ᠰᠢᠨᠬᠤᠸᠠ ᠬᠤᠷᠢᠶᠠᠨ ᠤ ᠬᠥᠬᠡᠬᠤᠲᠠ ᠶᠢᠨ 1 ᠰᠠᠷ᠎ᠠ ᠶᠢᠨ 8 ᠤ ᠡᠳᠦᠷ ᠤᠨ ᠮᠡᠳᠡᠭᠡ ︵ᠰᠤᠷᠪᠤᠯᠵᠢᠯᠠᠭᠴᠢ | ᠸᠠᠩ ᠵᠢᠩ ᠠᠨ ᠯᠦ ᠮᠧᠩ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ | ᠬᠤᠷᠢᠶᠠᠨ ᠤ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ 8 ᠤ ᠡᠳᠦᠷ ᠰᠦᠯᠵᠢᠶᠡᠨ ᠳᠤ ᠭᠠᠷᠪᠠ᠂ ᠡᠨᠡ ᠨᠢ | ᠥᠪᠥᠷ ᠮᠣᠩᠭᠤᠯ ᠤᠨ ᠠᠩᠬᠠᠳᠠᠭᠴᠢ ︽ᠢᠨᠲ᠋ᠧᠷ ᠰᠦᠯᠵᠢᠶ᠎ᠡ + ᠬᠢᠲᠠᠳ ᠡᠮᠨᠡᠯᠭᠡ ᠶᠢᠨ ᠣᠨᠣᠰᠢᠯᠠᠨ ᠡᠮᠨᠡᠬᠦ | ᠦᠢᠯᠡᠴᠢᠯᠡᠭᠡ︾ ᠶᠢᠨ ᠲᠠᠪᠴᠠᠩ ᠵᠢᠩᠬᠢᠨᠢ ᠪᠠᠷ ᠠᠵᠢᠯᠯᠠᠭᠰᠠᠨ ᠢ ᠬᠠᠷᠠᠭᠤᠯᠵᠤ ᠪᠠᠶᠢᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶᠠᠨ ᠤ ᠳᠠᠷᠤᠭ᠎ᠠ ᠶᠠᠩ | ᠭᠤᠸᠠᠩ ᠶᠦ᠋ᠧᠠᠨ ᠲᠠᠨᠢᠯᠴᠠᠭᠤᠯᠬᠤ ᠳᠠᠭᠠᠨ᠄ ᠥᠪᠥᠷ ᠮᠣᠩᠭᠤᠯ ᠤᠨ ᠭᠠᠵᠠᠷ ᠠᠭᠤᠳᠠᠮ ᠬᠥᠮᠦᠨ ᠴᠥᠭᠡᠨ᠂ ᠬᠡᠰᠡᠭ | ᠠᠶᠢᠮᠠᠭ ᠬᠤᠲᠠ ᠢᠯᠠᠩᠭᠤᠶ᠎ᠠ ᠪᠤᠶᠢᠳᠠ ᠪᠥᠭᠯᠡᠭᠦᠤ ᠭᠠᠵᠠᠷ ᠣᠷᠣᠨ ᠤ ᠡᠮᠴᠢᠯᠡᠭᠡᠨ ᠤ ᠡᠬᠢ ᠪᠠᠶᠠᠯᠢᠭ | ᠬᠠᠷᠢᠴᠠᠩᠭᠤᠶ ᠪᠠᠷ ᠬᠦᠷᠦᠯᠴᠡᠬᠦ ᠥᠬᠡᠶ ᠪᠠᠶᠢᠨ᠎ᠠ᠂ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠪᠠᠶᠢᠭᠤᠯᠪᠠᠯ | ᠭᠤᠷᠪᠠᠳᠤᠭᠠᠷ ᠳᠡᠰ ᠤᠨ ᠬᠥᠬᠡ ᠲᠠᠰ ᠤᠨ ᠡᠮᠨᠡᠯᠭᠡ ᠶᠢᠨ ᠬᠤᠷᠢᠶᠠᠨ ᠤ ᠴᠢᠨᠠᠷ ᠰᠠᠶᠢᠲᠠᠶ ᠡᠮᠴᠢᠯᠡᠭᠡᠨ ᠤ ᠡᠬᠢ | ᠪᠠᠶᠠᠯᠢᠭ ᠢ ᠳᠣᠷᠣᠭᠰᠢ ᠪᠠᠭᠤᠯᠭᠠᠵᠤ᠂ ᠠᠷᠠᠳ ᠣᠯᠠᠨ ᠤ ᠡᠪᠡᠳᠴᠢᠨ ᠦᠵᠡᠭᠦᠯᠬᠦ ᠳᠤ ᠬᠦᠴᠢᠷᠲᠡᠶ ᠪᠠᠶᠢᠬᠤ | ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ ᠪᠣᠯᠤᠨ᠎ᠠ᠃ ᠡᠭᠦᠨ ᠤ ᠬᠠᠮᠲᠤ᠂ ᠬᠢᠵᠢᠭ ᠢ ᠰᠡᠷᠭᠡᠶᠢᠯᠡᠨ | ᠬᠤᠷᠢᠬᠯᠠᠬᠤ ᠶᠢ ᠪᠠᠶᠢᠩᠭᠤᠵᠢᠭᠤᠯᠤᠭᠰᠠᠨ ᠠᠬᠤᠶ ᠪᠠᠶᠢᠳᠠᠯ ᠳᠣᠤᠷ᠎ᠠ᠂ ᠠᠯᠤᠰ ᠡᠵᠡᠮᠰᠢᠯᠲᠦ ᠡᠮᠴᠢᠯᠡᠭᠡ ᠬᠢᠬᠦ ᠪᠣᠯ | ᠰᠦᠯᠵᠢᠶᠡᠨ ᠠᠴᠠ ᠭᠠᠳᠠᠭᠤᠷᠬᠢ ᠡᠮᠴᠢᠯᠡᠭᠡᠨ ᠤ ᠨᠢᠭᠡᠨ ᠴᠢᠬᠤᠯᠠ ᠪᠦᠬᠦᠢ ᠦᠷᠭᠦᠯᠵᠢᠯᠡᠯ ᠪᠣᠯᠤᠨ᠎ᠠ᠂ ᠢᠨᠲ᠋ᠧᠷ | ᠰᠦᠯᠵᠢᠶᠡᠨ ᠤ ᠡᠮᠨᠡᠯᠭᠡ ᠶᠢᠨ ᠬᠤᠷᠢᠶ᠎ᠠ ᠨᠢ ᠠᠷᠠᠳ ᠣᠯᠠᠨ ᠢ ᠬᠡᠷ ᠠᠴᠠ ᠪᠠᠨ ᠭᠠᠷᠬᠤ ᠥᠬᠡᠶ ᠪᠠᠷ ᠪᠥᠬᠦ | ᠴᠤᠪᠤᠷᠠᠯ ᠤᠨ ᠡᠭᠦᠳᠡᠨ ᠡᠮᠨᠡᠯᠭᠡ᠂ ᠳᠠᠬᠢᠨ ᠣᠨᠣᠰᠢᠯᠠᠬᠤ ᠯᠠᠪᠯᠠᠭ᠎ᠠ᠂ ᠭᠠᠷ ᠤᠲᠠᠰᠤ ᠪᠠᠷ ᠡᠮ ᠬᠤᠳᠠᠯᠳᠤᠨ ᠠᠪᠬᠤ᠂ | ᠲᠤᠰᠬᠠᠶ ᠮᠡᠷᠭᠡᠵᠢᠯᠲᠡᠨ ᠪᠣᠯᠵᠣᠬᠤ ᠵᠡᠷᠭᠡ ᠦᠢᠯᠡᠴᠢᠯᠡᠭᠡ ᠶᠢ ᠰᠦᠯᠵᠢᠶᠡᠨ ᠳᠡᠭᠡᠷ᠎ᠡ ᠬᠦᠢᠴᠡᠳᠭᠡᠬᠦᠯᠵᠦ᠂ ᠴᠠᠭ | ᠬᠤᠭᠤᠴᠠᠭ᠎ᠠ ᠪᠠ ᠶᠠᠪᠤᠵᠤ ᠰᠠᠭᠤᠬᠤ ᠵᠠᠷᠤᠳᠠᠯ ᠢ ᠶᠡᠭᠡ ᠪᠠᠷ ᠠᠷᠪᠢᠯᠠᠬᠤ ᠪᠣᠯᠤᠨ᠎ᠠ ᠬᠡᠵᠦ ᠬᠡᠯᠡᠪᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶᠠᠨ ᠤ ᠢᠨᠲ᠋ᠧᠷ | ᠰᠦᠯᠵᠢᠶᠡᠨ ᠤ ᠡᠮᠨᠡᠯᠭᠡ ᠶᠢᠨ ᠬᠤᠷᠢᠶᠠᠨ ᠤ ᠡᠭᠦᠯᠡᠨ ᠡᠮᠴᠢᠯᠡᠭᠡᠨ ᠤ ᠲᠠᠰᠤᠭ ᠲᠤ ᠡᠯ᠎ᠡ ᠲᠥᠷᠥᠯ ᠤᠨ ᠪᠠᠶᠢᠩᠭᠤ | ᠲᠣᠬᠢᠶᠠᠯᠳᠤᠳᠠᠭ ᠡᠪᠡᠳᠴᠢᠨ ᠪᠠ ᠤᠵᠢᠭ ᠡᠪᠡᠳᠴᠢᠨ ᠤ ᠰᠠᠯᠠᠭ᠎ᠠ ᠲᠠᠰᠤᠭ ᠤᠨ ᠡᠮᠴᠢ ᠴᠤᠭᠯᠠᠷᠠᠪᠠ᠃ | ᠰᠤᠷᠪᠤᠯᠵᠢᠯᠠᠭᠴᠢ ᠡᠮᠴᠢ ᠨᠡᠷ ᠶᠠᠭ ᠴᠢᠬᠢᠪᠴᠢ ᠵᠡᠭᠦᠵᠦ᠂ ᠺᠣᠮᠫᠢᠦ᠋ᠲ᠋ᠧᠷ ᠤᠨ ᠰᠡᠭᠦᠳᠡᠷᠯᠡᠬᠦ ᠮᠠᠰᠢᠨ ᠢᠶᠠᠷ ᠠᠯᠤᠰ ᠠᠴᠠ | ᠡᠪᠡᠳᠴᠢᠲᠡᠨ ᠲᠠᠢ ᠬᠠᠷᠢᠯᠴᠠᠵᠤ ᠪᠠᠶᠢᠬᠤ ᠶᠢ ᠤᠯᠵᠤ ᠬᠠᠷᠠᠯ᠎ᠠ᠃ ︽ᠡᠪᠡᠳᠴᠢᠲᠡᠨ ᠭᠠᠷ ᠤᠲᠠᠰᠤ ᠪᠠᠷ ᠢᠶᠠᠨ ︿ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶᠠᠨ ᠤ ᠢᠨᠲ᠋ᠧᠷ | ᠰᠦᠯᠵᠢᠶᠡᠨ ᠤ ᠡᠮᠨᠡᠯᠭᠡ ᠶᠢᠨ ᠬᠤᠷᠢᠶᠠᠨ ᠤ ᠲᠠᠪᠴᠠᠩ﹀ ᠤᠨ ᠵᠢᠵᠢᠭ ᠫᠷᠤᠭ᠍ᠷᠠᠮ ᠳᠤ ᠣᠷᠣᠵᠤ᠂ ᠴᠠᠭ ᠢᠶᠠᠨ | ᠪᠣᠯᠵᠣᠭᠰᠠᠨ ᠤ ᠳᠠᠷᠠᠭ᠎ᠠ᠂ ᠪᠢᠳᠡ ᠰᠦᠯᠵᠢᠶᠡᠨ ᠳᠡᠭᠡᠷᠡᠬᠢ ᠸᠢᠳᠢᠣ᠋᠂ ᠠᠪᠢᠶ᠎ᠠ᠂ ᠵᠢᠷᠤᠭ ᠥᠰᠥᠭ ᠤᠨ ᠬᠡᠯᠪᠡᠷᠢ ᠪᠠᠷ | ᠳᠠᠮᠵᠢᠭᠤᠯᠤᠨ᠂ ᠡᠪᠡᠳᠴᠢᠲᠡᠨ ᠳᠤ ᠰᠦᠯᠵᠢᠶᠡᠨ ᠲᠡᠭᠡᠷ᠎ᠡ ᠯᠠᠪᠯᠠᠨ ᠠᠰᠠᠭᠤᠬᠤ ᠪᠠ ᠣᠨᠣᠰᠢᠯᠠᠨ ᠡᠮᠨᠡᠬᠦ ᠦᠢᠯᠡᠴᠢᠯᠡᠭᠡ | ᠬᠠᠩᠭᠠᠬᠤ ᠪᠣᠯᠤᠨ᠎ᠠ︾ ᠭᠡᠵᠦ ᠬᠢᠲᠠᠳ ᠡᠮᠨᠡᠯᠭᠡ ᠶᠢᠨ ᠬᠤᠷᠢᠶᠠᠨ ᠤ ᠡᠮ ᠲᠠᠩ ᠤᠨ ᠰᠠᠯᠠᠭᠠᠨ ᠤ ᠡᠮᠴᠢᠯᠡᠭᠡᠨ ᠤ ᠡᠮ | ᠨᠠᠶᠢᠷᠠᠭᠴᠢ ᠢᠦᠶ ᠯᠸᠢ ᠬᠡᠯᠡᠭᠰᠡᠨ ᠢᠶᠠᠨ ᠵᠠᠯᠭᠠᠭᠠᠳ᠂ ᠣᠷᠳᠣ ᠬᠤᠭᠤᠴᠠᠭ᠎ᠠ ᠪᠠᠷ ᠡᠮ ᠬᠡᠷᠡᠭᠯᠡᠬᠦ ᠴᠢᠬᠤᠯᠠᠲᠠᠶ ᠤᠵᠢᠭ | ᠡᠪᠡᠳᠴᠢᠨ ᠢᠶᠠᠨ ᠳᠠᠬᠢᠨ ᠡᠮᠨᠡᠭᠦᠯᠭᠦ ᠡᠪᠡᠳᠴᠢᠲᠡᠨ ᠪᠠᠰᠠ ᠢᠨᠲ᠋ᠧᠷ ᠰᠦᠯᠵᠢᠶᠡᠨ ᠤ ᠡᠭᠦᠳᠡᠨ ᠡᠮᠨᠡᠯᠭᠡ ᠪᠠ | ᠰᠦᠯᠵᠢᠶᠡᠨ ᠳᠡᠭᠡᠷᠡᠬᠢ ᠡᠮ ᠤᠨ ᠳᠡᠯᠭᠡᠭᠦᠷ ᠤᠨ ᠳᠠᠷᠤᠭᠤᠯ ᠢᠶᠠᠷ ᠲᠠᠮᠵᠢᠭᠤᠯᠤᠨ ᠦᠷᠭᠦᠯᠵᠢᠯᠡᠨ ᠤᠤᠭᠤᠬᠤ ᠡᠮ | ᠲᠠᠩ ᠢᠶᠠᠨ ᠥᠪᠡᠰᠦᠪᠡᠨ ᠠᠪᠴᠤ ᠪᠤᠯᠬᠤ ᠪᠦᠭᠡᠳ ᠪᠠᠰᠠ ᠬᠡᠷ ᠲᠤᠨᠢ ᠬᠦᠷᠭᠡᠵᠦ ᠥᠭᠴᠦ ᠪᠣᠯᠤᠨ᠎ᠠ ᠭᠡᠵᠡᠶ᠃ | ᠶᠠᠩ ᠭᠤᠧᠠᠩ ᠶᠤᠧᠠᠨ ᠲᠠᠬᠢᠨ ᠲᠠᠨᠢᠯᠴᠠᠭᠤᠯᠬᠤ ᠳᠠᠭᠠᠨ᠄ ᠮᠠᠨ ᠤ ᠬᠢᠨ ᠪᠤᠰᠤᠳ ᠲᠠᠩ ᠴᠣᠭᠴᠠᠲᠤ ᠢᠨᠲ᠋ᠧᠷ | ᠰᠦᠯᠵᠢᠶᠡᠨ ᠤ ᠡᠮᠨᠡᠯᠭᠡ ᠶᠢᠨ ᠬᠤᠷᠢᠶᠠᠨ ᠤ ᠲᠠᠪᠴᠠᠩ ᠲᠠᠢ ᠢᠯᠭᠠᠭ᠎ᠠ ᠲᠠᠢ ᠶᠤᠮ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶᠠᠨ ᠤ ᠢᠨᠲ᠋ᠧᠷ ᠰᠦᠯᠵᠢᠶᠡᠨ ᠤ ᠡᠮᠨᠡᠯᠭᠡ ᠶᠢᠨ | ᠬᠤᠷᠢᠶ᠎ᠠ ᠰᠦᠯᠵᠢᠶᠡᠨ ᠳᠤ ᠭᠠᠷᠤᠬᠰᠠᠨ ᠤ ᠳᠠᠷᠠᠭ᠎ᠠ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠲᠤᠬᠠᠶᠢᠯᠠᠭᠰᠠᠨ | ᠠᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠬᠢᠲᠠᠳ ᠡᠮᠨᠡᠯᠭᠡ ᠶᠢᠨ ᠬᠤᠷᠢᠶ᠎ᠠ ᠪᠠᠷ | ᠤᠳᠤᠷᠢᠳᠤᠮᠵᠢ ᠪᠣᠯᠭᠠᠭᠰᠠᠨ᠂ ᠡᠮᠨᠡᠯᠭᠡ ᠶᠢᠨ ᠬᠤᠯᠪᠣᠭᠠᠲᠤ ᠴᠣᠭᠴᠠ ᠶᠢᠨ ᠳᠣᠲᠣᠭᠠᠳᠤ ᠳᠤ ᠬᠠᠮᠲᠤ ᠪᠠᠷ ᠬᠡᠷᠡᠭᠯᠡᠬᠦ᠂ | ᠬᠡᠯᠬᠢᠶ᠎ᠡ ᠡᠮ ᠤᠨ ᠳᠡᠯᠭᠡᠭᠦᠷ ᠬᠠᠮᠲᠤ ᠪᠠᠷ ᠤᠷᠤᠯᠴᠠᠬᠤ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶᠠᠨ ᠤ | ᠲᠠᠪᠴᠠᠩ ᠢ ᠪᠠᠶᠢᠭᠤᠯᠵᠤ᠂ ᠳᠠᠬᠢᠨ ᠣᠨᠣᠰᠢᠯᠠᠭᠤᠯᠵᠤ ᠡᠮ ᠬᠤᠳᠠᠯᠳᠤᠨ ᠠᠪᠬᠤ᠂ ᠪᠠᠶᠢᠴᠠᠭᠠᠬᠤ ᠪᠠ ᠰᠢᠯᠭᠠᠨ | ᠪᠠᠶᠢᠴᠠᠭᠠᠬᠤ᠂ ᠤᠵᠢᠭ ᠡᠪᠡᠳᠴᠢᠨ ᠤ ᠬᠠᠮᠢᠶᠠᠷᠤᠯᠳᠠ᠂ ᠡᠷᠡᠭᠦᠯᠵᠢᠯ ᠤᠨ ᠬᠠᠮᠢᠶᠠᠷᠤᠯᠲᠠ ᠵᠡᠷᠭᠡ ᠪᠥᠬᠦ ᠶᠠᠪᠤᠴᠠ ᠶᠢᠨ | ᠣᠨᠣᠰᠢᠯᠠᠨ ᠡᠮᠨᠡᠬᠦ ᠦᠢᠯᠡᠴᠢᠯᠡᠭᠡ ᠬᠢᠨ᠎ᠡ ᠭᠡᠵᠦ ᠬᠡᠯᠡᠪᠡ᠃ | | | http://mongol.people.com.cn/15834862.html |