ᠵᠠᠩ ᠪᠠᠢ ᠴᠧᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ  ︽ᠬᠥᠬᠡᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠥᠭᠡᠷᠡᠴᠢᠯᠡᠯᠲᠡ ᠶᠢᠨ ᠲᠥᠰᠥᠯ︾ ᠵᠡᠷᠭᠡ ᠶᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ
ᠨᠡᠶᠢᠲᠡᠯᠡᠭᠰᠡᠨ ᠴᠠᠭ᠄
2021/1/12
      1 ᠳ᠋ᠦ᠋ᠭᠡᠷ ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠬᠥᠬᠡᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠥᠭᠡᠷᠡᠴᠢᠯᠡᠯᠲᠡ ᠶᠢᠨ ᠲᠥᠰᠥᠯ︾ ︽ᠬᠥᠬᠡᠬᠤᠲᠠ ᠶᠢᠨ ᠬᠤᠲᠠ ᠬᠥᠳᠡᠭᠡ ᠶᠢᠨ ᠡᠮᠴᠢᠯᠡᠭᠡ ᠶᠢᠨ ᠠᠪᠤᠷᠠᠨ ᠲᠤᠰᠠᠯᠠᠯᠲᠠ ᠶᠢ ᠬᠤᠲᠠ ᠶᠢᠨ ᠱᠠᠲᠤᠨ ᠠᠴᠠ ᠨᠢᠭᠡᠳᠦᠯᠲᠡᠢ ᠲᠥᠯᠥᠪᠵᠢᠭᠦᠯᠬᠦ ᠬᠡᠷᠡᠭᠵᠢᠭᠦᠯᠬᠦ ᠠᠷᠭ᠎ᠠ︾ ︽ᠬᠥᠬᠡᠬᠤᠲᠠ ᠶᠢᠨ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠬᠡᠷᠡᠭᠵᠢᠭᠦᠯᠬᠦ ᠲᠥᠰᠥᠯ︾ ᠵᠡᠷᠭᠡ ᠶᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ ᠠᠴᠠ ᠵᠢᠭᠠᠭᠰᠠᠨ ᠨᠢ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠣᠯ ᠨᠠᠮ ᠪᠠ ᠵᠠᠰᠠᠭ ᠤᠨ ᠣᠷᠳᠣᠨ ᠤ ᠬᠥᠮᠥᠡᠯᠢᠭ ᠶᠣᠰᠣᠨ ᠤ ᠬᠦᠷᠢᠶ᠎ᠡ ᠴᠠᠷᠠᠭ᠎ᠠ ᠳᠠᠬᠢ ᠲᠤᠰᠠᠯᠠᠭᠴᠢ ᠪᠠ ᠣᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠤᠭᠠᠰᠤ ᠮᠥᠨ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠥᠭᠡᠷᠡᠴᠢᠯᠡᠯᠲᠡ ᠶᠢ ᠠᠬᠢᠭᠤᠯᠬᠤ ᠪᠣᠯ ᠨᠠᠮ ᠤᠨ ᠣᠯᠠᠨ ᠲᠦᠮᠡᠨᠴᠢ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢᠨ ᠴᠢᠬᠤᠯᠠ ᠪᠦᠷᠢᠯᠳᠦᠭᠦᠨ ᠬᠡᠰᠡᠭ ᠮᠥᠨ᠃ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤ ᠬᠢᠨ ᠵᠥᠪ ᠣᠨᠣᠪᠴᠢᠲᠠᠢ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠨ᠂ ᠵᠠᠰᠠᠯᠲᠠ ᠶᠢᠨ ᠪᠦᠲᠦᠴᠡ᠂ ᠠᠵᠢᠯᠯᠠᠭᠠᠨ ᠤ ᠲᠣᠭᠲᠠᠴᠠ᠂ ᠠᠵᠢᠯ ᠤᠨ ᠠᠷᠭ᠎ᠠ ᠮᠠᠶ᠋ᠢᠭ ᠵᠡᠷᠭᠡ ᠲᠠᠯ᠎ᠠ ᠳᠠᠬᠢ ᠥᠭᠡᠷᠡᠴᠢᠯᠡᠯᠲᠡ ᠰᠢᠨᠡᠴᠢᠯᠡᠯᠲᠡ ᠶᠢ ᠢᠳᠡᠪᠬᠢᠲᠡᠢ ᠲᠦᠯᠬᠢᠨ ᠠᠬᠢᠭᠤᠯᠵᠤ᠂ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠷᠭᠦᠯᠵᠢᠯᠡᠨ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠲᠠ ᠬᠥᠳᠡᠭᠡ ᠶᠢᠨ ᠡᠮᠴᠢᠯᠡᠭᠡ ᠶᠢᠨ ᠠᠪᠤᠷᠠᠨ ᠲᠤᠰᠠᠯᠠᠯᠲᠠ ᠪᠣᠯ ᠬᠦᠴᠢᠷᠳᠡᠯᠲᠡᠢ ᠬᠥᠮᠥᠰ ᠲᠤ ᠬᠠᠨᠳᠤᠭᠤᠯᠤᠭᠰᠠᠨ ᠨᠢᠭᠡᠨ ᠴᠢᠬᠤᠯᠠ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠮᠥᠨ᠂ ᠮᠠᠨ ᠤ ᠬᠤᠲᠠ ᠶᠢᠨ ᠬᠤᠲᠠ ᠬᠥᠳᠡᠭᠡ ᠶᠢᠨ ᠡᠮᠴᠢᠯᠡᠭᠡ ᠶᠢᠨ ᠠᠪᠤᠷᠠᠨ ᠲᠤᠰᠠᠯᠠᠬᠤ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠬᠤ ᠲᠣᠭᠲᠠᠴᠠ ᠶᠢ ᠪᠦᠷᠢᠨᠰᠢᠭᠦᠯᠬᠦ ᠨᠢ ᠡᠮᠴᠢᠯᠡᠭᠡ ᠶᠢᠨ ᠠᠪᠤᠷᠠᠨ ᠲᠤᠰᠠᠯᠠᠯᠲᠠ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠴᠢᠳᠠᠪᠤᠷᠢ ᠶᠢ ᠪᠦᠲᠦᠮᠵᠢᠲᠡᠢ ᠴᠢᠩᠭᠠᠳᠬᠠᠵᠤ᠂ ᠬᠦᠴᠢᠷᠳᠡᠯᠲᠡᠢ ᠬᠥᠮᠥᠰ ᠤᠨ ᠡᠪᠡᠳᠴᠢᠨ ᠠᠴᠠ ᠪᠣᠯᠵᠤ ᠶᠠᠳᠠᠭᠤᠷᠠᠬᠤ ᠳᠠᠬᠢᠨ ᠶᠠᠳᠠᠭᠤᠷᠠᠬᠤ ᠠᠶᠤᠯ ᠢ ᠪᠠᠭᠠᠰᠬᠠᠵᠤ ᠳᠡᠶᠢᠯᠬᠦ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠪᠡᠯᠡ ᠮᠥᠩᠭᠦ ᠶᠢ ᠪᠠᠲᠤᠯᠠᠬᠤ ᠵᠡᠷᠭᠡ ᠠᠵᠢᠯ ᠢ ᠨᠠᠷᠢᠨ ᠬᠢᠨᠠᠮᠠᠭᠠᠢ ᠠᠳᠬᠤᠵᠤ᠂ ᠮᠠᠨ ᠤ ᠬᠤᠲᠠ ᠶᠢᠨ ᠡᠮᠴᠢᠯᠡᠭᠡ ᠶᠢᠨ ᠠᠪᠤᠷᠠᠨ ᠲᠤᠰᠠᠯᠠᠬᠤ ᠦᠢᠯᠡᠴᠢᠯᠡᠭᠡ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠬᠦᠴᠢᠷᠳᠡᠯᠲᠡᠢ ᠣᠯᠠᠨ ᠲᠦᠮᠡᠨ ᠤ ᠡᠮᠴᠢᠯᠡᠭᠡ ᠶᠢᠨ ᠵᠠᠷᠤᠳᠠᠯ ᠤᠨ ᠳᠠᠷᠤᠭᠠᠰᠤ ᠶᠢ ᠪᠦᠲᠦᠮᠵᠢᠲᠡᠢ ᠬᠥᠩᠭᠡᠯᠡᠬᠦ ᠬᠡᠷᠡᠭᠲᠡᠢ ᠭᠡᠵᠡᠢ᠃      ᠬᠤᠷᠠᠯ ᠠᠴᠠ ᠵᠢᠭᠠᠭᠰᠠᠨ ᠨᠢ᠂ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠢ ᠰᠦᠪᠡᠭᠴᠢᠯᠡᠨ ᠪᠠᠶᠢᠭᠤᠯᠬᠤ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠵᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ ᠳᠤ ᠬᠢᠭᠰᠡᠨ ᠨᠢᠭᠡᠨ ᠴᠢᠬᠤᠯᠠ ᠠᠵᠢᠯ ᠤᠨ ᠪᠠᠶᠢᠷᠢᠯᠠᠭᠤᠯᠤᠯᠲᠠ ᠪᠣᠯᠣᠨ᠎ᠠ᠂ ᠮᠥᠨᠴᠦ ᠨᠢᠭᠡᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠃ ᠮᠠᠨ ᠤ ᠬᠤᠲᠠ ᠨᠢ ᠤᠯᠤᠰ ᠤᠨ ᠬᠤᠶᠠᠳᠤᠭᠠᠷ ᠪᠦᠯᠦᠭ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠪᠦᠬᠦ ᠤᠯᠤᠰ ᠤᠨ ᠲᠤᠷᠰᠢᠯᠲᠠ ᠶᠢᠨ ᠬᠤᠲᠠ ᠪᠣᠯᠣᠭᠰᠠᠨ ᠤ ᠬᠤᠪᠢ ᠳᠤ᠂ ︽ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠬᠡᠷᠡᠭᠵᠢᠭᠦᠯᠬᠦ ᠲᠥᠰᠥᠯ︾ ᠢ ᠲᠣᠭᠲᠠᠭᠠᠵᠤ᠂ ᠳᠠᠭᠠᠳᠬᠠᠯ ᠤᠨ ᠮᠥᠩᠭᠦ ᠶᠢ ᠴᠤᠭᠯᠠᠭᠤᠯᠬᠤ ᠠᠷᠭ᠎ᠠ ᠮᠠᠶ᠋ᠢᠭ᠂ ᠪᠦᠷᠬᠦᠬᠦ ᠬᠦᠷᠢᠶ᠎ᠡ ᠬᠡᠪᠴᠢᠶ᠎ᠡ᠂ ᠠᠰᠢᠭ ᠣᠯᠬᠤ ᠬᠥᠮᠥᠨ ᠵᠡᠷᠭᠡ ᠳᠤ ᠲᠣᠳᠣᠷᠬᠠᠢ ᠲᠣᠭᠲᠠᠭᠠᠯ ᠭᠠᠷᠭᠠᠭᠰᠠᠨ‌ᠨᠢ ᠳᠠᠭᠠᠳᠬᠠᠯ ᠤᠨ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠪᠦᠲᠦᠮᠵᠢᠲᠡᠢ ᠵᠢᠷᠤᠮᠵᠢᠭᠤᠯᠵᠤ᠂ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠪᠠᠲᠤᠯᠠᠭ᠎ᠠ ᠶᠢᠨ ᠱᠠᠭᠠᠷᠳᠠᠯᠭ᠎ᠠ ᠶᠢ ᠬᠠᠩᠭᠠᠵᠤ ᠴᠢᠳᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ  ︽ᠬᠡᠷᠡᠭᠵᠢᠭᠦᠯᠬᠦ ᠲᠥᠰᠥᠯ︾ ᠤᠨ ᠱᠠᠭᠠᠷᠳᠠᠯᠭ᠎ᠠ ᠶᠣᠰᠣᠭᠠᠷ᠂ ᠪᠡᠯᠡ ᠮᠥᠩᠭᠦ ᠴᠤᠭᠯᠠᠭᠤᠯᠬᠤ᠂ ᠬᠠᠮᠢᠶᠠᠷᠬᠤ ᠪᠠ ᠪᠠᠭᠤᠯᠭᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠡᠨᠬᠦ ᠰᠠᠶᠢᠨ ᠤᠴᠢᠷ ᠢ ᠰᠠᠶᠢᠬᠠᠨ ᠬᠢᠵᠦ᠂ ᠪᠣᠳᠠᠲᠠᠢ ᠤᠴᠢᠷ ᠢ ᠪᠣᠳᠠᠲᠠᠢ ᠬᠢᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ᠳ᠋ᠠ ᠲᠠᠩ ᠤᠨ ᠲᠣᠭᠲᠠᠬᠤ ᠴᠠᠬᠢᠯᠭᠠᠨ ᠦᠢᠯᠡᠳᠪᠦᠷᠢ ᠶᠢᠨ ᠢᠯᠴᠢ ᠶᠢ ᠬᠥᠬᠡᠬᠤᠲᠠ ᠳᠤ ᠲᠠᠲᠠᠬᠤ ᠪᠠᠷᠢᠯᠭ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠳᠡᠯᠴᠡᠭᠡᠷ ᠵᠡᠷᠭᠡ ᠪᠣᠰᠤᠳ ᠤᠴᠢᠷ ᠶᠠᠪᠤᠳᠠᠯ ᠢ ᠰᠤᠳᠤᠯᠪᠠ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号