ᠬᠥᠬᠡᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠠᠬᠢᠭᠤᠯᠬᠤ ᠬᠤᠷᠠᠯ ᠲᠡᠭᠡᠷ᠎ᠡ 16 ᠲᠥᠷᠥᠯ ᠵᠦᠢᠯ ᠢ ᠲᠦᠪᠯᠡᠷᠡᠬᠦᠯᠦᠨ ᠭᠡᠷ᠎ᠡ ᠲᠣᠭᠲᠠᠪᠠ
ᠨᠡᠶᠢᠲᠡᠯᠡᠭᠰᠡᠨ ᠴᠠᠭ᠄
2021/1/12
      ᠰᠢᠨᠬᠤᠸᠠ ᠰᠦᠯᠵᠢᠶᠡᠨ ᠤ ᠬᠥᠬᠡᠬᠤᠲᠠ ᠶᠢᠨ 1 ᠰᠠᠷ᠎ᠠ ᠶᠢᠨ 9 ᠤ ᠡᠳᠦᠷ ᠤᠨ ᠮᠡᠳᠡᠭᠡ ︵ᠯᠢ ᠭᠦᠸᠧ ᠳ᠋ᠦᠩ︶ 1 ᠰᠠᠷ᠎ᠠ ᠶᠢᠨ 9 ᠤ ᠡᠳᠦᠷ ᠶᠠᠪᠤᠭᠳᠠᠭᠰᠠᠨ ᠢᠯᠢ ᠣᠲᠣ ᠦᠶ᠎ᠡ ᠶᠢᠨ ᠣᠶᠤᠨᠴᠢ ᠡᠷᠡᠭᠦᠯ ᠮᠡᠨᠳᠦ ᠶᠢᠨ ᠵᠢᠯᠠᠭ᠎ᠠ ᠶᠢᠨ ᠲᠥᠷᠥᠯ ᠵᠦᠢᠯ ᠢ ᠲᠦᠪᠯᠡᠷᠡᠬᠦᠯᠦᠨ ᠭᠡᠷ᠎ᠡ ᠲᠣᠭᠲᠠᠬᠤ ᠶᠣᠰᠣᠯᠠᠯ ᠵᠢᠴᠢ ᠬᠥᠬᠡᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠠᠬᠢᠭᠤᠯᠬᠤ ᠬᠤᠷᠠᠯ ᠳᠡᠭᠡᠷ᠎ᠡ᠂ ᠤᠯᠤᠰ ᠤᠨ ᠰᠦᠨ ᠤ  ᠦᠢᠯᠡᠰ ᠤᠨ ᠰᠢᠨ᠎ᠡ ᠶᠢ ᠡᠭᠦᠳᠬᠦ ᠲᠥᠪ ᠵᠡᠷᠭᠡ 16 ᠲᠥᠷᠥᠯ ᠵᠦᠢᠯ ᠢ ᠲᠦᠪᠯᠡᠷᠡᠬᠦᠯᠦᠨ ᠭᠡᠷ᠎ᠡ ᠲᠣᠭᠲᠠᠪᠠ᠂ ᠡᠨᠡ ᠨᠢ ᠮᠥᠨ ᠴᠦ ᠬᠥᠬᠡᠬᠤᠲᠠ ᠶᠢᠨ ︽ᠬᠤᠳᠠᠯᠳᠤᠭᠠᠴᠢᠨ ᠤᠷᠢᠬᠤ ᠲᠥᠷᠥᠯ ᠵᠦᠢᠯ ᠲᠤᠬᠳᠠᠬᠤ ᠤᠨ︾ ᠤ ᠲᠦᠷᠦᠭᠦᠤ ᠪᠦᠯᠦᠭ ᠤᠨ ᠭᠡᠷ᠎ᠡ ᠲᠣᠭᠲᠠᠬᠰᠠᠨ ᠲᠥᠷᠥᠯ ᠵᠦᠢᠯ ᠪᠣᠯᠤᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ ᠬᠤᠷᠠᠯ ᠳᠤ ᠣᠷᠣᠯᠴᠠᠪᠠ᠃      ᠣᠶᠢᠯᠠᠭᠠᠭᠰᠠᠨ ᠢᠶᠠᠷ᠂ 2020 ᠣᠨ ᠤ 4 ᠰᠠᠷ᠎ᠠ ᠶᠢᠨ 27 