ᠦᠴᠤᠸᠠᠨ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠠᠢᠮᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/12
     12 ᠰᠠᠷ᠎ᠠ ᠶᠢᠨ 31   ᠤ ᠡᠳᠦᠷ᠂ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠨᠠᠢᠮᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠳ᠋ᠢ ᠭᠦᠸᠧ ᠰᠢᠶᠦ᠋ᠩ ᠬᠤᠷᠠᠯ ᠢ ᠡᠷᠬᠢᠯᠡᠵᠦ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠭᠤᠤ ᠯᠠᠨ ᠭᠧᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠯᠦ ᠬᠤᠷᠠᠯ ᠳᠤ ᠣᠷᠣᠯᠴᠠᠵᠤ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠯᠢᠦᠢ ᡁᠢ ᠭᠠᠩ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠵᠠᠩ ᠬᠠᠢ ᠲᠤᠤ ᠵᠢᠴᠢ ᠵᠠᠰᠠᠭ ᠤᠨ ᠣᠷᠳᠣᠨ ᠤ ᠡᠯ᠎ᠡ ᠪᠦᠷᠢᠯᠳᠦᠬᠦᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ  ᠳᠤ ᠰᠤᠯᠠ ᠣᠷᠣᠯᠴᠠᠪᠠ᠃      ᠬᠤᠷᠠᠯ ᠠᠴᠠ ᠡᠩ ᠲᠡᠷᠢᠭᠦᠨ ᠳᠤ ᠵᠠᠰᠠᠭ ᠤᠨ ᠣᠷᠳᠣᠨ ᠤ ᠡᠯ᠎ᠡ ᠪᠦᠷᠢᠯᠳᠦᠬᠦᠨ ᠰᠠᠯᠠᠭ᠎ᠠ ᠮᠥᠴᠢᠷ ᠤᠨ 2020 ᠣᠨ ᠳᠤ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠠᠮᠠᠯᠠᠯᠲᠠ ᠪᠠᠨ ᠪᠡᠶᠡᠯᠡᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠷᠢᠭᠤ ᠮᠡᠳᠡᠭᠦᠯᠦᠯᠲᠡ ᠬᠢᠭᠰᠡᠨ ᠪᠦᠷᠢᠯᠳᠦᠬᠦᠨ ᠰᠠᠯᠠᠭ᠎ᠠ ᠮᠥᠴᠢᠷ ᠲᠤ ᠠᠵᠢᠯ ᠤᠨ ᠦᠨᠡᠯᠡᠯᠲᠡ ᠬᠢᠪᠠ᠃      ᠳ᠋ᠢ ᠭᠦᠸᠧ ᠰᠢᠶᠦ᠋ᠩ ᠴᠢᠬᠤᠯᠠᠴᠢᠯᠠᠭᠰᠠᠨ ᠨᠢ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠯᠡᠬᠦ  ᠨᠢ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠶᠣᠰᠣᠭᠠᠷ ᠬᠢᠨᠠᠯᠲᠠ ᠲᠠᠯᠪᠢᠬᠤ ᠨᠢᠭᠡ ᠵᠦᠢᠯ ᠤᠨ ᠴᠢᠬᠤᠯᠠ ᠬᠡᠯᠪᠡᠷᠢ ᠪᠣᠯᠤᠭᠰᠠᠨ ᠤ ᠬᠤᠪᠢ ᠳᠤ᠂《 ᠨᠢᠭᠡ ᠵᠠᠰᠠᠭ  ᠤᠨ ᠣᠷᠳᠣᠨ ᠬᠤᠶᠠᠷ ᠬᠤᠷᠢᠶ᠎ᠠ 》 ᠶᠢᠨ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠬᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ ᠵᠡᠷᠭᠡ ᠬᠢᠨᠠᠯᠲᠠ ᠲᠠᠯᠪᠢᠬᠤ ᠠᠷᠭ᠎ᠠ ᠬᠡᠯᠪᠡᠷᠢ ᠶᠢ ᠪᠠᠶᠠᠯᠢᠭᠵᠢᠭᠤᠯᠤᠨ ᠭᠦᠨᠵᠡᠭᠡᠶᠢᠷᠡᠭᠦᠯᠵᠦ ᠲᠡᠭᠦᠯᠳᠡᠷᠵᠢᠭᠦᠯᠬᠦ ᠪᠣᠯᠤᠨ᠎ᠠ᠃ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠲᠤᠰᠢᠶᠠᠯ ᠢᠶᠠᠨ ᠭᠦᠶᠴᠡᠳᠬᠡᠭᠰᠡᠨ ᠲᠤᠬᠠᠶ ᠦᠨᠡᠯᠡᠯᠲᠡ ᠬᠢᠬᠦ ᠪᠣᠯ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ  ᠪᠠᠨ ᠭᠦᠶᠴᠡᠳᠬᠡᠭᠰᠡᠨ ᠤ ᠪᠣᠳᠠᠲᠠᠶ ᠢᠯᠡᠷᠡᠯ ᠮᠥᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶᠠᠨ ᠤ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠵᠦ᠂ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠤᠨ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠵᠤ᠂ ᠪᠥᠬᠦ ᠰᠢᠶᠠᠨ ᠤ ᠨᠡᠶᠢᠭᠡᠮ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠠᠪᠤᠳᠠᠯ ᠮᠥᠨ ᠭᠡᠪᠡ᠃      ᠵᠠᠩ ᠬᠠᠢ ᠲᠤᠤ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠯᠡᠬᠦ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠠᠵᠢᠯ ᠤᠨ ᠡᠭᠦᠷᠭᠡ ᠴᠢᠳᠠᠪᠬᠢ ᠪᠣᠯᠤᠨ ᠠᠷᠠᠳ ᠤᠯᠠᠨ  ᠤ ᠠᠮᠢᠳᠤᠷᠠᠯ ᠤᠨ ᠶᠠᠰᠤ ᠴᠢᠨᠠᠷ ᠵᠢᠴᠢ ᠵᠣᠯ ᠵᠢᠷᠭᠠᠯ ᠤᠨ ᠵᠢᠭᠠᠯᠲᠠ ᠲᠤᠭ᠎ᠠ ᠶᠢᠨ ᠨᠢᠭᠲᠠ ᠬᠤᠯᠪᠣᠭᠳᠠᠬᠤ ᠴᠢᠨᠠᠷ ᠢ ᠭᠦᠨᠵᠡᠭᠡᠢ ᠲᠠᠨᠢᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠦᠷ᠎ᠡ ᠪᠦᠲᠦᠮᠵᠢ ᠶᠢ ᠭᠦᠨᠵᠡᠭᠡᠢ ᠮᠥᠷᠳᠡᠨ ᠠᠰᠠᠭᠤᠵᠤ᠂ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠵᠤ᠂ ᠠᠷᠠᠳ ᠤᠨ ᠠᠮᠢᠳᠤᠷᠠᠯ  ᠤᠨ ᠠᠰᠠᠭᠤᠳᠠᠯ ᠢ ᠠᠩᠬᠠᠷᠴᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ᠪᠦᠬᠦ ᠰᠢᠶᠠᠨ ᠤ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ  ᠶᠢ ᠪᠡᠶᠡᠯᠡᠭᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠪᠡ᠃      ᠬᠤᠷᠠᠯ ᠠᠴᠠ ᠪᠠᠰᠠ《ᠡᠥ ᠸᠧᠨ ᠪᠢᠶᠤᠤ ᠨᠥᠬᠦᠷ ᠤᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠼᠤᠤ ᠰᠢᠤᠸᠠᠢ ᠵᠢᠶᠦ᠋ᠨ ᠨᠥᠬᠦᠷ ᠤᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠭᠥᠯᠢᠶᠡᠨ ᠠᠪᠬᠤ ᠲᠤᠬᠠᠶ ᠲᠥᠰᠦᠯ 》᠂《 2021 ᠣᠨ ᠳᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠵᠦᠶᠯᠡᠰ ᠢ ᠠᠷᠠᠳ ᠤᠨ ᠲᠥᠯᠥᠭᠡᠯᠡᠭᠴᠢ ᠪᠢᠯᠧᠲ ᠢᠶᠠᠷ ᠰᠢᠶᠳᠪᠦᠷᠢ ᠭᠠᠷᠭᠠᠬᠤ ᠲᠦᠷᠢᠮ ᠢ ᠪᠥᠬᠦ ᠲᠠᠯ᠎ᠠ ᠪᠠᠷ ᠥᠷᠨᠢᠭᠦᠯᠬᠦ ᠲᠤᠬᠠᠶ  ᠲᠥᠰᠦᠯ 》 ᠢ ᠬᠢᠨᠠᠨ ᠶᠠᠷᠢᠯᠴᠠᠵᠤ ᠪᠠᠲᠤᠯᠠᠪᠠ᠃ ( ᠰᠤᠷᠪᠤᠯᠵᠢᠯᠠᠭᠴᠢ᠄ ᠯᠢᠦ ᠰᠢᠶᠤᠤ ᠴᠢᠶᠠᠩ )᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号