ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2021 ᠣᠨ ᠤ 1 ᠳ᠋ᠦ᠋ᠭᠡᠷ ᠤᠳᠠᠭ᠎ᠠ ᠶᠢᠨ ᠬᠤᠷᠠᠯ ᠢ ᠬᠤᠷᠠᠯᠳᠤᠭᠤᠯᠵᠤ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠡᠳᠡᠭᠡᠯᠡᠪᠡ
ᠨᠡᠶᠢᠲᠡᠯᠡᠭᠰᠡᠨ ᠴᠠᠭ᠄
2021/1/13
ᠵᠠᠩ ᠪᠠᠢ ᠴᠧᠩ ᠡᠷᠬᠢᠯᠡᠪᠡ      1 ᠳ᠋ᠦ᠋ᠭᠡᠷ ᠰᠠᠷ᠎ᠠ ᠶᠢᠨ 10 ᠤ ᠣᠷᠣᠢ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2021 ᠣᠨ ᠤ 1 ᠳ᠋ᠦ᠋ᠭᠡᠷ ᠤᠳᠠᠭ᠎ᠠ ᠶᠢᠨ ᠬᠤᠷᠠᠯ ᠢ ᠬᠤᠷᠠᠯᠳᠤᠭᠤᠯᠵᠤ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠡᠳᠡᠭᠡᠯᠡᠪᠡ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠢ ᠡᠷᠬᠢᠯᠡᠪᠡ᠃      ᠬᠤᠷᠠᠯ ᠠᠴᠠ ᠵᠢᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠶᠢᠨ ᠴᠢᠬᠤᠯᠠ ᠠᠴᠢ ᠬᠤᠯᠪᠣᠭᠳᠠᠯ᠂ ᠵᠢᠯᠣᠭᠤᠳᠬᠤ ᠦᠵᠡᠯ ᠰᠠᠨᠠᠭ᠎ᠠ᠂ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠲᠠᠶᠢᠯᠪᠤᠷᠢᠯᠠᠵᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠶᠢᠨ ᠠᠵᠢᠯᠯᠠᠭᠠᠨ ᠤ ᠬᠥᠲᠥᠯᠪᠦᠷᠢ ᠪᠠ ᠦᠨᠳᠦᠰᠦᠨ ᠵᠢᠷᠤᠮᠯᠠᠯ ᠮᠥᠨ᠃ ᠬᠤᠳᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠭᠦᠨ ᠲᠦᠷᠦᠭᠦᠯᠡᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠵᠤ᠂ ᠰᠢᠨ᠎ᠡ ᠴᠠᠭ ᠦᠶ᠎ᠡ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ  ᠤᠨᠤᠪᠴᠢᠳᠠᠢ ᠡᠵᠡᠮᠰᠢᠵᠦ᠂ ᠲᠥᠪ ᠬᠤᠲᠠ ᠶᠢᠨ ᠬᠥᠭᠵᠢᠯᠲᠡ ᠶᠢᠨ ᠪᠣᠳᠠᠲᠠᠢ ᠲᠠᠢ ᠤᠶᠠᠯᠳᠤᠭᠤᠯᠤᠨ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠵᠦᠢᠯ ᠵᠣᠷᠪᠤᠰ ᠳᠠᠷᠠᠭᠠᠯᠠᠨ ᠨᠠᠷᠢᠯᠢᠬᠵᠢᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠮᠵᠢᠯᠲᠠ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ ᠪᠠᠬᠢᠵᠢᠭᠦᠯᠦᠨ ᠥᠷᠭᠡᠳᠬᠡᠵᠦ᠂ ᠲᠠᠷᠢᠶᠠᠨ ᠭᠠᠵᠠᠷ ᠢ ᠬᠠᠮᠠᠭᠠᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠵᠦ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠬᠥᠳᠡᠭᠡ ᠠᠵᠤ ᠠᠬᠤᠢ  ᠶᠢ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ᠂ ᠬᠥᠳᠡᠭᠡ ᠲᠣᠰᠬᠤᠨ ᠢ ᠣᠷᠣᠰᠢᠨ ᠰᠠᠭᠤᠵᠤ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ᠂ ᠲᠠᠷᠢᠶᠠᠴᠢᠳ ᠢ ᠪᠠᠶᠠᠨ ᠴᠢᠨᠡᠭᠡᠯᠢᠭ ᠪᠠᠶᠢᠯᠭᠠᠬᠤ ᠲᠠᠢ ᠨᠢᠭᠲᠠ ᠤᠶᠠᠯᠳᠤᠭᠤᠯᠤᠨ᠂ ᠥᠨᠳᠥᠷ ᠡᠬᠢᠯᠡᠯᠲᠡ ᠶᠢᠨ ᠴᠡᠭ ᠠᠴᠠ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢ ᠲᠥᠯᠥᠪᠵᠢᠭᠦᠯᠵᠦ᠂ ᠬᠥᠳᠡᠭᠡ ᠠᠵᠤ ᠠᠬᠤᠢ ᠶᠢᠨ ᠲᠦᠷᠦᠯ ᠲᠡᠮᠳᠡᠭ ᠢ ᠳᠡᠭᠡᠭᠰᠢᠯᠡᠭᠦᠯᠬᠦ ᠠᠵᠢᠯᠯᠠᠭ᠎ᠠ ᠶᠢ ᠲᠦᠷᠭᠡᠳᠬᠡᠨ ᠬᠡᠷᠡᠭᠵᠢᠭᠦᠯᠵᠦ᠂ ᠨᠡᠩ ᠤᠯᠠᠨ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠭᠠᠷᠭᠠᠬᠤ ᠶᠢ ᠠᠬᠢᠭᠤᠯᠵᠤ᠂ ᠲᠥᠪ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃       ᠬᠤᠷᠠᠯ ᠠᠴᠠ ᠴᠢᠬᠤᠯᠠᠴᠢᠯᠠᠭᠰᠠᠨ ᠨᠢ᠂ ᠲᠤᠰ ᠤᠳᠠᠭᠠᠨ ᠤ ᠲᠤᠰᠬᠠᠶ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠵᠣᠷᠢᠯᠭ᠎ᠠ ᠪᠣᠯ ᠮᠠᠨ ᠤ ᠬᠤᠲᠠ ᠶᠢᠨ ᠦᠨᠳᠦᠰᠦᠲᠡᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠵᠥᠷᠢᠶ᠎ᠡ ᠪᠣᠯᠤᠨ ᠠᠰᠠᠭᠤᠳᠠᠯ ᠢ ᠪᠠᠶᠢᠴᠠᠭᠠᠨ ᠲᠡᠯᠭᠡᠵᠦ᠂ ᠦᠨᠳᠦᠰᠦᠲᠡᠨ ᠤ ᠠᠵᠢᠯ ᠢ ᠳᠥᠯᠭᠢᠨ ᠠᠬᠢᠭᠤᠯᠬᠤ ᠳᠤᠮᠳᠠ ᠣᠷᠣᠰᠢᠵᠤ ᠪᠠᠶᠢᠭ᠎ᠠ ᠭᠦᠨ ᠳᠠᠪᠬᠤᠷᠭ᠎ᠠ ᠶᠢᠨ ᠠᠰᠠᠭᠤᠳᠠᠯ ᠢ  ᠪᠠᠶᠢᠴᠠᠭᠠᠨ ᠳᠡᠯᠭᠡᠬᠦ ᠶᠢᠨ ᠲᠥᠯᠥᠭᠡ ᠶᠤᠮ᠃ ᠣᠳᠣᠬᠠᠨ ᠳᠤ ᠮᠠᠰᠢ ᠣᠯᠠᠨ ᠠᠰᠠᠭᠤᠳᠠᠯ ᠢ ᠨᠢᠭᠡᠨᠲᠡ ᠪᠠᠶᠢᠴᠠᠭᠠᠵᠤ ᠭᠠᠷᠭᠠᠪᠠ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠨᠢ ᠵᠠᠩᠭᠢᠯᠠᠭ᠎ᠠ ᠪᠣᠯᠵᠤ ᠪᠠᠶᠢᠨ᠎ᠠ᠃ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ  ᠭᠡᠰᠢᠭᠦᠳ  ᠨᠢᠭᠡᠳᠦᠯᠲᠡᠢ ᠬᠦᠳᠡᠯᠦᠯᠴᠡᠵᠦ᠂ ᠪᠥᠬᠦ ᠬᠤᠲᠠ ᠶᠢᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠣᠶ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠬᠡᠯᠬᠢᠶ᠎ᠡ ᠶᠢ ᠪᠦᠷᠢᠨᠰᠢᠭᠦᠯᠵᠦ᠂ ᠳᠡᠭᠡᠳᠦ ᠳᠣᠣᠷ᠎ᠠ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠬᠤ ᠠᠵᠢᠯ ᠤᠨ ᠪᠢᠲᠡᠭᠦᠦ ᠴᠠᠭᠠᠷᠢᠭ ᠢ ᠪᠣᠶ ᠪᠣᠯᠭᠠᠵᠤ᠂ ᠦᠨᠳᠦᠰᠦᠲᠡᠨ ᠤ ᠠᠵᠢᠯ ᠤᠨ ᠯᠠᠪᠳᠠᠭᠤᠨ ᠢᠶᠠᠷ ᠤᠷᠲᠤ ᠬᠤᠭᠤᠴᠠᠭ᠎ᠠ ᠶᠠᠪᠤᠭᠳᠠᠬᠤ ᠶᠢ ᠳᠥᠯᠭᠢᠨ ᠠᠬᠢᠭᠤᠯᠬᠤ ᠬᠡᠷᠡᠭᠲᠡᠶ᠃ ᠨᠠᠶᠢᠳᠠᠪᠤᠷᠢᠵᠢᠭᠤᠯᠤᠯᠲᠠ ᠶᠢ ᠠᠳᠬᠤᠬᠤ ᠢᠯᠡ ᠲᠣᠳᠣ ᠤᠳᠤᠷᠢᠳᠤᠮᠵᠢ ᠶᠢ ᠪᠦᠷᠢᠯᠳᠦᠭᠦᠯᠵᠦ᠂ ᠭᠤᠣᠯᠳᠠᠯᠭ᠎ᠠ ᠲᠠᠢ ᠠᠰᠠᠭᠤᠳᠠᠯ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠠᠩᠬᠠᠷᠤᠯ ᠢᠶᠠᠨ ᠲᠠᠬᠢᠨ ᠲᠥᠪᠯᠡᠷᠡᠭᠦᠯᠵᠦ᠂ ᠬᠦᠴᠦᠨ ᠢᠶᠠᠨ ᠲᠠᠬᠢᠨ ᠲᠥᠪᠯᠡᠷᠡᠭᠦᠯᠵᠦ᠂ ᠲᠠᠬᠢᠨ ᠲᠤᠬᠢᠷᠠᠭᠤᠯᠤᠯᠳᠠ ᠬᠢᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠷ ᠬᠤᠳᠠ ᠶᠢᠨ ᠵᠠᠰᠠᠭ ᠤᠨ ᠣᠷᠳᠣᠨ ᠤ ᠦᠨᠡᠨᠬᠦ ᠠᠳᠬᠤᠵᠤ ᠪᠣᠳᠠᠲᠠᠢ ᠠᠵᠢᠯᠯᠠᠭᠰᠠᠨ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠬᠤ ᠬᠡᠷᠡᠭᠲᠡᠢ᠃ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠠᠯ᠎ᠠ ᠪᠠᠷ ᠥᠷᠬᠦᠯᠵᠢᠯᠡᠨ ᠬᠦᠴᠦᠯᠡᠵᠦ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠵᠥᠪ ᠡᠬᠡ ᠤᠯᠤᠰ ᠤᠨ ᠦᠵᠡᠯᠲᠡ᠂ ᠦᠨᠳᠦᠰᠦᠲᠡᠨ ᠤ ᠦᠵᠡᠯᠲᠡ  ᠂ ᠲᠡᠦᠬᠡ ᠶᠢᠨ ᠦᠵᠡᠯᠲᠡ ᠶᠢ ᠪᠤᠢ ᠪᠣᠯᠭᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠶᠢ ᠨᠢ ᠬᠦᠳᠦᠯᠦᠨ ᠵᠢᠯᠤᠭᠤᠳᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠦᠬᠦ ᠬᠤᠲᠠ ᠶᠢᠨ ᠭᠡᠷ ᠭᠠᠵᠠᠷ ᠬᠦᠷᠦᠩᠭᠡ ᠶᠢᠨ ᠬᠦᠷᠢᠶᠡᠨ ᠳᠠᠬᠢ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ︾ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠬᠤᠲᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ 2020 ᠣᠨ ᠤ ᠠᠵᠢᠯ ᠤᠨ ᠳ᠋ᠦᠩᠨᠡᠯᠲᠡ ᠶᠢ ᠰᠤᠳᠤᠯᠤᠨ ᠬᠢᠨᠠᠨ ᠵᠥᠪᠯᠡᠪᠡ ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号