᠮᠦᠨ ᠠᠴᠠ ᠳᠣᠣᠷ᠎ᠠ ᠪᠠᠶᠢᠵᠤ ᠪᠣᠯᠬᠤ ᠦᠭᠡᠢ ︵ᠠᠵᠤ ᠠᠬᠤᠶᠢᠯᠠᠯ ᠯᠤᠭ᠎ᠠ ᠬᠥᠳᠡᠯᠮᠦᠷᠢ ᠶᠢᠨ ᠭᠡᠷ᠎ᠡ ᠲᠣᠭᠲᠠᠬᠤ ᠶᠢᠨ ᠬᠠᠮᠲᠤ ᠨᠡᠶᠢᠭᠡᠮ ᠤᠨ ᠳᠠᠭᠠᠳᠬᠠᠯ ᠲᠤᠰᠢᠶᠠᠭᠰᠠᠨ ᠬᠥᠮᠦᠨ ᠤ ᠲᠤᠭ᠎ᠠ ᠪᠠᠷ ᠪᠠᠷᠢᠮᠵᠢᠶ᠎ᠠ ᠪᠣᠯᠭᠠᠨ᠎ᠠ︶᠃ ᠠᠵᠤ ᠠᠬᠤᠶᠢᠯᠠᠯ ᠤᠨ ᠲᠤᠰ ᠵᠢᠯ ᠤᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠡᠰᠡᠭ ᠪᠠ ᠦᠢᠯᠡᠳᠪᠦᠷᠢᠯᠡᠯ ᠡᠵᠡᠩᠨᠡᠯᠲᠡ ᠶᠢᠨ ᠠᠰᠢᠭ ᠣᠷᠣᠯᠭ᠎ᠠ ᠶᠢᠨ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢ ᠦᠨᠳᠦᠰᠦᠯᠡᠨ᠂ ᠲᠦᠷᠦᠭᠦᠤ 3 ᠵᠢᠯ ᠳᠤ 100%᠂ ᠳᠥᠷᠪᠡᠳᠦᠭᠡᠷ ᠵᠢᠯ ᠠᠴᠠ ᠲᠠᠪᠤᠳᠤᠭᠠᠷ ᠵᠢᠯ ᠳᠤ 50% ᠶᠢᠨ ᠬᠠᠷᠢᠴᠠᠯ ᠢᠶᠠᠷ ᠱᠠᠩᠨᠠᠯ ᠨᠦᠬᠦᠪᠦᠷᠢ ᠥᠭᠭᠦᠨ᠎ᠡ᠃      ︵ᠬᠤᠶᠠᠷ︶ ᠰᠢᠨ᠎ᠡ ᠲᠣᠭᠤᠷᠢᠭ ᠤᠨ ᠮᠥᠩᠭᠦᠨ ᠭᠦᠢᠯᠭᠡᠭᠡᠨ ᠤ ᠵᠢᠵᠢᠭ ᠪᠠᠯᠭᠠᠰᠤ᠂ ᠲᠤᠭ᠎ᠠ ᠪᠥᠭᠡᠮᠨᠡᠷᠡᠯ ᠤᠨ ᠵᠢᠵᠢᠭ ᠪᠠᠯᠭᠠᠰᠤᠨ ᠤ ᠲᠥᠯᠥᠪᠵᠢᠭᠦᠯᠭᠡ ᠶᠢᠨ ᠬᠦᠷᠢᠶ᠎ᠡ ᠬᠡᠪᠴᠢᠶ᠎ᠡ ᠵᠢᠴᠢ ᠰᠢᠨ᠎ᠡ ᠲᠣᠭᠤᠷᠢᠭ ᠤᠨ ᠵᠢᠭᠠᠨ ᠲᠣᠭᠲᠠᠭᠠᠭᠰᠠᠨ ᠪᠤᠰᠤᠳ ᠣᠷᠣᠨ ᠬᠡᠪᠴᠢᠶᠡᠨ ᠳᠣᠲᠣᠷᠠᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠦᠷᠢᠶᠡᠰᠦᠯᠡᠵᠦ ᠥᠪᠡᠷᠲᠡᠭᠡᠨ ᠬᠡᠷᠡᠭᠯᠡᠬᠦ ᠠᠯᠪᠠᠨ ᠬᠡᠷᠡᠭᠯᠡᠭᠡᠨ ᠤ ᠭᠡᠷ ᠪᠠᠶᠢᠰᠢᠩ ᠪᠣᠯᠭᠠᠬᠤ ᠶᠡᠷᠦᠩᠬᠡᠶ ᠬᠡᠯᠲᠡᠰ ᠤᠨ ᠠᠵᠤ ᠠᠬᠤᠶᠢᠯᠠᠯ ︵ᠲᠦᠷᠢᠶᠡᠰᠦᠯᠡᠬᠦ ᠲᠠᠯᠠᠪᠠᠢ ᠨᠢ 300 m2 ᠠᠴᠠ ᠳᠣᠣᠷ᠎ᠠ ᠪᠠᠶᠢᠵᠤ ᠪᠣᠯᠬᠤ ᠦᠭᠡᠢ︶ ᠪᠦᠭᠡᠳ ᠪᠣᠳᠠᠲᠠᠶ ᠠᠵᠢᠯᠯᠠᠵᠤ ᠪᠠᠶᠢᠭ᠎ᠠ ᠠᠵᠢᠯᠲᠠᠨ 30 ᠬᠥᠮᠦᠨ ᠠᠴᠠ ᠳᠣᠤᠷ᠎ᠠ ᠪᠠᠶᠢᠵᠤ ᠪᠣᠯᠬᠤ ᠦᠭᠡᠢ ︵ᠠᠵᠤ ᠠᠬᠤᠶᠢᠯᠠᠯ ᠯᠤᠭ᠎ᠠ ᠬᠥᠳᠡᠯᠮᠦᠷᠢ ᠶᠢᠨ ᠭᠡᠷ᠎ᠡ ᠲᠣᠭᠲᠠᠬᠤ ᠶᠢᠨ ᠬᠠᠮᠲᠤ ᠨᠡᠶᠢᠭᠡᠮ ᠤᠨ ᠳᠠᠭᠠᠳᠬᠠᠯ ᠲᠤᠰᠢᠶᠠᠭᠰᠠᠨ ᠬᠦᠮᠦᠨ ᠤ ᠲᠤᠭ᠎ᠠ ᠪᠠᠷ ᠪᠠᠷᠢᠮᠵᠢᠶ᠎ᠠ ᠪᠣᠯᠭᠠᠨ᠎ᠠ︶᠃ ᠠᠵᠤ ᠠᠬᠤᠶᠢᠯᠠᠯ ᠤᠨ ᠲᠤᠰ ᠵᠢᠯ ᠤᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠡᠰᠡᠭ ᠪᠠ ᠦᠢᠯᠡᠳᠪᠦᠷᠢᠯᠡᠯ ᠡᠵᠡᠩᠨᠡᠯᠲᠡ ᠶᠢᠨ ᠠᠰᠢᠭ ᠣᠷᠣᠯᠭ᠎ᠠ ᠶᠢᠨ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢ ᠦᠨᠳᠦᠰᠦᠯᠡᠨ᠂ ᠲᠦᠷᠦᠭᠦᠤ 3 ᠵᠢᠯ ᠳᠤ 50%᠂ ᠳᠥᠷᠪᠡᠳᠦᠭᠡᠷ ᠵᠢᠯ ᠠᠴᠠ ᠲᠠᠪᠤᠳᠤᠭᠠᠷ ᠵᠢᠯ ᠳᠤ 25% ᠶᠢᠨ ᠬᠠᠷᠢᠴᠠᠯ ᠢᠶᠠᠷ ᠱᠠᠩᠨᠠᠯ ᠨᠦᠬᠦᠪᠦᠷᠢ ᠥᠭᠭᠦᠨ᠎ᠡ᠃         ᠵᠢᠷᠭᠤᠳᠤᠭᠠᠷ ᠵᠦᠢᠯ  ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠤ ᠱᠠᠩᠨᠠᠯ ᠬᠥᠬᠢᠭᠦᠯᠦᠯ     ᠣᠷᠣᠵᠤ ᠨᠤᠲᠤᠭᠰᠢᠭᠰᠠᠨ ᠶᠡᠷᠦᠩᠬᠡᠶ ᠬᠡᠯᠲᠡᠰ ᠤᠨ ᠠᠵᠤ ᠠᠬᠤᠶᠢᠯᠠᠯ ᠳᠤ ᠪᠦᠬᠦᠯᠢ ᠨᠢᠭᠡ ᠵᠢᠯ ᠲᠤᠰᠢᠶᠠᠯ ᠬᠠᠷᠢᠭᠤᠴᠠᠵᠤ᠂ ᠲᠡᠷᠡ ᠮᠦᠷᠲᠡᠭᠡᠨ ᠵᠣᠬᠢᠴᠠᠭᠰᠠᠨ ᠲᠤᠰᠢᠶᠠᠯ ᠡᠭᠦᠷᠭᠡᠯᠡᠬᠦ ᠬᠢᠷᠢ ᠬᠡᠮ ᠲᠠᠢ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ︵ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠢ ᠶᠡᠷᠦᠩᠬᠡᠶ ᠬᠡᠯᠲᠡᠰ ᠠᠴᠠ ᠲᠣᠮᠢᠯᠠᠭᠰᠠᠨ ᠪᠢᠴᠢᠭ ᠮᠠᠲ᠋ᠧᠷᠢᠶᠠᠯ ᠪᠤᠶᠤ ᠬᠤᠯᠪᠣᠭᠳᠠᠯ ᠪᠥᠬᠦᠶ ᠬᠠᠤᠯᠢ ᠪᠠᠷ ᠲᠣᠭᠲᠠᠭᠠᠭᠰᠠᠨ ᠪᠢᠴᠢᠭ ᠮᠠᠲ᠋ᠧᠷᠢᠶᠠᠯ ᠢᠶᠠᠷ ᠪᠠᠷᠢᠮᠵᠢᠶ᠎ᠠ ᠪᠣᠯᠭᠠᠵᠤ᠂ ᠬᠡᠷᠡᠭ ᠮᠡᠳᠡᠭᠴᠢ᠂ ᠬᠡᠷᠡᠭ ᠬᠢᠨᠠᠭᠴᠢ᠂ ᠶᠡᠷᠦᠩᠬᠡᠶ ᠳᠠᠭᠠᠭᠠᠮᠠᠯ᠂ ᠳᠡᠳ᠋ ᠶᠡᠷᠦᠩᠬᠡᠶ ᠳᠠᠭᠠᠭᠠᠮᠠᠯ᠂ ᠡᠳ᠋ ᠤᠨ ᠶᠠᠪᠤᠳᠠᠯ ᠤᠨ ᠬᠠᠷᠢᠭᠤᠴᠠᠯᠭᠠᠲᠠᠨ ᠪᠠᠭᠲᠠᠨ᠎ᠠ︶ ᠳᠤ᠂ ᠣᠷᠣᠨ ᠨᠤᠲᠤᠭ ᠤᠨ ᠡᠳ᠋ ᠤᠨ ᠵᠠᠰᠠᠭ ᠠᠴᠠ 5 ᠵᠢᠯ ᠳᠠᠷᠠᠭᠠᠯᠠᠨ ᠴᠢᠳᠠᠪᠤᠷᠢᠲᠠᠨ ᠤ ᠱᠠᠩᠨᠠᠯ ᠣᠯᠭᠤᠵᠤ᠂ ᠱᠠᠩᠨᠠᠬᠤ ᠲᠤᠭ᠎ᠠ ᠬᠡᠮᠵᠢᠶ᠎ᠡ ᠶᠢ ᠲᠤᠬᠠᠶ ᠶᠢᠨ ᠵᠢᠯ ᠤᠨ ᠬᠤᠪᠢ ᠬᠥᠮᠦᠨ ᠤ ᠴᠠᠯᠢᠩ ᠬᠦᠯᠦᠰᠦ ᠱᠠᠩᠨᠠᠯ ᠤᠨ ᠮᠦᠩᠭᠦ ᠠᠴᠠ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢᠨ 100% ᠶᠢᠨ ᠬᠠᠷᠢᠴᠠᠯ ᠢᠶᠠᠷ ᠲᠣᠭᠲᠠᠭᠠᠨ᠎ᠠ᠃ ᠱᠠᠩᠨᠠᠯ ᠤᠨ ᠮᠥᠩᠭᠦ ᠶᠢ ᠳᠠᠷᠠᠭ᠎ᠠ ᠵᠢᠯ ᠤᠨ ᠨᠢᠭᠡᠳᠦᠭᠡᠷ ᠤᠯᠠᠷᠢᠯ ᠳᠤ ᠣᠯᠭᠤᠨ᠎ᠠ᠃      ᠳᠣᠯᠣᠳᠤᠭᠠᠷ ᠵᠦᠢᠯ  ᠭᠠᠵᠠᠷ ᠬᠤᠳᠠᠯᠳᠤᠨ ᠠᠪᠬᠤ᠂ ᠭᠡᠷ ᠪᠠᠶᠢᠰᠢᠩ ᠬᠤᠳᠠᠯᠳᠤᠨ ᠠᠪᠬᠤ ᠪᠤᠶᠤ ᠭᠡᠷ ᠲᠦᠷᠢᠶᠡᠰᠦᠯᠡᠬᠦ ᠨᠥᠬᠦᠪᠥᠷᠢ      ︵ᠨᠢᠭᠡ︶ ᠣᠷᠣᠵᠤ ᠨᠤᠲᠤᠭᠰᠢᠭᠰᠠᠨ ᠶᠡᠷᠦᠩᠬᠡᠶ ᠬᠡᠯᠲᠡᠰ ᠤᠨ ᠠᠵᠤ ᠠᠬᠤᠶᠢᠯᠠᠯ ᠠᠴᠠ ᠭᠠᠵᠠᠷ ᠬᠤᠳᠠᠯᠳᠤᠨ ᠠᠪᠴᠤ ᠥᠪᠡᠷ ᠢᠶᠠᠨ ᠠᠯᠪᠠᠨ ᠬᠡᠷᠡᠭᠯᠡᠭᠡᠨ ᠤ ᠭᠡᠷ ᠪᠠᠶᠢᠰᠢᠩ ᠪᠠᠷᠢᠭᠰᠠᠨ ᠪᠠᠶᠢᠪᠠᠯ᠂ ᠭᠠᠵᠠᠷ ᠬᠡᠷᠡᠭᠯᠡᠬᠦ ᠳᠤ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢ ᠠᠪᠴᠤ᠂ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠣᠰᠣᠭᠠᠷ ᠳᠡᠮᠵᠢᠯᠭᠡ ᠦᠵᠡᠭᠦᠯᠦᠨ᠎ᠡ᠃      ︵ᠬᠤᠶᠠᠷ︶ ᠰᠢᠨ᠎ᠡ ᠲᠣᠭᠤᠷᠢᠭ ᠤᠨ ᠮᠥᠩᠭᠦᠨ ᠭᠦᠢᠯᠭᠡᠭᠡᠨ ᠤ ᠵᠢᠵᠢᠭ ᠪᠠᠯᠭᠠᠰᠤ᠂ ᠲᠤᠭ᠎ᠠ ᠪᠥᠭᠡᠮᠨᠡᠷᠡᠯ ᠤᠨ ᠵᠢᠵᠢᠭ ᠪᠠᠯᠭᠠᠰᠤᠨ ᠤ ᠲᠥᠯᠥᠪᠵᠢᠭᠦᠯᠭᠡ ᠶᠢᠨ ᠬᠦᠷᠢᠶ᠎ᠡ ᠬᠡᠪᠴᠢᠶ᠎ᠡ ᠪᠤᠶᠤ ᠰᠢᠨ᠎ᠡ ᠲᠣᠭᠤᠷᠢᠭ ᠤᠨ ᠪᠤᠰᠤᠳ ᠣᠷᠣᠨ ᠬᠡᠪᠴᠢᠶᠡᠨ ᠳᠣᠲᠣᠷᠠᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠤᠳᠠᠯᠳᠤᠨ ᠠᠪᠴᠤ ᠥᠪᠡᠷᠲᠡᠭᠡᠨ ᠬᠡᠷᠡᠭᠯᠡᠬᠦ ᠠᠯᠪᠠᠨ ᠬᠡᠷᠡᠭᠯᠡᠭᠡᠨ ᠤ ᠭᠡᠷ ᠪᠠᠶᠢᠰᠢᠩ ᠪᠣᠯᠭᠠᠭᠰᠠᠨ ᠶᠡᠷᠦᠩᠬᠡᠢ ᠬᠡᠯᠲᠡᠰ ᠤᠨ ᠠᠵᠤ ᠠᠬᠤᠶᠢᠯᠠᠯ ᠳᠤ 300 ᠲᠥᠭᠦᠷᠢᠭ /m2 ᠤᠨ ᠨᠥᠬᠦᠪᠥᠷᠢ ᠪᠡᠯᠡ ᠮᠥᠩᠭᠦ ᠥᠭᠴᠦ᠂ ᠶᠡᠷᠦᠩᠬᠡᠶ ᠲᠤᠭ᠎ᠠ ᠨᠢ 100 ᠲᠦᠮᠡᠨ ᠲᠥᠭᠦᠷᠢᠭ ᠠᠴᠠ ᠬᠡᠲᠦᠷᠡᠬᠦ ᠦᠭᠡᠢ᠃ ᠥᠪᠡᠷᠲᠡᠭᠡᠨ ᠬᠡᠷᠡᠭᠯᠡᠬᠦ ᠠᠯᠪᠠᠨ ᠬᠡᠷᠡᠭᠯᠡᠭᠡᠨ ᠤ ᠭᠡᠷ ᠪᠠᠶᠢᠰᠢᠩ ᠢ 10 ᠵᠢᠯ ᠤᠨ ᠳᠣᠲᠣᠷ᠎ᠠ ᠬᠤᠳᠠᠯᠳᠤᠬᠤ᠂ ᠲᠦᠷᠢᠶᠡᠰᠦᠯᠡᠭᠦᠯᠬᠦ ᠪᠤᠶᠤ ᠬᠡᠷᠡᠭᠴᠡᠭᠡ ᠶᠢ ᠨᠢ ᠬᠤᠪᠢᠷᠠᠭᠤᠯᠵᠤ ᠪᠣᠯᠬᠤ ᠦᠭᠡᠶ᠃      ︵ᠭᠤᠷᠪᠠ︶ ᠰᠢᠨ᠎ᠡ ᠲᠣᠭᠤᠷᠢᠭ ᠤᠨ ᠮᠥᠩᠭᠦᠨ ᠭᠦᠢᠯᠭᠡᠭᠡᠨ ᠤ ᠵᠢᠵᠢᠭ ᠪᠠᠯᠭᠠᠰᠤ᠂ ᠲᠤᠭ᠎ᠠ ᠪᠥᠭᠡᠮᠨᠡᠷᠡᠯ ᠤᠨ ᠵᠢᠵᠢᠭ ᠪᠠᠯᠭᠠᠰᠤᠨ ᠤ ᠲᠥᠯᠥᠪᠵᠢᠭᠦᠯᠭᠡ ᠶᠢᠨ ᠬᠦᠷᠢᠶ᠎ᠡ ᠬᠡᠪᠴᠢᠶ᠎ᠡ ᠪᠤᠶᠤ ᠰᠢᠨ᠎ᠡ ᠲᠣᠭᠤᠷᠢᠭ ᠤᠨ ᠵᠢᠭᠠᠨ ᠲᠣᠭᠲᠠᠭᠠᠭᠰᠠᠨ ᠪᠤᠰᠤᠳ ᠣᠷᠣᠨ ᠬᠡᠪᠴᠢᠶᠡᠨ ᠳᠣᠲᠣᠷᠠᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠦᠷᠢᠶᠡᠰᠦᠯᠡᠵᠦ ᠥᠪᠡᠷᠲᠡᠭᠡᠨ ᠬᠡᠷᠡᠭᠯᠡᠬᠦ ᠠᠯᠪᠠᠨ ᠬᠡᠷᠡᠭᠯᠡᠭᠡᠨ ᠤ ᠭᠡᠷ ᠪᠠᠶᠢᠰᠢᠩ ᠪᠣᠯᠭᠠᠬᠤ ᠶᠡᠷᠦᠩᠬᠡᠶ ᠬᠡᠯᠲᠡᠰ ᠤᠨ ᠠᠵᠤ ᠠᠬᠤᠶᠢᠯᠠᠯ ︵ᠲᠦᠷᠢᠶᠡᠰᠦᠯᠡᠬᠦ ᠲᠠᠯᠠᠪᠠᠶ ᠨᠢ 300m2ᠵᠢᠴᠢ ᠲᠡᠭᠦᠨ ᠠᠴᠠ ᠳᠣᠷᠣᠭᠰᠢᠬᠢ ᠬᠡᠰᠡᠭ ᠢ ᠨᠢ ᠣᠨ ᠤ ᠲᠦᠷᠢᠶᠡᠰᠦᠨ ᠮᠥᠩᠭᠦ ᠪᠠᠷ ᠲᠦᠷᠦᠭᠦᠤ 3 ᠵᠢᠯ ᠳᠤ 100%᠂ 4 ᠳ᠋ᠦ᠋ᠭᠡᠷ ᠵᠢᠯ ᠠᠴᠠ 5 ᠳ᠋ᠤᠭᠠᠷ ᠵᠢᠯ ᠳᠤ 50% ᠶᠢᠨ ᠲᠦᠷᠢᠶᠡᠰᠦᠯᠡᠬᠦ ᠨᠦᠬᠦᠪᠦᠷᠢ ᠣᠯᠭᠤᠨ᠎ᠠ︔ 300m2 ᠠᠴᠠ ᠬᠡᠲᠦᠷᠡᠭᠰᠡᠨ ᠬᠡᠰᠡᠭ ᠢ ᠨᠢ ᠠᠵᠤ ᠠᠬᠤᠶᠢᠯᠠᠯ ᠥᠪᠡᠰᠦᠪᠡᠨ ᠥᠭᠭᠦᠨ᠎ᠡ᠃ ᠨᠥᠬᠦᠪᠥᠷᠢ ᠥᠭᠬᠦ ᠲᠠᠯᠠᠪᠠᠶ ᠶᠢᠨ ᠪᠠᠷᠢᠮᠵᠢᠶ᠎ᠠ ᠶᠢ ᠬᠥᠮᠦᠨ ᠪᠦᠷᠢ10m2 ᠠᠴᠠ ᠬᠡᠲᠦᠷᠡᠭᠦᠯᠵᠦ ᠪᠣᠯᠬᠤ ᠦᠭᠡᠶ᠂ ᠠᠵᠤ ᠠᠬᠤᠶᠢᠯᠠᠯ ᠯᠤᠭ᠎ᠠ ᠬᠥᠳᠡᠯᠮᠦᠷᠢ ᠶᠢᠨ ᠭᠡᠷ᠎ᠡ ᠲᠣᠭᠲᠠᠬᠤ ᠶᠢᠨ ᠬᠠᠮᠲᠤ ᠨᠡᠶᠢᠭᠡᠮ ᠤᠨ ᠳᠠᠭᠠᠳᠬᠠᠯ ᠲᠤᠰᠢᠶᠠᠭᠰᠠᠨ ᠠᠵᠢᠯᠲᠠᠨ ᠤ ᠲᠤᠭ᠎ᠠ ᠪᠠᠷ ᠪᠠᠷᠢᠮᠵᠢᠶ᠎ᠠ ᠪᠣᠯᠭᠠᠨ᠎ᠠ᠃      ᠭᠤᠷᠪᠠᠳᠤᠭᠠᠷ ᠪᠦᠯᠦᠭ  ᠳᠠᠭᠠᠯᠳᠤᠭᠤᠯᠤᠯ ᠲᠦᠷᠢᠮ      ᠨᠠᠢᠮᠠᠳᠤᠭᠠᠷ ᠵᠦᠢᠯ  ᠣᠷᠣᠵᠤ ᠨᠤᠲᠤᠭᠰᠢᠬᠤ ᠶᠡᠷᠦᠩᠬᠡᠶ ᠬᠡᠯᠲᠡᠰ ᠤᠨ ᠠᠵᠤ ᠠᠬᠤᠶᠢᠯᠠᠯ ᠨᠢ ᠰᠢᠨ᠎ᠡ ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠣᠷᠣᠵᠤ ᠨᠤᠲᠤᠭᠰᠢᠬᠤ ᠬᠡᠯᠡᠯᠴᠡᠭᠡᠷ ᠲᠤ ᠭᠠᠷ ᠤᠨ ᠦᠰᠦᠭ ᠵᠢᠷᠤᠵᠤ᠂ 10 ᠵᠢᠯ ᠤᠨ ᠳᠣᠲᠣᠷ᠎ᠠ ᠨᠡᠭᠦᠵᠦ ᠶᠠᠪᠤᠬᠤ ᠥᠬᠡᠶ ᠮᠥᠷᠲᠡᠭᠡᠨ ᠬᠠᠤᠯᠢ ᠶᠣᠰᠣᠭᠠᠷ ᠲᠤᠬᠠᠶᠢᠯᠠᠭᠰᠠᠨ ᠠᠵᠢᠯ ᠢᠶᠠᠨ ᠦᠷᠨᠢᠭᠦᠯᠦᠨ᠎ᠡ ᠭᠡᠵᠦ ᠠᠮᠠᠯᠳᠠᠬᠤ ᠬᠡᠷᠡᠭᠲᠡᠢ᠃ ᠬᠡᠷᠪᠡ 10 ᠵᠢᠯ ᠤᠨ ᠳᠣᠲᠣᠷ᠎ᠠ ᠨᠡᠭᠦᠵᠦ ᠶᠠᠪᠤᠭᠰᠠᠨ ᠪᠤᠶᠤ ᠲᠤᠬᠠᠶᠢᠯᠠᠭᠰᠠᠨ ᠠᠵᠢᠯ ᠢᠶᠠᠨ ᠦᠷᠨᠢᠭᠦᠯᠦᠭᠰᠡ ᠦᠭᠡᠢ ᠪᠣᠯ᠂ ᠨᠢᠭᠡᠨᠲᠡ ᠬᠦᠷᠲᠡᠭᠰᠡᠨ ᠡᠯ᠎ᠡ ᠲᠥᠷᠥᠯ ᠤᠨ ᠨᠥᠬᠦᠪᠥᠷᠢ ᠪᠣᠯᠤᠨ ᠱᠠᠩᠨᠠᠯ ᠤᠨ ᠮᠦᠩᠭᠦ ᠶᠢ ᠪᠤᠴᠠᠭᠠᠬᠤ ᠬᠡᠷᠡᠭᠲᠡᠶ᠃ ᠨᠥᠬᠦᠪᠥᠷᠢ ᠪᠠ ᠱᠠᠩᠨᠠᠯ ᠤᠨ ᠮᠦᠩᠭᠦ ᠶᠢ ᠪᠤᠴᠠᠭᠠᠬᠤ ᠦᠭᠡᠢ ᠡᠯ᠎ᠡ ᠲᠥᠷᠥᠯ ᠤᠨ ᠣᠷᠣᠵᠣ ᠨᠣᠲᠣᠭᠰᠢᠭᠰᠠᠨ ᠠᠵᠤ ᠠᠬᠤᠶᠢᠯᠠᠯ ᠳᠤ᠂ ᠲᠡᠭᠦᠨ ᠤ ᠬᠠᠤᠯᠢ ᠶᠢᠨ ᠡᠷᠬᠡᠲᠡᠨ ᠤ ᠨᠢᠭᠡᠴᠡ ᠵᠢᠴᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢ ᠰᠢᠨ᠎ᠡ ᠲᠣᠭᠤᠷᠢᠭ ᠤᠨ ᠢᠲᠡᠭᠡᠮᠵᠢ ᠶᠢᠨ ᠰᠢᠰᠲ᠋ᠧᠮᠵᠢ ᠶᠢᠨ ︽ᠬᠠᠷ᠎ᠠ ᠳᠠᠩᠰᠠ︾ ᠳᠤ ᠣᠷᠣᠭᠤᠯᠬᠤ ᠶᠢᠨ ᠬᠠᠮᠲᠤ ᠬᠠᠮᠢᠶ᠎ᠠ ᠪᠦᠬᠦᠢ ᠵᠠᠭᠤᠴᠢᠯᠠᠭᠤᠷ ᠢᠶᠠᠷ ᠨᠡᠶᠢᠲᠡᠯᠡᠬᠦ ᠪᠣᠯᠣᠨ᠎ᠠ᠃      ᠶᠢᠰᠦᠳᠦᠭᠡᠷ ᠵᠦᠢᠯ  ᠬᠡᠷᠡᠭᠵᠢᠭᠦᠯᠬᠦ ᠶᠠᠪᠤᠴᠠ ᠳᠤ᠂ ᠰᠢᠨ᠎ᠡ ᠲᠣᠭᠤᠷᠢᠭ ᠤᠨ ᠠᠳᠠᠯᠢ ᠲᠥᠷᠥᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ ᠨᠡᠶᠢᠴᠡᠵᠦ ᠪᠠᠶᠢᠪᠠᠯ᠂ ᠥᠨᠳᠥᠷ ᠠᠴᠠ ᠡᠬᠢᠯᠡᠨ ᠳᠠᠪᠬᠤᠷᠳᠠᠭᠤᠯᠤᠨ ᠬᠦᠷᠲᠡᠭᠡᠬᠦ ᠦᠭᠡᠶ ᠵᠠᠷᠴᠢᠮ ᠢ ᠬᠡᠷᠡᠭᠯᠡᠨ᠎ᠡ᠃ ᠬᠡᠷᠪᠡ ᠤᠯᠤᠰ ᠤᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠲᠣᠬᠢᠶᠠᠯᠳᠤᠪᠠᠯ᠂ ᠤᠯᠤᠰ ᠤᠨ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ᠃      ᠠᠷᠪᠠᠳᠤᠭᠠᠷ ᠵᠦᠢᠯ  ᠬᠥᠬᠡᠬᠤᠲᠠ ᠶᠢᠨ ᠣᠳᠣ ᠪᠠᠶᠢᠭ᠎ᠠ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠬᠡᠪᠴᠢᠶᠡᠨ ᠳᠣᠲᠣᠷ᠎ᠠ᠂ ᠨᠢᠭᠡᠨᠲᠡ ᠳᠠᠩᠰᠠᠯᠠᠭᠤᠯᠤᠭᠰᠠᠨ ᠶᠡᠷᠦᠩᠬᠡᠶ ᠬᠡᠯᠲᠡᠰ ᠤᠨ ᠠᠵᠤ ᠠᠬᠤᠶᠢᠯᠠᠯ ᠰᠢᠨ᠎ᠡ ᠲᠣᠭᠤᠷᠢᠭ ᠲᠤ ᠨᠡᠭᠦᠵᠦ ᠣᠴᠢᠬᠤ ᠳᠤ ᠲᠤᠰ ᠲᠥᠷᠥ ᠶᠢᠨ ᠪᠣᠳᠣᠯᠭ᠎ᠠ ᠶᠢ ᠬᠦᠷᠲᠡᠬᠦ ᠦᠭᠡᠶ᠃      ᠠᠷᠪᠠᠨ ᠨᠢᠭᠡᠳᠦᠭᠡᠷ ᠵᠦᠢᠯ  ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ ᠬᠤᠯᠪᠣᠭᠳᠠᠬᠤ ᠡᠯ᠎ᠡ ᠲᠥᠷᠥᠯ ᠤᠨ ᠨᠥᠬᠦᠪᠥᠷᠢ ᠪᠣᠯᠤᠨ ᠱᠠᠩᠨᠠᠯ ᠤᠨ ᠪᠡᠯᠡ ᠮᠥᠩᠭᠦ ᠶᠢ ᠬᠤᠯᠪᠣᠭᠳᠠᠯ ᠪᠦᠬᠦᠢ ᠡᠳ᠋ ᠤᠨ ᠵᠠᠰᠠᠭ ᠠᠴᠠ ᠵᠢᠯ ᠪᠦᠷᠢ ᠲᠥᠰᠦᠪ ᠳᠠᠬᠢᠨ ᠲᠣᠬᠢᠷᠠᠭᠤᠯᠤᠨ᠎ᠠ᠃      ᠠᠷᠪᠠᠨ ᠬᠤᠶᠠᠳᠤᠭᠠᠷ ᠵᠦᠢᠯ  ᠲᠤᠰ ᠲᠦᠷᠦ ᠶᠢᠨ ᠪᠤᠳᠤᠯᠭ᠎ᠠ ᠶᠢ ᠰᠢᠨ᠎ᠡ ᠲᠣᠭᠤᠷᠢᠭ ᠤᠨ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃      ᠠᠷᠪᠠᠨ ᠭᠤᠷᠪᠠᠳᠤᠭᠠᠷ ᠵᠦᠢᠯ  ᠬᠦᠬᠡᠬᠤᠲᠠ ᠶᠢᠨ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠲᠤᠰ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠵᠦ᠂ ᠪᠣᠳᠠᠲᠠᠶ ᠪᠡᠶᠡᠯᠡᠭᠦᠯᠬᠦ ᠬᠠᠷᠢᠭᠤᠴᠠᠯᠭ᠎ᠠ ᠶᠢ ᠲᠦᠷᠥᠯ ᠵᠦᠢᠯ ᠢ ᠲᠠᠲᠠᠨ ᠣᠷᠣᠭᠤᠯᠣᠭᠰᠠᠨ ᠣᠷᠣᠨ ᠨᠤᠲᠤᠭ ᠤᠨ ᠵᠠᠰᠠᠭ ᠤᠨ ᠣᠷᠳᠣᠨ ᠠᠴᠠ ᠬᠠᠷᠢᠭᠤᠴᠠᠨ᠎ᠠ᠃      ᠲᠣᠰ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠠᠴᠠ ᠬᠡᠷᠡᠭᠵᠢᠭᠦᠯᠦᠨ᠎ᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