ᠤ ᠡᠳᠦᠷ ᠪᠠᠷᠢᠯᠭ᠎ᠠ ᠡᠬᠢᠯᠡᠭᠦᠯᠦᠭᠰᠡᠨ ᠢᠯᠢ ᠣᠲᠣ ᠦᠶ᠎ᠡ ᠶᠢᠨ ᠣᠶᠤᠨᠴᠢ ᠡᠷᠡᠭᠦᠯ ᠮᠡᠨᠳᠦ ᠶᠢᠨ ᠵᠢᠯᠠᠭ᠎ᠠ ᠨᠢ ᠳᠡᠯᠡᠬᠡᠶ ᠶᠢᠨ ᠲᠡᠷᠢᠭᠦᠨ ᠤ ᠪᠣᠬᠢᠷᠲᠤᠯ ᠦᠭᠡᠢ ᠣᠶᠤᠨᠴᠢ  ᠦᠢᠯᠡᠳᠭᠡᠯ ᠤᠨ ᠦᠯᠢᠭᠡᠷ ᠵᠠᠭᠪᠤᠷ ᠤᠨ ᠰᠠᠭᠤᠷᠢᠨ ᠭᠠᠵᠠᠷ᠂ ᠢᠳᠡᠭᠡᠨ ᠤ ᠠᠵᠤ ᠦᠢᠯᠡᠰ ᠤᠨ ᠰᠤᠳᠤᠯᠤᠨ ᠨᠡᠭᠡᠭᠡᠬᠦ ᠲᠥᠪ᠂ ᠰᠦᠨ ᠤ ᠦᠢᠯᠡᠰ ᠤᠨ ᠲᠣᠮᠣ ᠳ᠋ᠠᠶᠢᠲ᠋ᠠ ᠶᠢᠨ ᠲᠥᠪ᠂ ᠠᠵᠤ ᠦᠢᠯᠡᠳᠪᠦᠷᠢ ᠶᠢᠨ ᠣᠶᠤᠨᠴᠢ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠤᠭᠤᠷᠢᠭ᠂ ᠪᠥᠬᠦ ᠳᠡᠯᠡᠬᠡᠶ ᠶᠢᠨ ᠠᠩᠬᠠᠳᠠᠭᠴᠢ ᠲᠠᠯ᠎ᠠ ᠨᠤᠲᠤᠭ ᠤᠨ ᠰᠦᠨ ᠤ ᠦᠢᠯᠡᠰ ᠤᠨ ᠰᠣᠶᠣᠯ ᠤᠨ ᠭᠤᠤᠯ ᠰᠡᠳᠦᠪᠲᠦ ᠵᠢᠭᠤᠯᠴᠢᠯᠠᠯ ᠤᠨ ᠠᠮᠠᠷᠠᠯᠲᠠ ᠶᠢᠨ ᠣᠷᠣᠨ᠂ ᠰᠦᠨ ᠤ ᠦᠢᠯᠡᠰ ᠤᠨ ᠬᠤᠳᠠᠯᠳᠤᠭᠠᠨ ᠤ ᠬᠦᠷᠢᠶᠡᠨ ᠤ ᠬᠤᠲᠠ ᠶᠢᠨ ᠶᠡᠷᠦᠩᠬᠡᠶ ᠴᠣᠭᠴᠠ᠂ ᠳᠤᠮᠳᠠᠳᠤ ᠤᠯᠤᠰ ᠤᠨ ᠴᠣᠷ ᠤᠨ ᠭᠠᠭᠴᠠ ᠤᠯᠤᠰ ᠤᠨ ᠲᠠᠰ ᠤᠨ ᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠳᠤᠮᠳᠠᠳᠤ ᠤᠯᠤᠰ ᠤᠨ ᠬᠡᠪᠴᠢᠶ᠎ᠡ ᠪᠠᠷ ᠬᠠᠮᠤᠭ ᠤᠨ ᠶᠡᠭᠡ ᠰᠠᠭᠠᠯᠢ ᠶᠢᠨ ᠦᠨᠢᠶᠡᠨ ᠤ ᠡᠭᠦᠯᠳᠡᠷ ᠪᠤᠶᠢᠵᠢᠭᠤᠯᠬᠤ ᠭᠤᠤᠯ ᠰᠠᠭᠤᠷᠢᠨ ᠭᠠᠵᠠᠷ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠪᠥᠬᠦ ᠪᠥᠮᠪᠥᠷᠴᠡᠭ ᠤᠨ ᠰᠦᠨ ᠤ ᠦᠢᠯᠡᠰ ᠤᠨ ᠥᠯᠢᠭᠡᠷ ᠬᠡᠪ ᠤᠨ ᠰᠠᠭᠤᠷᠢᠨ ᠭᠠᠵᠠᠷ᠂ ᠰᠦᠨ ᠤ ᠨᠡᠶᠢᠰᠯᠡᠯ ᠬᠤᠳᠠ ᠶᠢᠨ ᠲᠡᠯᠡᠭᠡᠢ  ᠨᠡᠶᠢᠳᠡ ᠶᠢᠨ ᠲᠥᠪ᠂ ᠰᠦᠨ  ᠦᠢᠯᠡᠰ ᠤᠨ ᠰᠢᠨ᠎ᠡ ᠶᠢ ᠡᠭᠦᠳᠬᠦ ᠭᠠᠵᠠᠷ᠂ ᠲᠠᠯ᠎ᠠ ᠨᠤᠲᠤᠭ ᠤᠨ ᠪᠠᠶᠠᠰᠬᠤᠯᠠᠩᠲᠤ ᠶᠢᠷᠲᠢᠨᠴᠦ᠂ ︽ᠢᠯᠢ ᠶᠢᠨ ᠰᠤᠪᠢᠯᠠᠯᠳᠠ ᠶᠢᠨ ᠵᠢᠯᠠᠭ᠎ᠠ︾  ᠨᠡᠷᠡᠮᠵᠢᠳᠦ ᠡᠷᠡᠭᠦᠯ ᠮᠡᠨᠳᠦ ᠶᠢᠨ ᠰᠤᠪᠢᠯᠠᠯᠲᠠ ᠶᠢᠨ ᠲᠥᠪ᠂ ᠰᠦᠨ ᠤ ᠵᠢᠯᠠᠭ᠎ᠠ ᠶᠢᠨ ᠠᠮᠢᠵᠢᠷᠠᠯ ᠤᠨ ᠬᠦᠴᠦᠨ ᠤ ᠴᠣᠩᠬᠤ ᠬᠡᠬᠦ 6 ᠶᠡᠭᠡ ᠴᠢᠳᠠᠮᠵᠢᠲᠤ ᠣᠷᠣᠨ ᠢ  ᠪᠠᠶᠢᠷᠢᠰᠢᠭᠤᠯᠵᠤ᠂ 100 ᠲᠡᠭᠰᠢ ᠳᠥᠷᠪᠡᠯᠵᠢᠨ ᠺᠢᠯᠣᠮᠧᠲᠷ ᠭᠠᠷᠤᠢ ᠲᠡᠯᠡᠪᠡᠢ ᠪᠦᠬᠦᠢ ᠤᠷᠤᠨ ᠪᠦᠰᠡ ᠳᠤ ᠰᠠᠴᠤᠷᠠᠭᠤᠯᠵᠤ᠂ ᠮᠥᠩᠭᠦᠨ ᠬᠦᠢᠯᠭᠡᠭᠡ᠂ ᠰᠢᠨᠵᠢᠯᠡᠬᠦ ᠤᠬᠠᠭᠠᠨ ᠤ ᠡᠭᠦᠳᠦᠯᠲᠡ᠂ ᠢᠨᠲ᠋ᠧᠷ ᠰᠦᠯᠵᠢᠶ᠎ᠡ ᠵᠡᠷᠭᠡ ᠤᠯᠠᠨ ᠡᠵᠡᠩᠨᠡᠯᠲᠡ ᠶᠢᠨ ᠬᠡᠯᠪᠡᠷᠢ ᠬᠠᠮᠲᠤ ᠪᠠᠷ ᠬᠥᠭᠵᠢᠬᠦ ᠶᠢ ᠲᠠᠢᠴᠢᠯᠠᠬᠤ ᠪᠤᠯᠤᠨ᠎ᠠ᠃      ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠧᠩ ᠬᠤᠩ ᠯᠢᠶᠠᠩ ᠲᠠᠨᠢᠯᠴᠠᠭᠤᠯᠬᠤ ᠳᠠᠭᠠᠨ᠄ ᠲᠣᠰ ᠤᠳᠠᠭ᠎ᠠ ᠶᠢᠨ ᠭᠠᠷ ᠤᠨ ᠥᠰᠥᠭ ᠵᠢᠷᠤᠭᠰᠠᠨ 16 ᠲᠥᠷᠥᠯ ᠵᠦᠢᠯ ᠨᠢ ᠰᠦᠨ ᠤ ᠭᠠᠷᠤᠯᠳᠠ ᠶᠢᠨ ᠰᠠᠭᠤᠷᠢᠨ ᠭᠠᠵᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠡᠭᠦᠳᠦᠯᠲᠡ᠂ ᠰᠦᠨ ᠤ  ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠤᠷᠠᠳᠤ ᠬᠤᠶᠠᠷ ᠦᠵᠦᠬᠦᠷ᠂ ᠤᠶᠤᠨᠲᠤ ᠬᠤᠲᠠ ᠵᠡᠷᠭᠡ ᠳᠥᠷᠪᠡᠨ ᠶᠡᠭᠡ ᠬᠦᠷᠢᠶ᠎ᠡ ᠶᠢ ᠬᠠᠮᠤᠷᠴᠤ᠂ ᠵᠥᠪᠯᠡᠯᠴᠡᠭᠡᠷ ᠤᠨ ᠪᠠᠯᠠ ᠮᠥᠩᠭᠦ 80 ᠳ᠋ᠦᠩᠰᠢᠭᠤᠷ ᠲᠥᠭᠦᠷᠢᠭ ᠢ ᠳᠠᠪᠠᠪᠠ᠃ 2021 ᠣᠨ ᠳᠤ᠂ ᠬᠦᠸᠧ ᠴᠤᠧᠠᠩ ᠪᠠᠷᠠᠭᠤᠨ ᠵᠡᠭᠡᠯᠢ᠂ ᠶᠦᠩ ᠶᠧ ᠵᠠᠮ ᠵᠡᠷᠭᠡ 6 ᠵᠤᠷᠪᠤᠰ ᠵᠠᠮ ᠤᠨ ᠠᠵᠢᠯ ᠢ ᠡᠬᠢᠯᠡᠬᠦᠯᠵᠦ᠂ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠴᠠᠬᠢᠯᠭᠠᠨ ᠬᠦᠴᠦᠨ ᠤ ᠰᠤᠷᠭᠠᠭᠤᠯᠢ᠂ ᠰᠢᠨ᠎ᠡ ᠬᠤᠲᠠ ᠲᠣᠭᠤᠷᠢᠭ ᠤᠨ ᠨᠢᠭᠡᠳᠦᠭᠡᠷ ᠲᠤᠷᠰᠢᠯᠲᠠ ᠶᠢᠨ ᠪᠠᠭ᠎ᠠ ᠰᠤᠷᠭᠠᠭᠤᠯᠢ᠂ ᠴᠡᠯᠡᠭᠡᠷ ᠲᠠᠯ᠎ᠠ ᠡᠮᠨᠡᠯᠭᠡ ᠶᠢᠨ ᠬᠤᠷᠢᠶ᠎ᠠ᠂ ᠠᠮᠢ ᠠᠬᠤᠶ ᠶᠢᠨ ᠴᠡᠴᠡᠷᠯᠢᠭ ᠵᠡᠷᠭᠡ ᠣᠯᠠᠨ ᠨᠡᠶᠢᠲᠡ ᠶᠢᠨ  ᠦᠢᠯᠡᠴᠢᠯᠡᠭᠡᠨ ᠤ ᠢᠵᠢ ᠪᠥᠷᠢᠳᠦᠭᠰᠡᠨ ᠪᠡᠯᠡᠳᠬᠡᠮᠵᠢ ᠲᠦᠭᠦᠭᠡᠷᠦᠮᠵᠢ ᠶᠢ ᠪᠠᠶᠢᠭᠤᠯᠵᠤ᠂ ᠠᠵᠤ ᠦᠢᠯᠡᠰ ᠤᠨ ᠪᠦᠯᠦᠭᠵᠢᠭᠰᠡᠨ ᠮᠠᠶ᠋ᠢᠭ ᠤᠨ ᠬᠥᠭᠵᠢᠯᠲᠡ ᠬᠢᠭᠡᠳ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ  ᠦᠢᠯᠡᠰ ᠠᠭᠤᠰᠤᠯᠴᠠᠨ ᠬᠥᠭᠵᠢᠬᠦ ᠪᠠᠶᠢᠷᠢᠰᠢᠯ ᠢ ᠪᠠᠶᠢᠭᠤᠯᠤᠨ᠎ᠠ ᠬᠡᠪᠡ᠃http://mongol.people.com.cn/15834863.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号