ᠢᠯᠢ ᠤᠳᠤ ᠦᠶ᠎ᠡ ᠶᠢᠨ ᠤᠶᠤᠨᠳᠤ ᠡᠷᠡᠭᠦᠯ ᠮᠡᠨᠳᠦ ᠶᠢᠨ ᠬᠦᠨᠳᠡᠢ ᠶᠢᠨ ᠲᠦᠷᠦᠯ ᠵᠦᠢᠯ ᠤᠨ ᠲᠦᠪᠯᠡᠷᠡᠭᠦᠯᠦᠨ ᠭᠡᠷ᠎ᠡ ᠲᠤᠭᠳᠠᠬᠤ ᠶᠤᠰᠤᠯᠠᠯ ᠵᠢᠴᠢ ᠪᠦᠬᠦ ᠬᠤᠳᠠ ᠶᠢᠨᠠᠷᠠᠯᠵᠢᠶᠠᠴᠢᠨ ᠤᠷᠢᠵᠤ ᠪᠡᠯᠡ ᠮᠦᠩᠭᠦ ᠳᠠᠳᠠᠬᠤ ᠠᠵᠢᠯ ᠤᠨ ᠠᠬᠢᠭᠤᠯᠬᠤ ᠬᠤᠷᠠᠯ ᠬᠦᠬᠡᠬᠤᠳᠠ ᠳᠤ ᠶᠠᠪᠤᠭ᠊
ᠨᠡᠶᠢᠲᠡᠯᠡᠭᠰᠡᠨ ᠴᠠᠭ᠄
2021/1/12
ᠸᠠᠩ ᠯᠢ ᠰᠢᠶᠠ ᠣᠷᠣᠯᠴᠠᠵᠠᠢ     ᠥᠪᠥᠷ ᠮᠣᠩᠭᠤᠯ ᠤᠨ ᠡᠳᠦᠷ ᠤᠨ ᠰᠣᠨᠢᠨ ᠤ ᠬᠦᠬᠡᠬᠤᠳᠠ ᠶᠢᠨ ᠮᠡᠳᠡᠭᠡ ︵ᠰᠤᠷᠪᠤᠯᠵᠢᠯᠠᠭᠴᠢ ᠬᠤᠸᠠᠩ ᠹᠦ᠋ ᠰᠢᠦ ᠯᠢᠩ︶ 1 ᠰᠠᠷ᠎ᠠ ᠶᠢᠨ 9 ᠤ ᠡᠳᠦᠷ᠂ ᠢᠯᠢ ᠤᠳᠤ ᠦᠶ᠎ᠡ ᠶᠢᠨ ᠤᠶᠤᠨᠳᠤ ᠡᠷᠡᠭᠦᠯ ᠮᠡᠨᠳᠦ ᠶᠢᠨ ᠬᠦᠨᠳᠡᠢ ᠶᠢᠨ ᠲᠦᠷᠦᠯ ᠵᠦᠢᠯ ᠤᠨ ᠲᠦᠪᠯᠡᠷᠡᠭᠦᠯᠦᠨ ᠭᠡᠷ᠎ᠡ ᠲᠤᠭᠳᠠᠬᠤ ᠶᠤᠰᠤᠯᠠᠯ ᠵᠢᠴᠢ ᠪᠦᠬᠦ ᠬᠤᠳᠠ ᠶᠢᠨ ᠠᠷᠠᠯᠵᠢᠶᠠᠴᠢᠨ ᠤᠷᠢᠵᠤ ᠪᠡᠯᠡ ᠮᠥᠩᠭᠦ ᠤᠷᠤᠭᠤᠯᠵᠤ ᠠᠪᠴᠢᠷᠠᠬᠤ ᠠᠵᠢᠯ ᠤᠨ ᠠᠬᠢᠭᠤᠯᠬᠤ ᠬᠤᠷᠠᠯ ᠬᠦᠬᠡᠬᠤᠳᠠ ᠳᠤ ᠶᠠᠪᠤᠭᠳᠠᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠦᠬᠡᠬᠤᠳᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ ᠤᠷᠤᠯᠴᠠᠪᠠ᠃      ᠢᠯᠢ ᠤᠳᠤ ᠦᠶ᠎ᠡ ᠶᠢᠨ ᠤᠶᠤᠨᠳᠤ ᠡᠷᠡᠭᠦᠯ ᠮᠡᠨᠳᠦ ᠶᠢᠨ ᠬᠦᠨᠳᠡᠢ ᠨᠢ ᠤᠯᠤᠰ ᠤᠨ ᠳᠡᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠳᠡ ᠶᠢᠨ ᠲᠦᠪ᠂ ᠤᠯᠤᠰ ᠤᠨ ᠳᠤᠳᠤᠭᠠᠳᠤ ᠶᠢᠨ ᠬᠠᠮᠤᠭ ᠤᠨ ᠶᠡᠭᠡ ᠰᠠᠭᠠᠯᠢ ᠶᠢᠨ ᠦᠨᠢᠶᠡᠨ ᠤ ᠡᠭᠦᠯᠳᠡᠷ ᠪᠤᠶᠢᠵᠢᠭᠤᠯᠬᠤ ᠭᠤᠤᠯᠯᠠᠭᠴᠢ ᠰᠠᠭᠤᠷᠢᠨ ᠢ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠮᠦᠩᠭᠦᠨ ᠭᠦᠢᠯᠭᠡᠬᠡ᠂ ᠰᠢᠨᠵᠢᠯᠡᠬᠦ ᠤᠬᠠᠭᠠᠨ ᠤ ᠰᠢᠨ᠎ᠡ ᠡᠭᠦᠳᠦᠯᠲᠡ᠂ ᠢᠨᠲ᠋ᠧᠷ ᠰᠦᠯᠵᠢᠶ᠎ᠡ ᠵᠡᠷᠭᠡ ᠣᠯᠠᠨ ᠡᠵᠡᠩᠨᠡᠯᠲᠡ ᠶᠢᠨ ᠬᠡᠯᠪᠡᠷᠢ ᠶᠢᠨ ᠬᠠᠮᠳᠦ ᠶᠢᠨ ᠬᠦᠭᠵᠢᠯᠳᠡ ᠶᠢ ᠳᠠᠶᠢᠴᠢᠯᠠᠵᠤ᠂ ᠬᠦᠬᠡᠬᠤᠳᠠ ᠶᠢ ︽ᠳᠤᠮᠳᠠᠳᠤ ᠤᠯᠤᠰ ᠤᠨ ᠰᠦ ᠶᠢᠨ ᠬᠤᠳᠠ︾ ᠠᠴᠠ ︽ᠳᠡᠯᠡᠬᠡᠢ ᠶᠢᠨ ᠰᠦ ᠶᠢᠨ ᠬᠤᠳᠠ︾ ᠪᠤᠯᠭᠠᠵᠤ ᠳᠡᠰ ᠳᠡᠪᠰᠢᠬᠦᠯᠬᠦ ᠳᠤ ᠬᠦᠴᠦᠨ  ᠨᠡᠮᠡᠷᠢᠯᠡᠬᠦ ᠪᠣᠯᠣᠨ᠎ᠠ᠃      ᠬᠤᠷᠠᠯ ᠳᠡᠭᠡᠷ᠎ᠡ᠂ ᠢᠯᠢ ᠤᠳᠤ ᠦᠶ᠎ᠡ ᠶᠢᠨ ᠤᠶᠤᠨᠳᠤ ᠡᠷᠡᠭᠦᠯ ᠮᠡᠨᠳᠦ ᠶᠢᠨ ᠬᠥᠨᠳᠡᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠬᠦ ᠶᠢᠨ ᠲᠦᠯᠦᠭᠡ ᠬᠦᠬᠡᠬᠤᠳᠠ ᠶᠢᠨ ᠵᠠᠰᠠᠭ ᠤᠨ ᠤᠷᠳᠤᠨ᠂ ᠲᠦᠮᠡᠳ ᠵᠡᠭᠦᠨ ᠬᠤᠰᠢᠭᠤᠨ ᠤ ᠵᠠᠰᠠᠭ ᠤᠨ ᠤᠷᠳᠤᠨ ᠪᠠ ᠢᠯᠢ ᠤᠳᠤ ᠦᠶ᠎ᠡ ᠶᠢᠨ ᠤᠶᠤᠨᠴᠢ ᠡᠷᠡᠭᠦᠯ ᠮᠡᠨᠳᠦ ᠶᠢᠨ ᠬᠦᠨᠳᠡᠢ ᠶᠢᠨ ᠲᠦᠷᠦᠯ ᠵᠦᠢᠯ ᠤᠨ ᠡᠬᠢᠨ ᠤ ᠪᠠ ᠡᠴᠦᠰ ᠤᠨ ᠠᠵᠤ ᠦᠢᠯᠡᠰ ᠤᠨ ᠬᠡᠯᠬᠢᠶᠠᠨ ᠤ 16 ᠠᠵᠤ ᠠᠬᠤᠢᠢᠯᠠᠯ ᠪᠡᠯᠡ ᠤᠷᠤᠭᠤᠯᠤᠯᠳᠠ ᠶᠢᠨ ᠬᠠᠮᠳᠤᠷᠠᠯᠴᠠᠭᠠᠨ ᠤ ᠵᠦᠪᠯᠡᠯᠴᠡᠭᠡᠷ ᠲᠤᠬᠢᠷᠠᠯᠴᠠᠵᠤ᠂ ᠡᠭᠦᠨ ᠳᠤ ᠰᠦ ᠬᠠᠩᠭᠠᠬᠤ ᠮᠠᠯᠵᠢᠯ ᠤᠨ ᠲᠠᠯᠠᠪᠠᠢ᠂ ᠤᠯᠤᠰ ᠤᠨ ᠰᠢᠨ᠎ᠡ ᠡᠭᠦᠳᠦᠯᠲᠡ ᠶᠢᠨ ᠲᠦᠪ᠂ ᠰᠦ ᠶᠢᠨ ᠦᠢᠯᠡᠰ ᠤᠨ ᠠᠵᠤ ᠦᠢᠯᠡᠰ ᠤᠨ ᠬᠡᠯᠬᠢᠶ᠎ᠡ᠂ ᠤᠶᠤᠨᠳᠤ ᠬᠤᠳᠠ ᠵᠡᠷᠭᠡ 4 ᠶᠡᠭᠡ ᠲᠦᠷᠦᠯ ᠤᠨ 16 ᠲᠦᠷᠦᠯ ᠵᠦᠢᠯ ᠢ ᠬᠠᠮᠤᠷᠤᠭᠰᠠᠨ ᠪᠦᠭᠡᠳ ᠬᠤᠯᠪᠤᠭᠳᠠᠯ ᠪᠦᠬᠦᠢ ᠠᠵᠤ ᠦᠢᠯᠡᠰ ᠤᠨ ᠲᠤᠭᠤᠷᠢᠨ ᠳᠤ ᠠᠷᠠᠯᠵᠢᠶᠠᠴᠢᠨ ᠤᠷᠢᠵᠤ ᠪᠡᠯᠡ ᠮᠦᠩᠭᠦ ᠳᠠᠳᠠᠬᠤ ᠲᠤᠬᠠᠢ ᠲᠠᠨᠢᠯᠴᠠᠭᠤᠯᠵᠠᠢ᠃      ᠬᠤᠷᠠᠯ ᠳᠡᠭᠡᠷ᠎ᠡ᠂ ᠠᠷᠠᠯᠵᠢᠶᠠᠴᠢᠨ ᠤᠷᠢᠵᠤ ᠪᠡᠯᠡ ᠮᠥᠩᠭᠦ ᠳᠠᠳᠠᠬᠤ ᠪᠣᠯ ᠶᠡᠷᠦᠩᠬᠡᠢ ᠱᠦᠵᠢ ᠰᠢ ᠶᠢᠨ ᠫᠢᠩ  ᠤᠨ ︽ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠭᠡᠢ ᠬᠦᠭᠵᠢᠭᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢᠶᠠᠷ ᠵᠠᠮᠨᠠᠬᠤ ᠬᠡᠷᠡᠭᠳᠠᠢ︾ ᠭᠡᠬᠦ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠲᠤᠭᠤᠰᠢᠯᠠᠭᠤᠯᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭ᠎ᠠ ᠶᠢᠨ ᠪᠦᠭᠦᠳᠡ ᠬᠤᠷᠠᠯ ᠪᠤᠯᠤᠨ ᠬᠤᠳᠠ ᠶᠢᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠲᠦᠪ ᠬᠤᠳᠠ ᠶᠢᠨ ᠬᠦᠭᠵᠢᠯᠳᠡ ᠶᠢᠨ ᠳᠤᠲᠠᠭᠤᠳᠠᠯ ᠢ ᠨᠦᠬᠦᠪᠦᠷᠢᠯᠡᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃ ᠡᠯ᠎ᠡ ᠭᠠᠵᠠᠷ ᠤᠨ ᠬᠢᠨ ᠠᠷᠠᠯᠵᠢᠶᠠᠴᠢᠨ ᠤᠷᠢᠵᠤ ᠪᠡᠯᠡ ᠮᠦᠩᠭᠦ ᠳᠠᠳᠠᠬᠤ ᠳᠦᠷᠢᠮ ᠢ ᠪᠦᠷᠢᠨᠰᠢᠭᠦᠯᠵᠤ᠂ ᠲᠦᠷᠦ ᠶᠢᠨ ᠪᠣᠳᠣᠯᠭ᠎ᠠ ᠶᠢᠨ ᠲᠤᠭᠳᠠᠴᠠ ᠶᠢ ᠲᠡᠭᠦᠯᠳᠡᠷᠵᠢᠭᠦᠯᠵᠤ᠂ ᠠᠷᠠᠯᠵᠢᠶᠠᠴᠢᠨ ᠤᠷᠢᠵᠤ ᠪᠡᠯᠡ ᠮᠦᠩᠭᠦ ᠳᠠᠳᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠷᠠᠯᠵᠢᠶᠠᠴᠢᠨ ᠢ ᠬᠦᠨᠳᠦᠳᠭᠡᠵᠤ ᠠᠷᠠᠯᠵᠢᠶᠠᠴᠢᠨ ᠢ ᠴᠢᠬᠤᠯᠠᠴᠢᠯᠠᠬᠤ᠂ ᠠᠷᠠᠯᠵᠢᠶᠠᠴᠢᠨ ᠢ ᠬᠠᠯᠠᠮᠵᠢᠯᠠᠵᠤ ᠠᠷᠠᠯᠵᠢᠶᠠᠴᠢᠨ ᠢ ᠲᠤᠭᠳᠠᠪᠤᠷᠢᠵᠢᠭᠤᠯᠬᠤ ᠰᠠᠶᠢᠨ ᠰᠠᠶᠢᠬᠠᠨ ᠤᠷᠴᠢᠨ ᠨᠥᠬᠦᠴᠡᠯ ᠢ ᠴᠢᠷᠮᠠᠶᠢᠨ ᠪᠤᠢ ᠪᠤᠯᠭᠠᠵᠤ᠂ ᠠᠷᠠᠯᠵᠢᠶᠠᠴᠢᠨ ᠤᠷᠢᠵᠤ ᠪᠡᠯᠡ ᠮᠦᠩᠭᠦ ᠳᠠᠳᠠᠬᠤ ᠲᠦᠷᠦᠯ ᠵᠦᠢᠯ ᠢ ᠪᠤᠳᠠᠳᠠᠢ ᠳᠤ ᠨᠠᠶᠢᠳᠠᠪᠤᠷᠢᠵᠢᠭᠤᠯᠬᠤ ᠳᠤ ᠪᠠᠲᠤᠯᠠᠭ᠎ᠠ ᠬᠠᠩᠭᠠᠬᠤ ᠬᠡᠷᠡᠭᠳᠠᠢ ᠭᠡᠵᠤ ᠴᠢᠬᠤᠯᠠᠴᠢᠯᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号