ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/12
ᠵᠠᠩ ᠪᠠᠢ ᠴᠧᠩ ᠡᠷᠬᠢᠯᠡᠵᠦ  ᠯᠥᠸᠧ ᠴᠢᠩ ᠣᠷᠣᠯᠴᠠᠪᠠ      1 ᠳ᠋ᠦ᠋ᠭᠡᠷ ᠰᠠᠷ᠎ᠠ ᠶᠢᠨ 10 ᠤ ᠣᠷᠣᠢ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠵᠠᠩ ᠪᠠᠢ ᠴᠧᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 5 ᠳ᠋ᠤᠭᠠᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠡᠯ᠎ᠡ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ 9 ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠪᠣᠯᠣᠨ ᠣᠯᠠᠨ ᠤᠯᠤᠰ ᠤᠨ ᠨᠢᠰᠬᠡᠯ ᠢ ᠬᠤᠪᠢᠶᠠᠷᠢᠯᠠᠨ ᠪᠠᠭᠤᠯᠭᠠᠬᠤ ᠭᠠᠵᠠᠷ ᠲᠤ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      9 ᠤ ᠡᠳᠦᠷ᠂ 10 ᠤ ᠡᠳᠦᠷ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 7 ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠲᠤᠰ ᠲᠤᠰ ᠮᠠᠨ ᠤ ᠬᠤᠲᠠ ᠶᠢᠨ ︽ᠨᠢᠭᠡ ᠪᠠᠭᠤᠳᠠᠯ ᠬᠤᠶᠠᠷ ᠥᠷᠲᠡᠭᠡ︾᠂ ᠬᠤᠳᠠᠯᠳᠤᠭ᠎ᠠ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠡᠮᠴᠢᠯᠡᠭᠡ ᠶᠢᠨ ᠪᠠᠶᠢᠭᠤᠯᠤᠮᠵᠢ᠂ ᠡᠮ ᠤᠨ ᠳᠡᠯᠭᠡᠭᠦᠷ᠂ ᠬᠤᠭᠤᠯᠠᠨ ᠭᠡᠷ ᠪᠠᠭᠤᠳᠠᠯ ᠵᠡᠷᠭᠡ ᠭᠠᠵᠠᠷ ᠲᠤ ᠨᠢᠭᠤᠴᠠ ᠰᠤᠷᠪᠤᠯᠵᠢᠯᠠᠭ᠎ᠠ ᠬᠢᠵᠦ ᠰᠢᠮᠳᠠᠭᠤᠯᠤᠨ ᠪᠠᠶᠢᠴᠠᠭᠠᠪᠠ᠃ ᠲᠣᠬᠢᠷᠠᠭᠤᠯᠤᠯᠲᠠ ᠶᠢᠨ ᠬᠤᠷᠠᠯ ᠳᠡᠭᠡᠷ᠎ᠡ᠂ ᠡᠯ᠎ᠡ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠢᠯᠡᠷᠡᠭᠦᠯᠦᠭᠰᠡᠨ ᠠᠰᠠᠭᠤᠳᠠᠯ ᠢᠶᠠᠨ ᠲᠤᠰᠬᠠᠢ ᠰᠡᠳᠦᠪ ᠢᠶᠠᠷ ᠬᠠᠷᠢᠭᠤ ᠮᠡᠳᠡᠭᠦᠯᠪᠡ᠃      ᠵᠠᠩ ᠪᠠᠢ ᠴᠧᠩ ᠴᠢᠬᠤᠯᠠᠴᠢᠯᠠᠬᠤ ᠳᠠᠭᠠᠨ᠂ ᠣᠳᠣᠬᠠᠨ ᠳᠤ ᠭᠠᠳᠠᠭᠠᠳᠤ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠦᠷᠭᠦᠯᠵᠢᠯᠡᠨ ᠬᠤᠷᠳᠤᠨ ᠳᠡᠯᠭᠡᠷᠡᠵᠦ᠂ ᠤᠯᠤᠰ ᠤᠨ ᠳᠣᠲᠣᠷ᠎ᠠ ᠣᠯᠠᠨ ᠭᠠᠵᠠᠷ ᠲᠤ ᠣᠷᠣᠨ ᠨᠤᠲᠤᠭ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ ᠪᠠ ᠢᠯᠡᠷᠡᠯ ᠦᠭᠡᠢ ᠬᠠᠯᠳᠠᠪᠤᠷᠢᠯᠠᠭᠰᠠᠳ ᠢᠯᠡᠷᠡᠵᠦ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠭᠡᠴᠡᠭᠦᠦ ᠪᠡᠷᠭᠡ ᠴᠢᠨᠠᠷ ᠢ ᠭᠦᠢᠴᠡᠳ ᠲᠠᠨᠢᠵᠤ᠂ ᠴᠠᠭ ᠢᠮᠠᠭᠲᠠ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠬᠢᠵᠢᠭ ᠤᠨ ᠪᠠᠶᠢᠳᠠᠯ ᠤᠨ ᠬᠤᠪᠢᠷᠠᠯᠲᠠ ᠶᠢ ᠨᠠᠷᠢᠨ ᠠᠩᠬᠠᠷᠴᠤ᠂ ︽ᠭᠠᠳᠠᠨ᠎ᠠ ᠪᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠷ᠎ᠠ ᠪᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠳᠤ ᠵᠢᠭᠠᠬᠠᠨ ᠴᠦ ᠠᠯᠳᠠᠭ᠎ᠠ ᠭᠠᠷᠭᠠᠬᠤ ᠦᠭᠡᠢ ᠪᠠᠶᠢᠵᠤ᠂ ᠬᠢᠯᠪᠠᠷ ᠪᠤᠰᠤ ᠪᠠᠷ ᠢᠷᠡᠭᠰᠡᠨ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠴᠢᠩᠭ᠎ᠠ ᠰᠠᠬᠢᠬᠤ ᠬᠡᠷᠡᠭᠲᠡᠢ ᠭᠡᠵᠡᠢ᠃      ᠵᠠᠩ ᠪᠠᠢ ᠴᠧᠩ ᠵᠢᠭᠠᠬᠤ ᠳᠠᠭᠠᠨ᠂ ᠡᠨᠡ ᠤᠳᠠᠭᠠᠨ ᠤ ᠰᠢᠮᠳᠠᠭᠤᠯᠤᠨ ᠪᠠᠶᠢᠴᠠᠭᠠᠬᠤ ᠪᠠᠷ ᠳᠠᠮᠵᠢᠨ ᠢᠯᠡᠷᠡᠭᠦᠯᠦᠭᠰᠡᠨ ᠠᠰᠠᠭᠤᠳᠠᠯ ᠢ ᠨᠠᠷᠢᠨ ᠬᠢᠨᠠᠮᠠᠭᠠᠢ ᠡᠮᠬᠢᠳᠬᠡᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢ ᠰᠢᠮᠳᠠᠭᠤᠯᠤᠨ ᠰᠠᠶᠢᠲᠤᠷ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠬᠥᠳᠡᠭᠡ ᠲᠣᠰᠬᠤᠨ ︵ᠨᠡᠶᠢᠭᠡᠮ ᠲᠣᠭᠤᠷᠢᠭ︶ ᠤ ᠲᠣᠣᠷᠴᠢᠯᠠᠯᠲᠠ᠂ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠲᠣᠣᠷᠴᠢᠨ ᠤ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠨ᠂ ᠰᠢᠭᠰᠢᠨ ᠪᠠᠶᠢᠴᠠᠭᠠᠵᠤ ᠳᠠᠩᠰᠠᠯᠠᠬᠤ᠂ ᠮᠡᠳᠡᠭᠡ ᠵᠠᠩᠭᠢ ᠶᠢ ᠮᠡᠳᠡᠭᠦᠯᠬᠦ ᠵᠡᠷᠭᠡ ᠠᠵᠢᠯ ᠢ ᠨᠠᠷᠢᠨ ᠬᠢᠨᠠᠮᠠᠭᠠᠢ ᠬᠢᠵᠦ᠂ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠲᠣᠣᠷ︾ ᠢ ᠨᠢᠭᠲᠠ ᠨᠡᠬᠡᠬᠦ ᠬᠡᠷᠡᠭᠲᠡᠢ᠃ ᠤᠬᠠᠭᠤᠯᠭ᠎ᠠ ᠰᠤᠷᠲᠠᠯᠴᠢᠯᠠᠭ᠎ᠠ ᠶᠢᠨ ᠬᠦᠴᠦᠨ ᠢᠶᠠᠨ ᠤᠯᠠᠮ ᠨᠢᠭᠡ ᠠᠯᠬᠤᠮ ᠡᠷᠴᠢᠮᠵᠢᠭᠦᠯᠵᠦ᠂ ᠠᠳᠠᠯᠢ ᠪᠤᠰᠤ ᠬᠥᠮᠥᠰ ᠲᠤ ᠴᠢᠭᠯᠡᠭᠦᠯᠦᠨ᠂ ᠲᠡᠰ ᠬᠤᠪᠢᠶᠠᠨ ᠲᠥᠷᠥᠯ ᠬᠤᠪᠢᠶᠠᠨ ᠤᠬᠠᠭᠤᠯᠭ᠎ᠠ ᠰᠤᠷᠲᠠᠯᠴᠢᠯᠠᠭ᠎ᠠ ᠬᠢᠵᠦ᠂ ᠤᠬᠠᠭᠤᠯᠭ᠎ᠠ ᠰᠤᠷᠲᠠᠯᠴᠢᠯᠠᠭ᠎ᠠ ᠶᠢᠨ ᠲᠤᠭ᠎ᠠ ᠪᠠᠨ ᠨᠡᠮᠡᠭᠳᠡᠭᠦᠯᠵᠦ᠂ ᠬᠦᠷᠢᠶ᠎ᠡ ᠬᠡᠪᠴᠢᠶ᠎ᠡ ᠪᠠᠨ ᠥᠷᠭᠡᠳᠬᠡᠵᠦ᠂ ᠣᠯᠠᠨ ᠲᠦᠮᠡᠨ ᠤ ᠣᠳᠣᠬᠠᠨ ᠤ ᠬᠢᠵᠢᠭ ᠤᠨ ᠪᠠᠶᠢᠳᠠᠯ ᠤᠨ ᠲᠤᠬᠠᠢ ᠲᠠᠨᠢᠯᠲᠠ ᠪᠠᠨ ᠳᠡᠭᠡᠭᠰᠢᠯᠡᠭᠦᠯᠵᠦ᠂ ᠬᠤᠪᠢ ᠬᠥᠮᠥᠨ ᠤ ᠰᠡᠷᠭᠡᠶᠢᠯᠡᠯᠲᠡ ᠬᠠᠮᠠᠭᠠᠯᠠᠯᠲᠠ ᠶᠢ ᠤᠬᠠᠮᠰᠠᠷ ᠠᠴᠠ ᠪᠠᠨ ᠰᠠᠶᠢᠨ  ᠬᠢᠬᠦ ᠶᠢ ᠨᠢ ᠬᠦᠳᠦᠯᠦᠨ ᠵᠢᠯᠤᠭᠤᠳᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠢᠮᠳᠠᠭᠤᠯᠤᠨ ᠪᠠᠶᠢᠴᠠᠭᠠᠬᠤ ᠶᠢ ᠪᠠᠶᠢᠩᠭᠤ ᠶᠢᠨ ᠴᠢᠨᠠᠷᠲᠠᠢ ᠥᠷᠨᠢᠭᠦᠯᠵᠦ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠴᠣᠭᠤᠷᠬᠠᠢ ᠶᠢ ᠴᠠᠭ ᠲᠤᠬᠠᠢ ᠳᠤᠨᠢ ᠪᠥᠭᠡᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ᠂ ᠲᠥᠪ ᠬᠤᠲᠠ ᠶᠢᠨ ᠠᠷᠠᠳ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠯᠥᠸᠧ ᠴᠢᠩ᠂ ᠯᠢᠦ ᠴᠧᠩ ᠮᠢᠨ᠂ ᠸᠠᠩ ᠬᠤᠤ ᠯᠧᠢ᠂ ᠰᠢᠦᠢ ᠷᠦᠢ ᠰᠢᠶᠠ᠂ ᠪᠢ ᠭᠥᠸᠧ ᠴᠧᠨ᠂ ᠶᠦᠨ ᠰᠢᠨ ᠮᠢᠩ᠂ ᠴᠢᠶᠥᠥ ᠶᠦᠨ ᠯᠢ᠂ ᠵᠠᠩ ᠭᠥᠸᠧ ᠫᠢᠩ ᠵᠢᠴᠢ ᠵᠢᠯᠣᠭᠤᠳᠬᠤ ᠭᠠᠵᠠᠷ ᠤᠨ ᠬᠡᠰᠡᠭ ᠭᠡᠰᠢᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号